︽ᠬᠢᠵᠢᠭ ᠤᠨ ᠪᠠᠶᠢᠳᠠᠯ ᠢ ᠡᠰᠡᠷᠭᠦᠴᠡᠬᠦ ᠳᠤ ᠰᠤᠯᠠᠷᠠᠭᠤᠯᠤᠯ ᠦᠭᠡᠢ︾  ᠪᠥᠬᠦ ᠬᠤᠲᠠ ᠶᠢᠨ 6 ᠲᠦᠮᠡ ᠭᠠᠷᠤᠢ ᠭᠤᠣᠯᠳᠠᠯᠭ᠎ᠠ ᠲᠠᠢ ᠣᠷᠣᠨ ᠪᠦᠰᠡ ᠶᠢᠨ ᠬᠥᠮᠥᠰ ᠪᠦᠭᠡᠮ ᠬᠦᠴᠢᠯ ᠤᠨ ᠪᠠᠶᠢᠴᠠᠭᠠᠯᠲᠠ ᠴᠥᠮ ᠪᠢᠯᠢᠭ ᠴᠢᠨᠠᠷᠲᠠᠢ ᠪᠣᠯᠪᠠ
ᠨᠡᠶᠢᠲᠡᠯᠡᠭᠰᠡᠨ ᠴᠠᠭ᠄
2022/3/1
    ᠤᠯᠤᠰ᠂ ᠥᠪᠡᠷᠲᠡᠭᠡᠨ ᠵᠠᠰᠠᠬᠤ ᠣᠷᠣᠨ᠂ ᠰᠢᠯᠢ ᠶᠢᠨ ᠭᠤᠣᠯ ᠠᠶᠢᠮᠠᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠷᠢᠯᠠᠭᠤᠯᠤᠯᠲᠠ ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠢᠳᠡᠪᠬᠢᠲᠡᠢ ᠠᠷᠭᠠᠴᠠᠬᠤ ᠶᠢᠨ ᠳᠣᠯᠠᠳᠠ᠂ ᠲᠥᠷᠥ ᠶᠢᠨ ᠶᠠᠪᠤᠳᠠᠯ ᠤᠨ ᠬᠤᠷᠢᠶᠠᠨ ᠤ ᠬᠢᠵᠢᠭ ᠤᠨ ᠪᠠᠶᠢᠳᠠᠯ ᠢ ᠬᠠᠮᠲᠤᠷᠠᠨ ᠰᠡᠷᠭᠡᠶᠢᠯᠡᠨ ᠡᠵᠡᠮᠳᠡᠬᠦ ᠲᠣᠭᠲᠠᠴᠠ ᠶᠢᠨ ᠠᠵᠢᠯ ᠤᠨ ᠱᠠᠭᠠᠷᠳᠠᠯᠭ᠎ᠠ ᠶᠢ ᠦᠨᠳᠦᠰᠦᠯᠡᠨ᠂ 2 ᠰᠠᠷ᠎ᠠ ᠶᠢᠨ 27 ᠤ ᠡᠳᠦᠷ᠂ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠠᠴᠠ ᠭᠤᠣᠯᠳᠠᠯᠭ᠎ᠠ ᠲᠠᠢ ᠣᠷᠣᠨ ᠪᠦᠰᠡ  ᠶᠢᠨ ᠬᠥᠮᠥᠰ ᠤᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠠᠶᠢᠴᠠᠭᠠᠨ ᠬᠡᠮᠵᠢᠭᠰᠡᠨ ᠦᠷ᠎ᠡ ᠳ᠋ᠦᠩ ᠨᠢ ᠴᠥᠮ ᠪᠢᠯᠢᠭ ᠴᠢᠨᠠᠷᠲᠠᠢ ᠪᠣᠯᠵᠠᠢ᠃
