ᠡᠷᠢᠶᠡᠨ ᠬᠤᠲᠠ ᠶᠢᠨ ᠪᠣᠭᠤᠮᠲᠠ ᠶᠢᠨ ︽ᠰᠠᠭᠠᠳ ᠦᠭᠡᠢ ᠨᠡᠪᠲᠡᠷᠡᠬᠦ ᠵᠠᠮ︾ ᠢᠶᠠᠷ ᠭᠠᠳᠠᠭᠠᠳᠤ ᠳᠤ ᠨᠡᠶᠢᠲᠡ 36.4 ᠲᠦᠮᠡᠨ ᠲᠣᠨ ᠵᠢᠮᠢᠰ ᠨᠣᠭᠤᠭ᠎ᠠ ᠶᠢ ᠭᠠᠷᠭᠠᠪᠠ
ᠨᠡᠶᠢᠲᠡᠯᠡᠭᠰᠡᠨ ᠴᠠᠭ᠄
2022/3/17
    ᠡᠷᠢᠶᠡᠨ ᠬᠤᠲᠠ ᠶᠢᠨ ᠪᠣᠭᠤᠮᠲᠠ ᠶᠢᠨ ᠪᠦᠷᠢᠳᠬᠡᠯ ᠢ ᠦᠨᠳᠦᠰᠦᠯᠡᠪᠡᠯ᠂ 2018 ᠣᠨ ᠳᠤ ᠳᠤᠮᠳᠠᠳᠤ ᠮᠣᠩᠭᠤᠯ ᠤᠨ ᠲᠠᠷᠢᠶᠠᠯᠠᠩ ᠤᠨ ᠪᠦᠲᠦᠭᠡᠭᠳᠡᠬᠦᠨ ᠤ ᠭᠠᠳᠠᠭᠠᠳᠤ ᠭᠠᠷᠭᠠᠯᠲᠠ ᠶᠢᠨ ︽ᠰᠠᠭᠠᠳ ᠦᠭᠡᠢ ᠨᠡᠪᠲᠡᠷᠡᠬᠦ ᠵᠠᠮ︾ ᠢ ᠨᠡᠭᠡᠭᠡᠭᠰᠡᠨ ᠠᠴᠠ 2022 ᠣᠨ ᠤ 2 ᠰᠠᠷ᠎ᠠ ᠶᠢᠨ ᠰᠡᠭᠦᠯᠴᠢ ᠪᠣᠯᠲᠠᠯ᠎ᠠ᠂ ᠪᠣᠭᠤᠮᠲᠠ ᠶᠢᠨ ᠬᠢᠨᠠᠨ ᠬᠠᠮᠢᠶᠠᠷᠴᠤ ᠭᠠᠳᠠᠭᠠᠳᠤ ᠳᠤ ᠭᠠᠷᠭᠠᠭᠰᠠᠨ ᠵᠢᠮᠢᠰ ᠨᠣᠭᠤᠭ᠎ᠠ ᠨᠡᠶᠢᠲᠡ 36.4 ᠲᠦᠮᠡᠨ ᠲᠣᠨ ᠬᠦᠷᠴᠦ᠂ ᠠᠷᠠᠯᠵᠢᠶᠠᠨ ᠤ ᠬᠡᠮᠵᠢᠶ᠎ᠡ ᠨᠢ 4.23 ᠳ᠋ᠦᠩᠰᠢᠭᠤᠷ ᠲᠥᠭᠦᠷᠢᠭ ᠲᠤ ᠬᠦᠷᠴᠡᠢ᠃
     ᠣᠶᠢᠷ᠎ᠠ ᠳᠤ᠂ ᠲᠥᠪᠡᠳ ᠬᠠᠰᠢ᠂ ᠥᠷᠭᠡᠰᠦᠲᠦ ᠬᠡᠮᠬᠡ᠂ ᠠᠯᠮᠤᠷᠠᠳ᠂ ᠵᠦᠷᠵᠢ ᠵᠡᠷᠭᠡ ᠰᠢᠨ᠎ᠡ ᠰᠣᠷᠭᠤᠭ ᠵᠢᠮᠢᠰ ᠨᠣᠭᠤᠭ᠎ᠠ ᠶᠢ ᠳᠦᠭᠦᠷᠲᠡᠯ᠎ᠡ ᠲᠡᠭᠡᠭᠡᠭᠰᠡᠨ 12 ᠪᠠᠷᠠᠭᠠᠨ ᠤ ᠮᠠᠰᠢᠨ ᠲᠡᠷᠭᠡ ᠪᠣᠭᠤᠮᠲᠠ ᠪᠠᠷ ᠥᠩᠭᠡᠷᠡᠬᠦ ᠶᠢ ᠪᠠᠶᠢᠴᠠᠭᠠᠨ ᠰᠢᠯᠭᠠᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠬᠤᠯᠪᠣᠭᠳᠠᠯ ᠪᠦᠬᠦᠢ ᠠᠵᠢᠯ ᠢ ᠰᠠᠶᠢᠲᠤᠷ ᠬᠢᠭᠰᠡᠨ ᠤ ᠳᠠᠷᠠᠭ᠎ᠠ᠂ ᠬᠤᠸ ᠭᠠᠩ ᠵᠢᠮᠢᠰ ᠨᠣᠭᠤᠭ᠎ᠠ ᠠᠮᠤ ᠲᠣᠰᠣ ᠶᠢ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ ᠬᠦᠷᠢᠶᠡᠯᠡᠩ ᠲᠣᠭᠤᠷᠢᠭ ᠠᠴᠠ ᠵᠠᠰᠠᠮᠠᠯ ᠵᠠᠮ ᠤᠨ ᠪᠣᠭᠤᠮᠲᠠ ᠶᠢᠨ ᠲᠡᠭ ᠺᠢᠯᠣᠮᠧᠲᠷ ᠤᠨ ᠴᠢᠭ ᠲᠤ ᠠᠯᠭᠤᠷᠬᠠᠨ ᠢᠶᠠᠷ ᠬᠦᠷᠴᠦ᠂ ᠳᠡᠭᠦᠵᠢᠯᠡᠨ ᠣᠭᠰᠠᠷᠠᠵᠦ ᠳᠠᠭᠤᠰᠬᠠᠭᠰᠠᠨ ᠤ ᠳᠠᠷᠠᠭ᠎ᠠ ᠮᠣᠩᠭᠤᠯ ᠤᠯᠤᠰ ᠣᠷᠣᠭᠤ ᠠᠮᠵᠢᠯᠲᠠ ᠲᠠᠢ ᠭᠠᠷᠭᠠᠨ᠎ᠠ᠃      ᠡᠷᠢᠶᠡᠨ ᠪᠣᠭᠤᠮᠳᠠ ᠨᠢ ᠳᠤᠮᠳᠠᠳᠤ ᠮᠣᠩᠭᠤᠯ ᠬᠤᠶᠠᠷ ᠤᠯᠤᠰ ᠤᠨ ᠬᠠᠮᠤᠭ ᠤᠨ ᠶᠡᠭᠡ ᠬᠠᠭᠤᠷᠠᠢ ᠵᠠᠮ ᠤᠨ ᠪᠣᠭᠤᠮᠲᠠ ᠪᠣᠯᠤᠭᠰᠠᠨ ᠤ ᠬᠤᠪᠢ ᠳᠤ᠂ ᠡᠷᠢᠶᠡᠨ ᠬᠤᠲᠠ ᠶᠢᠨ ᠪᠣᠭᠤᠮᠲᠠ ᠪᠠᠷ ᠮᠣᠩᠭᠤᠯ ᠤᠯᠤᠰ ᠤᠨ ᠢᠳᠡᠰᠢᠨ ᠨᠣᠭᠤᠭ᠎ᠠ ᠵᠢᠮᠢᠰ ᠢ ᠭᠠᠳᠠᠭᠠᠳᠤ ᠳᠤ ᠭᠠᠷᠭᠠᠬᠤ ᠨᠢ ᠬᠤᠶᠠᠷ ᠤᠯᠤᠰ ᠤᠨ ᠡᠨᠡ ᠲᠥᠷᠥᠯ ᠤᠨ ᠠᠷᠠᠯᠵᠢᠶᠠᠨ ᠤ 80% ᠶᠢ ᠡᠵᠡᠯᠡᠵᠦ ᠪᠣᠶ᠃ 2018 ᠣᠨ ᠳᠤ ᠳᠤᠮᠳᠠᠳᠤ ᠮᠣᠩᠭᠤᠯ ᠤᠨ ᠲᠠᠷᠢᠶᠠᠯᠠᠩ ᠤᠨ ᠪᠦᠲᠦᠭᠡᠭᠳᠡᠬᠦᠨ ᠤ ︽ᠰᠠᠭᠠᠳ ᠦᠭᠡᠢ ᠨᠡᠪᠲᠡᠷᠡᠬᠦ ᠵᠠᠮ︾ ᠢ ᠨᠡᠪᠲᠡᠷᠡᠭᠦᠯᠦᠭᠰᠡᠨ ᠠᠴᠠ ᠨᠠᠰᠢ᠂ ᠡᠷᠢᠶᠡᠨ ᠪᠣᠭᠤᠮᠲᠠ ᠶᠢᠨ ᠬᠢᠨ ᠭᠠᠳᠠᠭᠠᠳᠤ ᠳᠤ ᠭᠠᠷᠭᠠᠬᠤ ᠵᠢᠮᠢᠰ ᠨᠣᠭᠤᠭ᠎ᠠ ᠶᠢᠨ ᠬᠠᠭᠤᠳᠠᠰᠤ ᠶᠢ ᠤᠷᠢᠳ ᠢᠶᠠᠷ ᠬᠢᠨᠠᠨ ᠪᠠᠶᠢᠴᠠᠭᠠᠬᠤ᠂ ︽ᠳᠣᠬᠠᠢ ᠶᠢᠨ ᠳᠠᠯᠠᠪᠣᠷ ᠲᠤ ᠪᠢᠲᠡᠭᠦᠮᠵᠢᠯᠡᠬᠦ ︱ ᠭᠠᠷᠴᠠ ᠪᠠᠷ ᠰᠢᠭᠤᠳ ᠶᠠᠪᠤᠭᠤᠯᠬᠤ︾ ︽ᠵᠠᠰᠠᠮᠠᠯ ᠵᠠᠮ ᠢᠶᠠᠷ ᠳᠠᠮᠵᠢᠭᠤᠯᠣᠨ ᠲᠡᠮᠦᠷ ᠵᠠᠮ ᠢᠶᠠᠷ ᠲᠡᠭᠡᠭᠡᠪᠦᠷᠢᠯᠡᠬᠦ︾ ᠵᠡᠷᠭᠡ ᠰᠠᠭᠠᠳ ᠦᠭᠡᠢ ᠨᠡᠪᠲᠡᠷᠡᠬᠦ ᠵᠠᠮ ᠤᠨ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠵᠢᠮᠢᠰ ᠨᠣᠭᠤᠭ᠎ᠠ ᠶᠢᠨ ᠭᠠᠳᠠᠭᠠᠳᠤ ᠭᠠᠷᠭᠠᠯᠲᠠ ᠶᠢᠨ ᠪᠣᠭᠤᠮᠲᠠ ᠪᠠᠷ ᠥᠩᠭᠡᠷᠡᠬᠦ ᠳᠤᠮᠳᠠᠴᠢ ᠴᠠᠭ ᠢ 30 ᠮᠢᠨᠦ᠋ᠲ ᠪᠣᠯᠭᠠᠨ ᠪᠠᠭᠠᠰᠬᠠᠵᠤ᠂ ᠪᠠᠶᠢᠴᠠᠭᠠᠨ ᠰᠢᠯᠭᠠᠬᠤ ᠵᠠᠷᠯᠢᠭ ᠦᠭᠡᠢ ᠵᠢᠮᠢᠰ ᠨᠣᠭᠤᠭ᠎ᠠ ᠶᠢᠨ ᠪᠣᠭᠤᠮᠲᠠ ᠪᠠᠷ ᠥᠩᠭᠡᠷᠡᠬᠦ ᠳᠤᠮᠳᠠᠴᠢ ᠴᠠᠭ ᠢ 30 ᠰᠧᠺᠦ᠋ᠨ᠋ᠳ᠋ ᠪᠣᠯᠭᠠᠨ ᠪᠣᠭᠤᠨᠢᠰᠬᠠᠵᠤ ᠪᠣᠯᠣᠨ᠎ᠠ᠃      ᠣᠶᠢᠯᠠᠭᠠᠭᠰᠠᠨ ᠢᠶᠠᠷ᠂ ᠳᠤᠮᠳᠠᠳᠤ ᠮᠣᠩᠭᠤᠯ ᠤᠨ ᠲᠠᠷᠢᠶᠠᠯᠠᠩ ᠤᠨ ᠪᠦᠲᠦᠭᠡᠭᠳᠡᠬᠦᠨ ᠤ ᠰᠠᠭᠠᠳ ᠦᠭᠡᠢ ᠨᠡᠪᠲᠡᠷᠡᠬᠦ ᠵᠠᠮ ᠵᠢᠴᠢ ᠬᠤᠯᠪᠣᠭᠳᠠᠯ ᠪᠦᠬᠦᠢ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠪᠠᠷ ᠳᠡᠮᠵᠢᠨ᠂ ᠰᠢᠨ᠎ᠡ ᠰᠣᠷᠭᠤᠭ ᠵᠢᠮᠢᠰ ᠨᠣᠭᠤᠭ᠎ᠠ ᠲᠡᠭᠡᠭᠡᠭᠰᠡᠨ ᠴᠢᠩᠭᠡᠯᠢᠭᠳᠦ ᠪᠠᠷᠠᠭᠠᠨ ᠤ ᠲᠡᠷᠭᠡ ᠶᠢ ᠥᠷᠯᠥᠭᠡ ᠨᠢ ᠲᠡᠷᠭᠡᠨ ᠳᠤ ᠲᠡᠭᠡᠭᠡᠵᠦ᠂ ᠦᠳᠡ ᠶᠢᠨ ᠬᠤᠶᠢᠨ᠎ᠠ  ᠨᠢ ᠬᠢᠯᠢ ᠠᠴᠠ ᠭᠠᠷᠭᠠᠵᠤ᠂ ᠳᠠᠷᠠᠭ᠎ᠠ ᠡᠳᠦᠷ ᠤᠨ ᠣᠷᠣᠢ ᠨᠢ ᠳᠠᠷᠤᠢ ᠮᠣᠩᠭᠤᠯ ᠤᠯᠤᠰ ᠤᠨ ᠤᠯᠠᠭᠠᠨᠪᠠᠭᠠᠲᠤᠷ ᠤᠨ ᠵᠠᠬ᠎ᠠ ᠳᠡᠯᠭᠡᠭᠦᠷ ᠤᠨ ᠡᠯ᠎ᠡ ᠲᠣᠮᠣ ᠪᠠᠷᠠᠭᠠᠨ ᠤ ᠲᠠᠯᠪᠢᠭᠤᠷ ᠲᠤ ᠭᠠᠷᠭᠠᠵᠤ ᠪᠣᠯᠣᠨ᠎ᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号