ᠡᠷᠢᠶᠡᠨ ᠬᠤᠲᠠ ᠨᠢ ᠤᠯᠤᠰ ᠤᠨ ᠳᠤᠮᠳᠠᠳᠤ ᠡᠸᠦ᠋ᠷᠦᠫᠡ ᠶᠢᠨ ᠡᠭᠡᠯᠵᠢᠨ ᠤ ᠭᠠᠯᠳᠦ ᠲᠡᠷᠭᠡ ᠶᠢᠨ ᠬᠢᠯᠢ ᠪᠠᠷ ᠣᠷᠣᠵᠤ | ᠭᠠᠷᠬᠤ ︽ᠳᠤᠮᠳᠠ ᠵᠠᠮ︾ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠳᠤᠮᠳᠠᠳᠤ ᠡᠸᠦ᠋ᠷᠦᠫᠡ ᠶᠢᠨ ᠡᠭᠡᠯᠵᠢᠨ ᠤ | ᠭᠠᠯᠳᠦ ᠲᠡᠷᠭᠡ ᠶᠢᠨ ᠪᠣᠭᠤᠮᠲᠠ ᠪᠠᠷ ᠥᠩᠭᠡᠷᠡᠬᠦ ᠦᠢᠯᠡᠴᠢᠯᠡᠭᠡᠨ ᠤ ᠴᠢᠳᠠᠪᠤᠷᠢ ᠶᠢ ᠲᠠᠰᠤᠷᠠᠯᠲᠠ ᠦᠭᠡᠢ ᠰᠢᠯᠢᠳᠡᠭᠵᠢᠭᠦᠯᠦᠨ᠂ | ᠳᠤᠮᠳᠠᠳᠤ ᠡᠸᠦ᠋ᠷᠦᠫᠡ ᠶᠢᠨ ᠡᠭᠡᠯᠵᠢᠨ ᠤ ᠭᠠᠯᠳᠦ ᠲᠡᠷᠭᠡ ᠶᠢᠨ ᠪᠣᠭᠤᠮᠲᠠ ᠪᠠᠷ ᠥᠩᠭᠡᠷᠡᠬᠦ ᠬᠤᠷᠳᠤᠴᠠ ᠶᠢ ᠳᠡᠭᠡᠭᠰᠢᠯᠡᠭᠦᠯᠵᠦ᠂ | ᠭᠠᠳᠠᠭᠠᠳᠤ ᠠᠷᠠᠯᠵᠢᠶᠠᠨ ᠤ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ᠂ ᠰᠢᠨ᠎ᠡ ᠵᠠᠭᠪᠤᠷ᠂ ᠰᠢᠨ᠎ᠡ ᠨᠡᠮᠡᠭᠳᠡᠯ ᠤᠨ ᠴᠡᠭ ᠤᠨ | ᠲᠦᠷᠭᠡᠨ ᠪᠦᠷᠢᠯᠳᠦᠬᠦ ᠶᠢ ᠲᠦᠯᠬᠢᠨ ᠠᠬᠢᠭᠤᠯᠪᠠ᠃ | ᠣᠶᠢᠷ᠎ᠠ ᠳᠤ᠂ ᠹᠦᠵᠢᠶᠠᠨ ᠤ ᠫᠦᠲ᠋ᠢᠶᠠᠨ ᠠᠴᠠ ᠡᠬᠢᠯᠡᠭᠰᠡᠨ 1293 ᠤᠳᠠᠭ᠎ᠠ ᠶᠢᠨ ᠳᠤᠮᠳᠠᠳᠤ ᠡᠸᠦ᠋ᠷᠦᠫᠡ ᠶᠢᠨ | ᠡᠬᠡᠯᠵᠢᠨ ᠤ ᠭᠠᠯᠳᠦ ᠲᠡᠷᠭᠡ᠂ 42 ᠴᠢᠩᠬᠡᠯᠢᠭᠳᠦ ᠭᠡᠷ ᠤᠨ ᠴᠠᠬᠢᠯᠭᠠᠨ ᠬᠡᠷᠡᠭᠰᠡᠯ ᠪᠣᠯᠣᠨ ᠮᠠᠰᠢᠨ ᠲᠡᠷᠭᠡᠨ ᠤ ᠰᠡᠯᠪᠢᠭ | ᠲᠤᠨᠤᠭ ᠢ ᠳᠦᠭᠦᠷᠲᠡᠯ᠎ᠡ ᠲᠡᠭᠡᠭᠡᠵᠦ᠂ ᠡᠷᠢᠶᠡᠨ ᠬᠤᠳᠠ ᠶᠢᠨ ᠲᠡᠮᠦᠷ ᠵᠠᠮ ᠤᠨ ᠪᠣᠭᠤᠮᠲᠠ ᠪᠠᠷ ᠬᠢᠯᠢ ᠠᠴᠠ ᠭᠠᠷᠴᠤ᠂ | ᠫᠤᠯᠠᠨᠳ᠋ ᠤᠨ ᠮᠠᠯᠠᠱᠥᠸᠢᠴᠢ ᠵᠦᠭ ᠠᠶᠠᠯᠠᠪᠠ᠃ ᠡᠨᠡ ᠪᠣᠯ ᠡᠨᠡ ᠵᠢᠯ ᠡᠷᠢᠶᠡᠨ ᠬᠤᠳᠠ ᠶᠢᠨ ᠲᠡᠮᠦᠷ ᠵᠠᠮ ᠤᠨ ᠪᠣᠭᠤᠮᠲᠠ ᠪᠠᠷ | ᠬᠢᠯᠢ ᠪᠠᠷ ᠣᠷᠣᠵᠤ ᠭᠠᠷᠬᠤ 500 ᠳ᠋ᠤᠭᠠᠷ ᠴᠤᠪᠤᠭ᠎ᠠ ᠳᠤᠮᠳᠠᠳᠤ ᠡᠸᠦ᠋ᠷᠦᠫᠡ ᠶᠢᠨ ᠡᠬᠡᠯᠵᠢᠨ ᠤ ᠭᠠᠯᠳᠦ ᠲᠡᠷᠭᠡ ᠪᠣᠯᠣᠨ᠎ᠠ᠃ | ᠲᠡᠮᠦᠷ ᠵᠠᠮ ᠤᠨ ᠠᠵᠢᠯᠲᠠᠨ ᠰᠤᠷᠪᠤᠯᠵᠢᠯᠠᠭᠴᠢ ᠳᠤ ᠬᠡᠯᠡᠬᠦ ᠳᠡᠭᠡᠨ᠂ 2021 ᠣᠨ ᠳᠤ ᠡᠷᠢᠶᠡᠨ ᠲᠡᠮᠦᠷ ᠵᠠᠮ ᠤᠨ | ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠪᠠᠷᠠᠭ᠎ᠠ ᠲᠡᠭᠡᠭᠡᠪᠦᠷᠢ ᠶᠢᠨ ᠬᠡᠮᠵᠢᠶ᠎ᠡ ᠳᠠᠬᠢᠨᠲᠠ | 1600 ᠲᠦᠮᠡᠨ ᠲᠣᠨ ᠢ ᠳᠠᠪᠠᠵᠤ᠂ ᠬᠢᠯᠢ ᠪᠠᠷ ᠣᠷᠣᠵᠤ ᠭᠠᠷᠬᠤ ᠳᠤᠮᠳᠠᠳᠤ ᠡᠸᠦ᠋ᠷᠦᠫᠡ ᠶᠢᠨ ᠡᠭᠡᠯᠵᠢ ᠶᠢᠨ ᠭᠠᠯᠳᠦ | ᠲᠡᠷᠭᠡ ᠶᠢ ᠵᠠᠯᠭᠠᠪᠡᠷ 2739 ᠣᠳᠠᠭ᠎ᠠ ᠨᠡᠪᠳᠡᠷᠡᠬᠦᠯᠵᠦ᠂ ᠠᠳᠠᠯᠢ ᠬᠤᠭᠤᠴᠠᠭᠠᠨ ᠤ ᠬᠢ ᠠᠴᠠ 15.1% ᠪᠠᠷ | ᠨᠡᠮᠡᠭᠳᠡᠪᠡ ᠃ ᠡᠭᠦᠨ ᠤ ᠬᠠᠮᠲᠤ ᠳᠤᠮᠳᠠᠳᠤ ᠡᠸᠦ᠋ᠷᠦᠫᠡ ᠶᠢᠨ ᠡᠭᠡᠯᠵᠢ ᠶᠢᠨ ᠭᠠᠯᠳᠦ ᠲᠡᠷᠭᠡ ᠶᠢᠨ ᠪᠣᠭᠤᠮᠲᠠ ᠪᠠᠷ ᠥᠩᠭᠡᠷᠡᠬᠦ | ᠦᠢᠯᠡᠴᠢᠯᠡᠭᠡᠨ ᠤ ᠴᠢᠳᠠᠪᠤᠷᠢ ᠶᠢ ᠦᠷᠭᠦᠯᠵᠢᠯᠡᠨ ᠰᠢᠯᠢᠳᠡᠭᠵᠢᠭᠦᠯᠵᠦ᠂ ᠪᠣᠭᠤᠮᠲᠠ ᠶᠢᠨ ᠦᠷᠳᠡᠭᠡ ᠶᠢᠨ ᠬᠢᠯᠢ ᠪᠠᠷ ᠣᠷᠣᠵᠤ | ᠭᠠᠷᠬᠤ ᠭᠠᠯᠳᠦ ᠲᠡᠷᠭᠡ ᠶᠢ ᠲᠤᠰᠴᠤ ᠲᠡᠭᠡᠭᠡᠪᠦᠷᠢᠯᠡᠬᠦ ᠴᠢᠳᠠᠪᠤᠷᠢ ᠶᠢ ᠴᠢᠨᠠᠭᠰᠢᠳᠠ ᠦᠷᠬᠦᠯᠵᠢᠯᠡᠨ ᠳᠡᠭᠡᠭᠰᠢᠯᠡᠭᠦᠯᠦᠨ᠎ᠡ ᠭᠡᠪᠡ᠃ | | | | ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠯᠢ ᠶᠢᠨ ᠭᠤᠣᠯ ᠠᠶᠢᠮᠠᠭ ᠤᠨ ᠨᠠᠮ ᠤᠨ ᠬᠤᠷᠢᠶ᠎ᠠ ᠶᠢᠨ 2022 | ᠣᠨ ᠤ ᠨᠢᠭᠡᠳᠦᠭᠡᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠵᠢᠴᠢ ᠪᠥᠬᠦ ᠠᠶᠢᠮᠠᠭ ᠤᠨ ᠠᠵᠤ ᠠᠬᠤᠢ ᠶᠢᠨ ᠠᠵᠢᠯ ᠤᠨ | ᠬᠤᠷᠠᠯᠳᠤᠭᠠᠨ ᠠᠴᠠ ᠨᠡᠭᠡᠭᠡᠯᠲᠡ ᠬᠢᠵᠦ ᠬᠠᠮᠲᠤᠷᠠᠯᠴᠠᠬᠤ ᠬᠢᠷᠢ ᠲᠦᠪᠰᠢᠨ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ | ︽ᠵᠠᠮ ᠥᠩᠭᠡᠷᠡᠬᠦ ᠠᠵᠤ ᠠᠬᠤᠢ︾ ᠶᠢᠨ ︽ᠪᠣᠳᠠᠲᠠᠶᠢᠵᠢᠭᠰᠠᠨ ᠠᠵᠤ ᠠᠬᠤᠢ︾ ᠳᠠᠰᠢ ᠬᠡᠯᠪᠡᠷᠢ ᠪᠠᠨ ᠬᠤᠪᠢᠷᠠᠭᠤᠯᠬᠤ ᠶᠢ | ᠠᠬᠢᠭᠤᠯᠬᠤ ᠬᠡᠷᠡᠭᠲᠡᠢ ᠭᠡᠵᠦ ᠳᠤᠷᠠᠳᠤᠨ ᠭᠠᠷᠭᠠᠪᠠ᠃ ᠡᠷᠢᠶᠡᠨ ᠬᠤᠳᠠ ᠶᠢᠨ ᠬᠢᠨ ᠬᠤᠷᠠᠯ ᠠᠴᠠ ᠲᠣᠭᠲᠠᠭᠠᠭᠰᠠᠨ | ᠬᠥᠭᠵᠢᠯᠲᠡ ᠶᠢᠨ ᠬᠠᠷᠠᠯᠲᠠ ᠶᠣᠰᠣᠭᠠᠷ᠂ ᠪᠣᠭᠤᠮᠲᠠ ᠶᠢᠨ ᠠᠮᠤᠷ ᠲᠦᠪᠰᠢᠨ ᠰᠠᠭᠠᠳ ᠦᠭᠡᠢ ᠨᠡᠪᠲᠡᠷᠡᠬᠦ ᠶᠢ ᠪᠠᠲᠤᠯᠠᠬᠤ᠂ | ᠦᠷ᠎ᠡ ᠪᠦᠲᠦᠮᠵᠢ ᠶᠢ ᠳᠡᠭᠡᠭᠰᠢᠯᠡᠭᠦᠯᠬᠦ ᠰᠠᠭᠤᠷᠢᠨ ᠳᠡᠭᠡᠷ᠎ᠡ ᠂ ᠤᠯᠤᠰ ᠤᠨ ᠭᠤᠣᠯᠳᠠᠯᠭ᠎ᠠ ᠲᠠᠢ ᠬᠦᠭᠵᠢᠬᠦᠯᠦᠯᠳᠠ ᠨᠡᠭᠡᠭᠡᠯᠲᠡ | ᠶᠢᠨ ᠲᠤᠷᠰᠢᠯᠲᠠ ᠶᠢᠨ ᠳᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠠᠵᠤ ᠠᠬᠤᠢ | ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠦᠷᠭᠦᠯᠵᠢᠯᠡᠨ ᠠᠬᠢᠭᠤᠯᠣᠨ᠎ᠠ᠃ | ᠡᠷᠢᠶᠡᠨ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠸᠠᠩ ᠳ᠋ᠦᠩ ᠱᠧᠩ᠄ ︽ᠤᠯᠤᠰ ᠤᠨ | ᠭᠤᠣᠯᠳᠠᠯᠭ᠎ᠠ ᠲᠠᠢ ᠬᠦᠭᠵᠢᠬᠦᠯᠦᠯᠳᠠ ᠨᠡᠭᠡᠭᠡᠯᠲᠡ ᠶᠢᠨ ᠲᠤᠷᠰᠢᠯᠲᠠ ᠶᠢᠨ ᠳᠣᠭᠤᠷᠢᠭ ᠤᠨ ᠪᠦᠲᠦᠭᠡᠨ ᠪᠠᠶᠢᠭᠤᠯᠤᠯᠲᠠ ᠶᠢ | ᠲᠦᠷᠭᠡᠳᠬᠡᠵᠦ᠂ ︿ᠭᠤᠷᠪᠠᠨ ᠳᠣᠭᠤᠷᠢᠭ﹀ ᠤᠨ ᠪᠦᠲᠦᠭᠡᠨ ᠪᠠᠶᠢᠭᠤᠯᠤᠯᠲᠠ ᠬᠥᠭᠵᠢᠯᠲᠡ ᠶᠢ ᠨᠢᠭᠡᠳᠦᠯᠲᠡᠢ ᠲᠥᠯᠥᠪᠯᠡᠨ᠎ᠡ᠃ | ᠳᠤᠮᠳᠠᠳᠤ ᠮᠣᠩᠭᠤᠯ ᠤᠨ ᠠᠵᠤ ᠠᠬᠤᠢ ᠶᠢᠨ ᠬᠠᠮᠲᠤᠷᠠᠯᠴᠠᠭᠠᠨ ᠤ ᠳᠣᠭᠤᠷᠢᠭ ᠤᠨ ᠲᠠᠯ᠎ᠠ ᠪᠠᠷ᠂ ᠮᠣᠩᠭᠤᠯ ᠤᠯᠤᠰ ᠤᠨ ᠶᠡᠭᠡ | ᠵᠥᠪᠯᠡᠯᠭᠡᠨ ᠤ ᠬᠤᠷᠠᠯ ᠠᠴᠠ ᠬᠤᠶᠠᠷ ᠤᠯᠤᠰ ᠤᠨ ᠵᠠᠰᠠᠭ ᠤᠨ ᠣᠷᠳᠣᠨ ᠤ ᠬᠤᠭᠤᠷᠣᠨᠳᠣᠬᠢ ᠬᠡᠯᠡᠯᠴᠡᠭᠡᠷ ᠢ ᠵᠥᠪᠰᠢᠶᠡᠷᠡᠬᠦ | ᠲᠣᠬᠢᠶᠠᠯ ᠢ ᠠᠰᠢᠭᠯᠠᠨ᠂ ᠬᠤᠳᠠᠯᠳᠤᠭᠠᠨ ᠤ ᠶᠠᠪᠤᠳᠠᠯ ᠤᠨ ᠶᠠᠮᠤᠨ ᠠᠴᠠ ᠲᠥᠷᠥ ᠶᠢᠨ ᠶᠠᠪᠤᠳᠠᠯ ᠤᠨ ᠬᠤᠷᠢᠶᠠᠨ ᠳᠤ | ᠮᠡᠳᠡᠭᠦᠯᠦᠨ ᠴᠣᠬᠤᠯᠠᠪᠤᠷᠢᠯᠠᠭᠤᠯᠬᠤ ᠠᠵᠢᠯ ᠢ ᠰᠠᠶᠢᠲᠤᠷ ᠬᠢᠬᠦ ᠪᠠᠷ ᠴᠢᠷᠮᠠᠶᠢᠵᠤ᠂ ᠢᠵᠢ ᠪᠦᠷᠢᠳᠦᠭᠰᠡᠨ ᠬᠠᠷᠠᠭᠠᠯᠵᠠᠯ ᠤᠨ | ᠲᠥᠷᠥ ᠶᠢᠨ ᠪᠣᠳᠣᠯᠭ᠎ᠠ ᠶᠢ ᠳᠣᠭᠳᠠᠭᠠᠨ ᠬᠡᠷᠡᠭᠵᠢᠬᠦᠯᠬᠦ ᠪᠠᠷ ᠬᠦᠭᠡᠭᠡᠴᠡᠯᠳᠦᠨ᠎ᠡ᠃ ᠶᠡᠷᠦᠩᠬᠡᠶᠢᠯᠡᠭᠰᠡᠨ ᠪᠠᠶᠢᠴᠠᠭᠠᠨ ᠰᠢᠯᠭᠠᠬᠤ | ᠠᠰᠠᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠵᠢᠯ ᠤᠨ ᠳᠣᠲᠣᠷ᠎ᠠ ᠠᠰᠢᠭᠯᠠᠯᠳᠠ ᠳᠤ ᠣᠷᠣᠭᠤᠯᠬᠤ ᠳᠤ | ᠨᠥᠬᠦᠴᠡᠯ ᠪᠦᠷᠢᠯᠳᠦᠭᠦᠯᠵᠦ ᠥᠭᠭᠦᠨ᠎ᠡ᠃ ᠬᠢᠯᠢ ᠶᠢᠨ ᠢᠷᠭᠡᠳ ᠤᠨ ᠬᠤᠳᠠᠯᠳᠣᠭᠠᠨ ᠤ ᠳᠣᠭᠤᠷᠢᠭ ᠤᠨ ᠲᠠᠯ᠎ᠠ ᠪᠠᠷ᠂ | ᠬᠠᠷᠢᠯᠴᠠᠨ ᠠᠷᠠᠯᠵᠢᠶᠠᠯᠠᠬᠤ ᠭᠠᠳᠠᠭᠠᠳᠤ ᠠᠴᠠ ᠣᠷᠣᠭᠤᠯᠬᠤ ᠲᠠᠸᠠᠷ ᠢ ᠪᠣᠳᠠᠲᠠᠶᠢᠵᠢᠭᠤᠯᠤᠨ ᠡᠳ᠋ᠰᠢᠭᠦᠯᠬᠦ ᠲᠤᠷᠰᠢᠯᠲᠠ ᠶᠢ | ᠡᠬᠢᠯᠡᠭᠦᠯᠵᠦ᠂ ᠲᠡᠮᠦᠷ ᠵᠠᠮ ᠤᠨ ᠪᠣᠭᠤᠮᠲᠠ ᠶᠢᠨ ᠬᠢᠯᠢ ᠶᠢᠨ ᠢᠷᠭᠡᠳ ᠤᠨ ᠬᠤᠳᠠᠯᠳᠣᠭᠠᠨ ᠤ ᠳᠣᠭᠤᠷᠢᠭ ᠤᠨ ᠴᠢᠭ ᠢ | ᠭᠤᠶᠤᠴᠢᠯᠠᠨ ᠮᠡᠳᠡᠭᠦᠯᠵᠦ᠂ ᠬᠠᠷᠢᠯᠴᠠᠨ ᠠᠷᠠᠯᠵᠢᠶᠠᠯᠠᠬᠤ ᠲᠠᠸᠠᠷ ᠢ ᠪᠣᠳᠠᠲᠠᠶᠢᠵᠢᠭᠤᠯᠤᠨ ᠡᠳ᠋ᠰᠢᠭᠦᠯᠬᠦ ᠠᠵᠤ ᠦᠢᠯᠡᠰ ᠤᠨ | ᠬᠦᠷᠢᠶᠡᠯᠡᠩ ᠢ ᠪᠠᠶᠢᠭᠤᠯᠤᠨ ᠠᠰᠢᠭᠯᠠᠯᠲᠠ ᠳᠤ ᠣᠷᠣᠭᠤᠯᠬᠤ ᠶᠢ ᠠᠬᠢᠭᠤᠯᠤᠨ᠂ ᠮᠣᠩᠭᠤᠯ ᠣᠷᠣᠰ ᠤᠨ ᠶᠠᠮᠠ ᠣᠯᠣᠰᠤᠨ ᠤ | ᠦᠷ᠎ᠡ᠂ ᠰᠢᠯᠢᠮᠳᠡᠭ ᠤᠨ ᠦᠷ᠎ᠡ᠂ ᠨᠣᠣᠰᠣ ᠨᠣᠯᠣᠣᠭᠤᠷ᠂ ᠬᠠᠲᠠᠭᠤ ᠵᠢᠮᠢᠰ᠂ ᠮᠢᠬᠠᠨ ᠤ ᠵᠦᠢᠯ ᠢ ᠪᠣᠳᠠᠲᠠᠶᠢᠵᠢᠭᠤᠯᠤᠨ | ᠡᠳ᠋ᠰᠢᠭᠦᠯᠬᠦ ᠰᠢᠨ᠎ᠡ ᠰᠢᠪᠲᠤᠯᠤᠯᠲᠠ ᠶᠢ ᠪᠡᠶᠡᠯᠡᠭᠦᠯᠦᠨ᠎ᠡ᠃ ᠬᠢᠯᠢ ᠶᠢᠨ ᠠᠵᠦ ᠠᠬᠤᠢ ᠶᠢᠨ ᠬᠠᠮᠲᠤᠷᠠᠯᠴᠠᠭᠠᠨ ᠤ ᠣᠷᠣᠨ ᠤ | ᠲᠠᠯ᠎ᠠ ᠪᠠᠷ᠂ ᠬᠢᠯᠢ ᠶᠢᠨ ᠠᠵᠦ ᠠᠬᠤᠢ ᠶᠢᠨ ᠬᠠᠮᠲᠤᠷᠠᠯᠴᠠᠭᠠᠨ ᠤ ᠣᠷᠣᠨ ᠤ ᠶᠡᠷᠦᠩᠬᠡᠶᠢᠯᠡᠭᠰᠡᠨ ᠳᠠᠭᠠᠭᠠᠴᠠ ᠴᠢᠳᠠᠪᠤᠷᠢ ᠶᠢ | ᠲᠣᠭᠲᠠᠭᠤᠨ ᠢᠶᠠᠷ ᠳᠡᠭᠡᠭᠰᠢᠯᠡᠭᠦᠯᠵᠦ᠂ ᠭᠠᠶᠢᠯᠢ ᠶᠢᠨ ᠪᠠᠳᠣᠯᠠᠭᠠᠳᠦ ᠬᠥᠮᠥᠷᠭᠡ ᠶᠢᠨ ᠰᠢᠯᠭᠠᠨ ᠠᠪᠬᠤ ᠡᠵᠡᠩᠨᠡᠯᠲᠡ ᠶᠢ | ᠠᠬᠢᠭᠤᠯᠵᠤ᠂ ᠴᠠᠭᠠᠰᠤᠨ ᠡᠭᠡᠳᠡᠩ ᠤᠨ ᠭᠠᠷᠳᠠᠮ ᠭᠦᠢᠴᠡᠳᠬᠡᠬᠦ ᠬᠥᠮᠥᠷᠭᠡ᠂ ︿ᠣᠶᠤᠨᠲᠤ ᠬᠦᠷᠢᠶᠡᠯᠡᠩ ᠲᠣᠭᠤᠷᠢᠭ﹀ ᠤᠨ | ᠲᠦᠷᠦᠯ ᠵᠦᠢᠯ ᠤᠨ ᠬᠡᠷᠡᠭᠵᠢᠭᠦᠯᠦᠯᠲᠡ ᠶᠢ ᠠᠬᠢᠭᠤᠯᠤᠨ᠎ᠠ︾ ᠭᠡᠵᠦ ᠬᠡᠯᠡᠪᠡ᠃ | | | ᠨᠡᠭᠡᠭᠡᠯᠲᠡ ᠬᠢᠬᠦ ᠪᠣᠯ ᠢᠮᠠᠭᠲᠠ ᠪᠣᠭᠤᠮᠲᠠ ᠶᠢᠨ ᠬᠥᠭᠵᠢᠯᠲᠡ ᠶᠢᠨ ᠠᠮᠢᠨ ᠰᠤᠳᠠᠰᠤ ᠮᠥᠨ᠃ ᠡᠷᠢᠶᠡᠨ ᠬᠤᠲᠠ ︽ | ᠰᠠᠭᠤᠷᠢ ᠲᠥᠬᠦᠭᠡᠷᠦᠮᠵᠢ ᠶᠢᠨ ᠬᠤᠯᠪᠣᠯᠳᠤᠨ ᠨᠡᠪᠲᠡᠷᠡᠯᠴᠡᠬᠦ ᠪᠠᠷ ᠲᠡᠷᠢᠭᠦᠨ ᠴᠢᠭᠯᠡᠯ ᠪᠣᠯᠭᠠᠬᠤ︾ ᠪᠠᠷ ᠨᠢᠭᠡ ᠪᠦᠯᠦᠭ ᠲᠡᠮᠦᠷ | ᠵᠠᠮ᠂ ᠵᠠᠰᠠᠮᠠᠯ ᠵᠠᠮ᠂ ᠪᠣᠭᠤᠮᠲᠠ ᠵᠡᠷᠭᠡ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ | ᠬᠡᠷᠡᠭᠵᠢᠭᠦᠯᠬᠦ ᠶᠢ ᠲᠦᠷᠭᠡᠳᠬᠡᠨ ᠠᠬᠢᠭᠤᠯᠵᠤ᠂ ᠪᠣᠭᠤᠮᠲᠠ ᠶᠢᠨ ᠳᠣᠲᠣᠭᠠᠳᠤ ᠭᠠᠳᠠᠭᠠᠳᠤ ᠳᠤ ᠨᠡᠪᠲᠡᠷᠡᠬᠦ ᠴᠢᠳᠠᠪᠤᠷᠢ ᠶᠢ | ᠲᠠᠰᠤᠷᠠᠯᠲᠠ ᠦᠭᠡᠢ ᠲᠡᠭᠦᠯᠳᠡᠷᠵᠢᠭᠦᠯᠪᠡ᠃ | ᠡᠷᠢᠶᠡᠨ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠸᠠᠩ ᠳ᠋ᠦᠩ ᠱᠧᠩ᠄ ︽ᠲᠡᠮᠦᠷ ᠵᠠᠮ ᠤᠨ | ᠪᠣᠭᠤᠮᠲᠠ ᠶᠢᠨ ᠥᠷᠲᠡᠭᠡ ᠲᠠᠯᠠᠪᠤᠷ ᠤᠨ ᠴᠢᠳᠠᠮᠵᠢ ᠶᠢ ᠥᠷᠭᠡᠳᠬᠡᠨ ᠥᠭᠡᠷᠡᠴᠢᠯᠡᠬᠦ ᠪᠠ ᠵᠠᠰᠠᠮᠠᠯ ᠵᠠᠮ ᠤᠨ ᠪᠣᠭᠤᠮᠲᠠ ᠶᠢᠨ | ᠴᠢᠩᠭᠡᠯᠢᠭ ᠢ ᠳᠡᠭᠦᠵᠢᠯᠡᠨ ᠤᠭᠰᠠᠷᠠᠬᠤ ︵ᠲᠠᠯᠠᠪᠤᠷ︶ ᠶᠢ ᠥᠷᠭᠡᠳᠬᠡᠨ ᠪᠠᠶᠢᠭᠤᠯᠬᠤ ᠠᠵᠢᠯ ᠢ ᠡᠬᠢᠯᠡᠭᠦᠯᠵᠦ᠂ ᠤᠯᠤᠰ ᠤᠨ | ᠲᠡᠮᠦᠷ ᠵᠠᠮ ᠤᠨ ᠪᠦᠯᠦᠭᠯᠡᠯ ᠲᠠᠢ ᠵᠣᠬᠢᠴᠠᠭᠤᠯᠤᠨ ᠵᠢᠨᠢᠩ — ᠡᠷᠢᠶᠡᠨ ᠱᠤᠭᠤᠮ ᠤᠨ ᠴᠢᠳᠠᠮᠵᠢ ᠶᠢ ᠥᠷᠭᠡᠳᠬᠡᠨ᠂ | ᠳᠤᠮᠳᠠᠳᠤ ᠡᠸᠦ᠋ᠷᠦᠫᠡ ᠶᠢᠨ ᠡᠭᠡᠯᠵᠢᠨ ᠤ ᠭᠠᠯᠲᠤ ᠲᠡᠷᠭᠡ ᠶᠢᠨ ᠴᠤᠭᠯᠠᠷᠠᠯ ᠤᠨ ᠲᠥᠪ ᠤᠨ ᠲᠥᠷᠥᠯ ᠵᠦᠢᠯ ᠢ ᠬᠡᠷᠡᠭᠵᠢᠭᠦᠯᠵᠦ | ᠂ ᠵᠠᠰᠠᠮᠠᠯ ᠵᠠᠮ ᠤᠨ ᠪᠣᠭᠤᠮᠲᠠ ᠶᠢᠨ ᠵᠢᠯᠣᠭᠤᠴᠢ ᠦᠭᠡᠢ ᠪᠠᠷᠠᠭᠠᠨ ᠤ ᠲᠡᠭᠡᠭᠡᠪᠦᠷᠢ ᠶᠢᠨ ᠪᠣᠭᠤᠮᠲᠠ ᠪᠠᠷ ᠥᠩᠭᠡᠷᠡᠬᠦ ᠲᠥᠷᠥᠯ | ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ ᠠᠭᠤᠷᠬᠠᠢ ᠶᠢᠨ ᠭᠠᠷᠤᠯᠲᠠ ᠶᠢᠨ ᠪᠠᠷᠠᠭᠠᠨ ᠤ ᠲᠡᠭᠡᠭᠡᠪᠦᠷᠢ ᠶᠢᠨ | ᠲᠤᠰᠬᠠᠢ ᠨᠡᠪᠲᠡᠷᠡᠬᠦ ᠵᠠᠮ ᠤᠨ ᠲᠥᠷᠥᠯ ᠵᠦᠢᠯ ᠢ ᠪᠠᠶᠢᠭᠤᠯᠤᠨ ᠪᠦᠲᠦᠭᠡᠬᠦ ᠪᠠᠷ ᠴᠢᠷᠮᠠᠶᠢᠨ᠎ᠠ᠃ ᠡᠷᠢᠶᠡᠨ — ᠭᠤᠸᠠᠩᠵᠸᠦ | ᠲᠦᠷᠭᠡᠨ ᠳᠠᠪᠬᠢᠬᠤ ᠵᠠᠰᠠᠮᠠᠯ ᠵᠠᠮ ᠤᠨ ᠡᠷᠢᠶᠡᠨ ᠬᠤᠲᠠ ᠠᠴᠠ ᠰᠠᠶᠢᠬᠠᠨᠳᠠᠯ᠎ᠠ ᠬᠦᠷᠬᠦ ᠬᠡᠰᠡᠭ ᠤᠨ ᠲᠡᠷᠭᠡ ᠨᠡᠪᠲᠡᠷᠡᠬᠦ ᠶᠢ | ᠲᠦᠯᠬᠢᠨ ᠠᠬᠢᠭᠤᠯᠵᠤ᠂ ᠡᠨᠡ ᠵᠢᠯ ᠤᠨ ᠳᠣᠲᠣᠷ᠎ᠠ ᠣᠯᠠᠨ ᠤᠯᠤᠰ ᠤᠨ ᠠᠭᠠᠷ ᠠᠶᠠᠯᠠᠯ ᠤᠨ ᠪᠣᠭᠤᠮᠲᠠ ᠶᠢᠨ ᠰᠢᠯᠭᠠᠨ | ᠪᠠᠶᠢᠴᠠᠭᠠᠯᠲᠠ ᠶᠢ ᠥᠩᠭᠡᠷᠡᠭᠡᠵᠦ᠂ ᠵᠢᠩᠬᠢᠨᠢ ᠪᠠᠷ ᠭᠠᠳᠠᠭᠰᠢ ᠨᠡᠭᠡᠭᠡᠯᠲᠡ ᠬᠢᠬᠦ ᠪᠠᠷ ᠴᠢᠷᠮᠠᠶᠢᠨ᠎ᠠ︾ ᠭᠡᠵᠡᠢ᠃ | | | ᠦᠷᠭᠦᠯᠵᠢᠯᠡᠨ ᠤᠷᠤᠭᠰᠢᠯᠠᠵᠤ᠂ ᠤᠷᠤᠭᠰᠢᠯᠠᠨ ᠲᠠᠪᠰᠢᠬᠤ ᠪᠠᠷ ᠮᠡᠷᠡᠶᠢᠨ ᠲᠡᠮᠡᠴᠡᠨ᠎ᠡ᠃ ᠳᠠᠷᠠᠭᠠᠴᠢ ᠶᠢᠨ ᠠᠯᠬᠤᠮ ᠳᠤ᠂ | ᠡᠷᠢᠶᠡᠨ ᠬᠤᠳᠠ ᠪᠣᠭᠤᠮᠲᠠ ᠶᠢᠨ ᠤᠮᠠᠷᠠᠰᠢ ᠨᠡᠭᠡᠭᠡᠯᠲᠡ ᠬᠢᠬᠦ ᠬᠥᠭᠦᠷᠭᠡᠨ ᠪᠠᠬᠢᠯᠡᠯᠲᠡ ᠶᠢᠨ ᠳᠣᠯᠭᠠᠭᠤᠷᠢ ᠴᠡᠭ ᠤᠨ | ᠦᠢᠯᠡᠳᠦᠯ ᠢ ᠦᠷᠭᠦᠯᠵᠢᠯᠡᠨ ᠪᠠᠳᠠᠷᠠᠭᠤᠯᠵᠤ᠂ ᠪᠡᠯᠡ ᠣᠷᠣᠭᠤᠯᠤᠯᠲᠠ ᠶᠢᠨ ᠡᠷᠴᠢᠮ ᠢᠶᠠᠷ ᠶᠡᠭᠡ᠂ ᠭᠠᠷᠭᠠᠯᠲᠠ ᠶᠢᠨ ᠦᠷ᠎ᠡ | ᠠᠰᠢᠭ ᠢᠶᠠᠷ ᠰᠠᠶᠢᠨ᠂ ᠠᠵᠤ ᠦᠢᠯᠡᠰ ᠤᠨ ᠬᠤᠯᠪᠣᠭᠳᠠᠯ ᠢᠶᠠᠷ ᠥᠨᠳᠥᠷ ᠨᠢᠭᠡ ᠪᠦᠯᠦᠭ ᠰᠢᠯᠢᠳᠡᠭ ᠲᠦᠷᠦᠯ ᠵᠦᠢᠯ ᠢ | ᠣᠷᠣᠭᠤᠯᠤᠨ ᠠᠪᠴᠢᠷᠠᠵᠤ᠂ ᠪᠣᠭᠤᠮᠲᠠ ᠶᠢᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠷᠢᠰᠢᠯ ᠢ ᠠᠬᠢᠭᠤᠯᠬᠤ ᠪᠣᠯᠣᠨ᠎ᠠ | ᠃ | ᠡᠷᠢᠶᠡᠨ ᠬᠤᠳᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠸᠠᠩ ᠳ᠋ᠦᠩ ᠱᠧᠩ᠄ ︽ᠡᠨᠡ ᠵᠢᠯ ᠪᠣᠯ ︿ᠠᠷᠪᠠᠨ | ᠳᠥᠷᠪᠡᠳᠦᠭᠡᠷ ᠲᠠᠪᠤᠨ ᠵᠢᠯ﹀ ᠤᠨ ᠲᠥᠯᠦᠪᠵᠢᠭᠦᠯᠭᠡ ᠶᠢ ᠬᠡᠷᠡᠭᠵᠢᠭᠦᠯᠬᠦ ᠵᠠᠩᠭᠢᠯᠠᠭ᠎ᠠ ᠶᠢᠨ ᠵᠢᠯ ᠪᠣᠯᠣᠨ᠎ᠠ᠂ ᠮᠥᠨᠴᠦ | ᠨᠠᠮ ᠤᠨ ᠬᠤᠷᠢᠳᠤᠭᠠᠷ ᠶᠡᠭᠡ ᠬᠤᠷᠠᠯ ᠤᠨ ᠬᠤᠷᠠᠯᠳᠤᠬᠤ ᠶᠢ ᠤᠭᠲᠤᠬᠤ ᠵᠠᠩᠭᠢᠯᠠᠭ᠎ᠠ ᠶᠢᠨ ᠵᠢᠯ ᠪᠣᠯᠣᠨ᠎ᠠ᠃ ᠡᠨᠡ ᠵᠢᠯ | ᠵᠠᠰᠠᠭ ᠤᠨ ᠣᠷᠳᠣᠨ ᠤ 29 ᠲᠦᠷᠦᠯ ᠤᠨ ᠪᠡᠯᠡ ᠣᠷᠣᠭᠤᠯᠤᠯᠲᠠ ᠶᠢᠨ ᠵᠦᠢᠯᠡᠰ ᠢ ᠬᠡᠷᠡᠭᠵᠢᠭᠦᠯᠬᠦ ᠪᠠᠷ ᠲᠥᠯᠥᠪᠯᠡᠵᠦ᠂ | ᠶᠡᠷᠦᠩᠬᠡᠢ ᠪᠡᠯᠡ ᠣᠷᠣᠭᠤᠯᠤᠯᠲᠠ ᠨᠢ ᠪᠠᠷᠤᠭ 38 ᠳ᠋ᠦᠩᠰᠢᠭᠤᠷ ᠲᠥᠭᠦᠷᠢᠭ ᠲᠤ ᠬᠦᠷᠦᠨ᠎ᠡ ︔ 25 ᠲᠦᠷᠦᠯ ᠤᠨ | ᠨᠡᠶᠢᠭᠡᠮ ᠤᠨ ᠪᠡᠯᠡ ᠣᠷᠣᠭᠤᠯᠤᠯᠲᠠ ᠶᠢᠨ ᠵᠦᠢᠯᠡᠰ ᠢ ᠬᠡᠷᠡᠭᠵᠢᠭᠦᠯᠬᠦ ᠪᠠᠷ ᠲᠥᠯᠥᠪᠯᠡᠵᠦ᠂ ᠶᠡᠷᠦᠩᠬᠡᠢ ᠪᠡᠯᠡ ᠣᠷᠣᠭᠤᠯᠤᠯᠲᠠ | ᠨᠢ ᠪᠠᠷᠤᠭ 36 ᠳ᠋ᠦᠩᠰᠢᠭᠤᠷ ᠲᠥᠭᠦᠷᠢᠭ ᠲᠤ ᠬᠦᠷᠦᠨ᠎ᠡ᠃ ᠳᠠᠷᠠᠭᠠᠴᠢ ᠶᠢᠨ ᠠᠯᠬᠤᠮ ᠳᠤ᠂ ᠪᠢᠳᠡ ᠪᠠᠰᠠ ᠦᠷᠭᠦᠯᠵᠢᠯᠡᠨ | ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠭᠤᠶᠢᠪᠢᠰᠢ ᠦᠭᠡᠢ ᠪᠠᠷᠢᠮᠲᠠᠯᠠᠵᠤ᠂ ᠤᠯᠤᠰ᠂ ᠥᠪᠡᠷᠲᠡᠭᠡᠨ ᠵᠠᠰᠠᠬᠤ | ᠣᠷᠣᠨ ᠤ ᠴᠢᠬᠤᠯᠠ ᠶᠡᠭᠡ ᠲᠥᠯᠦᠪᠵᠢᠭᠦᠯᠭᠡ ᠲᠠᠢ ᠨᠢᠭᠲᠠ ᠵᠣᠯᠭᠠᠭᠤᠯᠵᠤ᠂ ᠥᠨᠳᠥᠷ ᠵᠣᠭᠰᠣᠴᠠ ᠲᠠᠢ᠂ ᠥᠨᠳᠥᠷ | ᠪᠠᠷᠢᠮᠵᠢᠶ᠎ᠠ ᠲᠠᠢ᠂ ᠥᠨᠳᠥᠷ ᠲᠦᠪᠰᠢᠨ ᠢᠶᠠᠷ ᠲᠥᠯᠥᠪᠵᠢᠭᠦᠯᠵᠦ᠂ ᠪᠣᠭᠤᠮᠲᠠ ᠶᠢᠨ ᠠᠯᠤᠰ ᠬᠡᠳᠤ ᠶᠢᠨ ᠬᠥᠭᠵᠢᠯᠲᠡ ᠳᠤ | ᠬᠤᠯᠪᠣᠭᠳᠠᠬᠤ ᠨᠢᠭᠡ ᠪᠦᠯᠦᠭ ᠴᠢᠬᠤᠯᠠ ᠶᠡᠭᠡ ᠲᠦᠷᠦᠯ ᠵᠦᠢᠯ ᠢ ᠨᠥᠭᠡᠴᠡᠯᠡᠵᠦ᠂ ᠴᠢᠨᠠᠷ ᠰᠠᠶᠢᠲᠠᠢ ᠬᠥᠭᠵᠢᠯᠲᠡ ᠳᠤ | ᠰᠠᠭᠤᠷᠢ ᠲᠠᠯᠪᠢᠨ᠎ᠠ︾ ᠭᠡᠵᠦ ᠬᠡᠯᠡᠪᠡ᠃ | |