    ᠭᠡᠰᠡᠭᠴᠢᠯᠡᠨ ᠬᠠᠮᠢᠶᠠᠷᠬᠤ ᠵᠠᠭᠪᠤᠷ ᠶᠣᠰᠣᠭᠠᠷ᠂ ᠮᠠᠨ ᠤ ᠬᠤᠲᠠ ᠰᠠᠭᠤᠭᠠᠯᠢ ᠲᠣᠭᠤᠷᠢᠭ ᠢᠶᠠᠷ ᠨᠢᠭᠡᠴᠢ ᠪᠣᠯᠭᠠᠨ᠂ ᠨᠡᠶᠢᠲᠡ 66 ᠲᠣᠭᠲᠠᠮᠠᠯ ᠥᠯᠢᠭᠡᠷ ᠠᠪᠬᠤ ᠴᠢᠭ ᠭᠠᠷᠭᠠᠵᠤ᠂ ᠰᠢᠯᠵᠢᠮᠡᠯ ᠥᠯᠢᠭᠡᠷ ᠠᠪᠬᠤ  10 ᠳᠤᠭᠤᠶᠢᠯᠠᠩ ᠭᠠᠷᠭᠠᠵᠤ ᠂ 266 ᠨᠡᠷᠡᠰ ᠪᠥᠭᠡᠮ ᠬᠦᠴᠢᠯ ᠤᠨ ᠥᠯᠢᠭᠡᠷ ᠠᠪᠬᠤ ᠡᠮᠨᠡᠯᠭᠡ ᠶᠢᠨ ᠠᠵᠢᠯᠲᠠᠨ ᠢ ᠣᠷᠣᠭᠤᠯᠪᠠ᠃ ᠲᠤᠬᠠᠢ ᠶᠢᠨ ᠡᠳᠦᠷ᠂ ᠡᠯ᠎ᠡ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠨᠡᠶᠢᠭᠡᠮ ᠲᠣᠭᠤᠷᠢᠭ᠂ ᠳᠠᠭᠠᠭᠠᠴᠢᠯᠠᠨ  ᠬᠠᠷᠢᠭᠤᠴᠠᠬᠤ ᠨᠢᠭᠡᠴᠡ ᠶᠢᠨ ᠲᠣᠬᠢᠷᠠᠭᠤᠯᠭ᠎ᠠ ᠳᠣᠣᠷ᠎ᠠ᠂ ᠥᠷᠯᠥᠭᠡ ᠶᠢᠨ 7 ᠴᠠᠭ ᠠᠴᠠ ᠡᠬᠢᠯᠡᠨ᠂ ᠲᠣᠭᠲᠠᠭᠰᠠᠨ ᠪᠥᠭᠡᠮ ᠬᠦᠴᠢᠯ ᠤᠨ ᠥᠯᠢᠭᠡᠷ ᠠᠪᠬᠤ ᠴᠢᠭ ᠲᠤ ᠴᠠᠭ ᠬᠤᠪᠢᠶᠠᠨ ᠡᠮᠬᠢ ᠵᠢᠷᠤᠮ ᠲᠠᠢ ᠪᠠᠷ ᠬᠦᠷᠴᠦ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠪᠡ᠃ ᠣᠯᠠᠨ ᠢᠶᠠᠷ ᠢᠶᠠᠨ ᠠᠮᠠᠪᠴᠢ ᠵᠡᠭᠦᠵᠦ᠂ 1 ᠮᠧᠲᠷ ᠤᠨ ᠵᠠᠢ ᠶᠢ ᠪᠠᠲᠤᠯᠠᠵᠤ᠂ ᠥᠯᠢᠭᠡᠷ ᠠᠪᠴᠤ ᠪᠠᠷᠠᠭᠰᠠᠨ ᠤ ᠳᠠᠷᠠᠭ᠎ᠠ᠂ ᠨᠣᠭᠤᠭᠠᠨ ᠥᠩᠭᠡ ᠶᠢᠨ ᠲᠡᠮᠳᠡᠭ ᠢ ᠠᠪᠴᠤ᠂ ᠲᠠᠯᠠᠪᠤᠷ   ᠠᠴᠠ ᠲᠦᠷᠭᠡᠨ ᠰᠠᠯᠵᠤ᠂ ᠪᠦᠬᠦᠶᠢᠯᠡ ᠶᠠᠪᠤᠴᠠ ᠨᠢ ᠲᠦᠷᠭᠡᠨ ᠪᠥᠭᠡᠳ ᠥᠨᠳᠥᠷ ᠪᠦᠲᠦᠮᠵᠢᠲᠡᠶ ᠪᠠᠶᠢᠪᠠ᠃     ᠡᠨᠡ ᠤᠳᠠᠭᠠᠨ ᠤ ᠪᠥᠭᠡᠮ ᠬᠦᠴᠢᠯ ᠤᠨ ᠪᠠᠶᠢᠴᠠᠭᠠᠨ ᠰᠢᠯᠭᠠᠬᠤ ᠡᠲᠡᠭᠡᠳ ᠪᠣᠯ ᠭᠤᠣᠯᠳᠠᠯᠭ᠎ᠠ ᠲᠠᠢ ᠣᠷᠣᠨ ᠪᠦᠰᠡ  ᠶᠢᠨ ᠪᠣᠶ ᠪᠦᠬᠦᠢ ᠬᠥᠮᠥᠰ ︵ᠡᠷᠢᠶᠡᠨ ᠬᠤᠲᠠ ᠳᠤ ᠪᠠᠶᠢᠭ᠎ᠠ ᠭᠠᠳᠠᠷ ᠣᠷᠣᠨ ᠤ ᠬᠥᠮᠥᠰ ᠪᠠᠭᠲᠠᠨ᠎ᠠ︶ ᠪᠣᠯᠣᠨ᠎ᠠ᠃ ᠪᠠᠶᠢᠴᠠᠭᠠᠨ ᠰᠢᠯᠭᠠᠬᠤ ᠠᠷᠭ᠎ᠠ ᠮᠠᠶ᠋ᠢᠭ ᠨᠢ 10 ᠦᠯᠢᠭᠡᠷ ᠤᠨ ᠭᠡᠪ ᠢ ᠬᠠᠮᠳᠣᠷᠠᠭᠤᠯᠣᠨ ᠪᠠᠶᠢᠴᠠᠭᠠᠨ ᠰᠢᠯᠭᠠᠬᠤ ᠬᠡᠯᠪᠡᠷᠢ ᠶᠢ ᠬᠡᠷᠡᠭᠯᠡᠨ᠎ᠡ᠃ ᠬᠥᠳᠡᠯᠵᠦ ᠪᠠᠷᠢᠬᠤ ᠳᠤ ᠳᠥᠭᠦᠮ ᠦᠭᠡᠢ ᠬᠥᠮᠥᠰ ᠢ ᠭᠡᠷ ᠲᠤ ᠨᠢ ᠬᠦᠷᠴᠦ ᠦᠯᠢᠭᠡᠷ ᠠᠪᠬᠤ ᠠᠷᠭ᠎ᠠ ᠶᠢ ᠬᠡᠷᠡᠭᠵᠢᠭᠦᠯᠵᠦ᠂ ᠣᠷᠬᠢᠭᠳᠠᠭᠤᠯᠬᠤ ᠠᠴᠠ ᠬᠠᠮᠤᠭ ᠤᠨ ᠶᠡᠭᠡ ᠬᠡᠮᠵᠢᠶ᠎ᠡ ᠪᠠᠷ ᠵᠠᠶᠢᠯᠠᠰᠬᠢᠵᠦ᠂ ᠨᠢᠭᠡ ᠡᠷᠦᠬᠡ ᠶᠢ ᠴᠦ ᠣᠷᠬᠢᠭᠳᠠᠭᠤᠯᠬᠤ ᠦᠭᠡᠢ᠂ ᠨᠢᠭᠡ ᠬᠥᠮᠥᠨ ᠢ ᠴᠦ ᠣᠷᠬᠢᠭᠳᠠᠭᠤᠯᠬᠤ ᠦᠭᠡᠢ ᠪᠠᠶᠢᠬᠤ ᠶᠢ ᠪᠠᠳᠣᠯᠠᠭᠰᠠᠨ ᠪᠠᠶᠢᠨ᠎ᠠ᠃ ᠲᠣᠰ ᠤᠳᠠᠭᠠᠨ ᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠳᠤ ︽ᠴᠤᠭᠯᠠᠭᠤᠯᠬᠤ᠂ ᠬᠦᠷᠭᠡᠬᠦ᠂ ᠪᠠᠶᠢᠴᠠᠭᠠᠬᠤ᠂ ᠮᠡᠳᠡᠭᠦᠯᠬᠦ︾ ᠠᠵᠢᠯ ᠤᠨ ᠶᠠᠪᠤᠴᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠪᠥᠬᠦ ᠬᠤᠲᠠ ᠶᠢᠨ 3 ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠲᠤᠷᠰᠢᠯᠲᠠ ᠶᠢᠨ ᠲᠠᠰᠤᠭ ᠪᠠᠶᠢᠴᠠᠭᠠᠨ ᠬᠡᠮᠵᠢᠬᠦ ᠴᠢᠳᠠᠪᠤᠷᠢ ᠪᠠᠨ ᠪᠥᠬᠦ ᠲᠠᠯ᠎ᠠ ᠪᠠᠷ ᠳᠡᠭᠡᠭᠰᠢᠯᠡᠭᠦᠯᠵᠦ᠂ 67596 ᠬᠤᠪᠢ ᠥᠯᠢᠭᠡᠷ ᠡᠳ᠋ ᠤᠨ ᠪᠠᠶᠢᠴᠠᠭᠠᠨ ᠬᠡᠮᠵᠢᠬᠦ ᠡᠭᠦᠷᠭᠡ ᠶᠢ ᠲᠦᠷᠭᠡᠨ ᠪᠡᠶᠡᠯᠡᠭᠦᠯᠵᠦ᠂ ᠪᠠᠶᠢᠴᠠᠭᠠᠨ ᠬᠡᠮᠵᠢᠭᠰᠡᠨ ᠦᠷ᠎ᠡ ᠳ᠋ᠦᠩ ᠨᠢ ᠴᠥᠮ ᠪᠢᠯᠢᠭ ᠴᠢᠨᠠᠷᠲᠠᠢ ᠪᠣᠯᠤᠭᠰᠠᠨ ᠪᠠᠶᠢᠨ᠎ᠠ᠃
    ᠪᠠᠶᠢᠴᠠᠭᠠᠬᠤ ᠶᠣᠰᠣᠲᠠᠢ ᠶᠢ ᠨᠢ ᠪᠦᠬᠦᠨ ᠢ ᠪᠠᠶᠢᠴᠠᠭᠠᠬᠤ ᠶᠢ ᠪᠠᠲᠤᠯᠠᠬᠤ ᠶᠢᠨ ᠳᠣᠯᠠᠳᠠ᠂ ᠮᠠᠨ ᠤ ᠬᠤᠲᠠ ᠵᠣᠬᠢᠶᠠᠨ ᠪᠠᠶᠢᠭᠤᠯᠬᠤ᠂ ᠦᠯᠢᠭᠡᠷ ᠠᠪᠬᠤ᠂ ᠳᠠᠮᠵᠢᠭᠤᠯᠤᠨ ᠲᠡᠭᠡᠭᠡᠪᠦᠷᠢᠯᠡᠬᠦ᠂ ᠪᠠᠶᠢᠴᠠᠭᠠᠨ ᠰᠢᠯᠭᠠᠬᠤ᠂ ᠮᠡᠳᠡᠭᠦᠯᠬᠦ ᠵᠡᠷᠭᠡ ᠡᠯ᠎ᠡ ᠭᠤᠭᠴᠤᠭ᠎ᠠ ᠶᠢᠨ ᠠᠵᠢᠯ ᠢ ᠪᠦᠬᠦ ᠲᠠᠯ᠎ᠠ  ᠪᠠᠷ ᠵᠢᠷᠤᠮᠵᠢᠭᠤᠯᠤᠨ ᠨᠠᠷᠢᠯᠢᠭᠵᠢᠭᠤᠯᠵᠤ᠂ ᠬᠤᠲᠠ ᠶᠢᠨ ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ ᠪᠠᠷ ᠲᠦᠷᠦᠭᠦᠯᠡᠭᠦᠯᠦᠭᠰᠡᠨ ᠪᠥᠭᠡᠮ ᠬᠦᠴᠢᠯ ᠢ ᠪᠠᠶᠢᠴᠠᠭᠠᠨ ᠰᠢᠯᠭᠠᠬᠤ ᠠᠵᠢᠯ ᠤᠨ ᠳᠤᠭᠤᠶᠢᠯᠠᠩ ᠢ ᠪᠠᠶᠢᠭᠤᠯᠵᠤ᠂ ᠳᠣᠣᠷ᠎ᠠ ᠨᠢ ᠨᠢᠭᠡᠳᠦᠯᠲᠡᠢ ᠲᠥᠯᠥᠪᠯᠡᠨ ᠵᠣᠬᠢᠴᠠᠭᠤᠯᠬᠤ᠂ ᠨᠡᠶᠢᠭᠡᠮ ᠤᠨ ᠬᠠᠮᠢᠶᠠᠷᠤᠨ ᠡᠵᠡᠮᠳᠡᠬᠦ᠂ ᠪᠥᠭᠡᠮ ᠬᠦᠴᠢᠯ ᠢ ᠪᠠᠶᠢᠴᠠᠭᠠᠨ ᠰᠢᠯᠭᠠᠬᠤ᠂ ᠡᠮᠴᠢᠯᠡᠭᠡᠨ ᠤ ᠬᠠᠶᠠᠭᠳᠠᠮᠠᠯ ᠪᠣᠳᠠᠰ ᠢ ᠰᠢᠢᠳᠪᠦᠷᠢᠯᠡᠬᠦ᠂ ᠡᠳ᠋ ᠪᠣᠳᠠᠰ ᠢ ᠪᠠᠲᠤᠯᠠᠬᠤ᠂ ᠥᠯᠢᠭᠡᠷ ᠠᠪᠬᠤ ᠶᠢ ᠬᠢᠨᠠᠨ ᠵᠢᠯᠤᠭᠤᠳᠬᠤ ᠵᠡᠷᠭᠡ 6 ᠠᠵᠢᠯᠯᠠᠬᠤ ᠳᠤᠭᠤᠶᠢᠯᠠᠩ ᠢ ᠪᠠᠶᠢᠭᠤᠯᠵᠤ᠂ ᠡᠯ᠎ᠡ ᠳᠤᠭᠤᠶᠢᠯᠠᠩ ᠨᠢ ᠲᠣᠰ ᠲᠣᠰ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠵᠣᠬᠢᠴᠠᠭᠤᠯᠤᠨ ᠬᠤᠯᠪᠤᠭᠠᠯᠠᠨ ᠬᠥᠳᠡᠯᠦᠯᠴᠡᠵᠦ᠂ ᠪᠥᠭᠡᠮ ᠬᠦᠴᠢᠯ ᠢ ᠪᠠᠶᠢᠴᠠᠭᠠᠨ ᠰᠢᠯᠭᠠᠬᠤ ᠠᠵᠢᠯ ᠤᠨ ᠠᠮᠤᠷ ᠲᠦᠪᠰᠢᠨ᠂ ᠡᠮᠬᠢ ᠵᠢᠷᠤᠮ ᠲᠠᠢ᠂ ᠢᠯᠭᠤᠮ ᠤᠷᠤᠭᠰᠢᠲᠠᠢ ᠶᠠᠪᠤᠭᠳᠠᠬᠤ ᠶᠢ ᠪᠠᠳᠣᠯᠠᠪᠠ᠃ ᠡᠮᠴᠢ ᠰᠤᠪᠢᠯᠠᠭᠴᠢᠳ᠂ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ᠂ ᠨᠡᠶᠢᠭᠡᠮ ᠲᠣᠭᠤᠷᠢᠭ ᠪᠣᠯᠣᠨ ᠳᠠᠭᠠᠭᠠᠴᠢᠯᠠᠨ ᠬᠠᠷᠢᠭᠤᠴᠠᠬᠤ ᠨᠢᠭᠡᠴᠡ ᠶᠢᠨ ᠠᠵᠢᠯᠲᠠᠨ᠂ ᠰᠠᠶᠢᠨ ᠳᠤᠷ᠎ᠠ ᠶᠢᠨ ᠦᠢᠯᠡᠴᠢᠯᠡᠭᠴᠢᠳ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠭᠤᠶᠠᠴᠢ ᠦᠭᠡᠢ ᠬᠤᠪᠢ ᠨᠡᠮᠡᠷᠢ ᠦᠵᠡᠭᠦᠯᠵᠦ᠂ ᠰᠠᠭᠤᠭᠠᠯᠢ ᠠᠷᠠᠳ ᠢ ᠡᠮᠬᠢ ᠵᠢᠷᠤᠮ ᠲᠠᠢ ᠪᠠᠷ ᠬᠥᠲᠥᠯᠥᠨ ᠵᠢᠯᠤᠭᠤᠳᠴᠤ ᠮᠥᠷᠯᠡᠨ ᠪᠠᠶᠢᠴᠠᠭᠠᠨ ᠬᠡᠮᠵᠢᠵᠦ᠂ ᠲᠤᠬᠠᠢ ᠶᠢᠨ ᠲᠠᠯᠠᠪᠠᠢ ᠶᠢᠨ ᠡᠮᠬᠢ ᠳᠢᠭᠯᠢᠮ ᠢ ᠬᠠᠮᠠᠭᠠᠯᠠᠵᠤ᠂ ᠪᠥᠭᠡᠮ ᠬᠦᠴᠢᠯ ᠤᠨ ᠪᠠᠶᠢᠴᠠᠭᠠᠨ ᠬᠡᠮᠵᠢᠬᠦ ᠡᠯ᠎ᠡ ᠵᠦᠢᠯ ᠤᠨ ᠠᠵᠢᠯ  ᠳᠤ ᠬᠠᠮᠵᠢᠯᠴᠠᠪᠠ᠃ ᠰᠠᠭᠤᠭᠠᠯᠢ ᠠᠷᠠᠳ ᠢᠳᠡᠪᠬᠢᠲᠡᠢ ᠳᠡᠮᠵᠢᠵᠦ᠂ ᠰᠠᠨᠠᠭᠠᠴᠢᠯᠠᠭ᠎ᠠ   ᠠᠴᠠ ᠪᠠᠨ ᠬᠠᠮᠵᠢᠯᠴᠠᠨ᠂ 7 ᠴᠠᠭ ᠤᠨ ᠳᠣᠲᠣᠷ᠎ᠠ ᠥᠯᠢᠭᠡᠷ ᠠᠪᠬᠤ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠪᠡ᠃
   ᠣᠳᠣᠬᠠᠨ ᠳᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠮᠥᠨ ᠬᠦ ᠬᠦᠨᠳᠦ ᠨᠣᠴᠢᠲᠠᠢ ᠪᠠᠶᠢᠵᠤ᠂ ᠥᠪᠡᠷᠲᠡᠭᠡᠨ ᠵᠠᠰᠠᠬᠤ ᠣᠷᠣᠨ ᠤ ᠳᠣᠲᠣᠷ᠎ᠠ ᠬᠡᠰᠡᠭ ᠪᠤᠰᠠᠭ ᠢᠶᠠᠷ ᠲᠠᠷᠬᠠᠵᠤ ᠪᠠᠶᠢᠭ᠎ᠠ ᠡᠪᠡᠳᠴᠢᠨ ᠤ ᠵᠢᠱᠢᠶ᠎ᠡ ᠮᠥᠨ ᠬᠦ ᠡᠭᠦᠰᠴᠦ ᠪᠠᠶᠢᠨ᠎ᠠ᠂ ᠣᠯᠠᠨ ᠢᠶᠠᠷ ᠢᠶᠠᠨ ᠡᠷᠬᠡᠪᠰᠢ ᠥᠪᠡᠷ ᠢ ᠪᠠᠨ ᠰᠠᠶᠢᠲᠤᠷ ᠬᠠᠮᠠᠭᠠᠯᠠᠵᠤ᠂ ᠴᠢᠬᠤᠯᠠ ᠦᠭᠡᠢ ᠪᠣᠯ ᠭᠠᠳᠠᠭᠰᠢ ᠭᠠᠷᠬᠤ ᠦᠭᠡᠢ ᠪᠠᠶᠢᠵᠤ᠂ ᠨᠡᠶᠢᠭᠡᠮ ᠲᠣᠭᠤᠷᠢᠭ ᠤᠨ ᠬᠠᠮᠢᠶᠠᠷᠤᠯᠲᠠ ᠡᠵᠡᠮᠳᠡᠯ ᠢ ᠳᠠᠭᠠᠵᠤ᠂ ᠠᠮᠠᠪᠴᠢ ᠵᠡᠭᠦᠬᠦ᠂ ᠭᠠᠷ ᠢᠶᠠᠨ ᠦᠷᠭᠦᠯᠵᠢ ᠤᠬᠢᠶᠠᠬᠤ᠂ ᠰᠠᠯᠬᠢ ᠢᠯᠡᠭᠦᠬᠡᠨ ᠨᠡᠪᠲᠡᠷᠡᠭᠦᠯᠬᠦ᠂ ᠪᠥᠭᠡᠮᠨᠡᠷᠡᠬᠦ ᠦᠭᠡᠢ᠂ ᠨᠢᠭᠡ ᠮᠧᠲᠷ ᠤᠨ ᠱᠤᠭᠤᠮ ᠵᠡᠷᠭᠡ ᠰᠠᠶᠢᠨ ᠰᠠᠶᠢᠬᠠᠨ ᠠᠮᠢᠳᠤᠷᠠᠯ ᠤᠨ ᠳᠠᠳᠬᠠᠯ ᠢ ᠴᠢᠩᠭ᠎ᠠ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠲᠤ ᠪᠠᠬᠢ ᠰᠡᠷᠭᠡᠶᠢᠯᠡᠯᠲᠡ ᠶᠢᠨ ᠱᠤᠭᠤᠮ ᠢ ᠬᠠᠮᠲᠤ ᠪᠠᠷ ᠪᠠᠶᠢᠭᠤᠯᠬᠤ ᠬᠡᠷᠡᠭᠲᠡᠢ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号