ᠪᠣᠭᠤᠮᠲᠠ ᠶᠢᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠡᠭᠦᠳᠰᠦᠭᠡᠢ
ᠨᠡᠶᠢᠲᠡᠯᠡᠭᠰᠡᠨ ᠴᠠᠭ᠄
2022/3/21
    ᠡᠷᠢᠶᠡᠨ ᠬᠤᠲᠠ ᠨᠢ ᠤᠯᠤᠰ ᠤᠨ ᠳᠤᠮᠳᠠᠳᠤ ᠡᠸᠦ᠋ᠷᠦᠫᠡ ᠶᠢᠨ ᠡᠭᠡᠯᠵᠢᠨ ᠤ ᠭᠠᠯᠳᠦ ᠲᠡᠷᠭᠡ ᠶᠢᠨ ᠬᠢᠯᠢ ᠪᠠᠷ ᠣᠷᠣᠵᠤ ᠭᠠᠷᠬᠤ ︽ᠳᠤᠮᠳᠠ ᠵᠠᠮ︾ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠳᠤᠮᠳᠠᠳᠤ ᠡᠸᠦ᠋ᠷᠦᠫᠡ ᠶᠢᠨ ᠡᠭᠡᠯᠵᠢᠨ ᠤ ᠭᠠᠯᠳᠦ ᠲᠡᠷᠭᠡ ᠶᠢᠨ ᠪᠣᠭᠤᠮᠲᠠ ᠪᠠᠷ ᠥᠩᠭᠡᠷᠡᠬᠦ ᠦᠢᠯᠡᠴᠢᠯᠡᠭᠡᠨ ᠤ ᠴᠢᠳᠠᠪᠤᠷᠢ ᠶᠢ ᠲᠠᠰᠤᠷᠠᠯᠲᠠ ᠦᠭᠡᠢ ᠰᠢᠯᠢᠳᠡᠭᠵᠢᠭᠦᠯᠦᠨ᠂ ᠳᠤᠮᠳᠠᠳᠤ ᠡᠸᠦ᠋ᠷᠦᠫᠡ ᠶᠢᠨ ᠡᠭᠡᠯᠵᠢᠨ ᠤ ᠭᠠᠯᠳᠦ ᠲᠡᠷᠭᠡ ᠶᠢᠨ ᠪᠣᠭᠤᠮᠲᠠ ᠪᠠᠷ ᠥᠩᠭᠡᠷᠡᠬᠦ ᠬᠤᠷᠳᠤᠴᠠ ᠶᠢ ᠳᠡᠭᠡᠭᠰᠢᠯᠡᠭᠦᠯᠵᠦ᠂ ᠭᠠᠳᠠᠭᠠᠳᠤ ᠠᠷᠠᠯᠵᠢᠶᠠᠨ ᠤ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ᠂ ᠰᠢᠨ᠎ᠡ ᠵᠠᠭᠪᠤᠷ᠂ ᠰᠢᠨ᠎ᠡ ᠨᠡᠮᠡᠭᠳᠡᠯ ᠤᠨ ᠴᠡᠭ ᠤᠨ ᠲᠦᠷᠭᠡᠨ ᠪᠦᠷᠢᠯᠳᠦᠬᠦ ᠶᠢ ᠲᠦᠯᠬᠢᠨ ᠠᠬᠢᠭᠤᠯᠪᠠ᠃    ᠣᠶᠢᠷ᠎ᠠ ᠳᠤ᠂ ᠹᠦᠵᠢᠶᠠᠨ ᠤ ᠫᠦᠲ᠋ᠢᠶᠠᠨ ᠠᠴᠠ ᠡᠬᠢᠯᠡᠭᠰᠡᠨ 1293 ᠤᠳᠠᠭ᠎ᠠ ᠶᠢᠨ ᠳᠤᠮᠳᠠᠳᠤ ᠡᠸᠦ᠋ᠷᠦᠫᠡ ᠶᠢᠨ ᠡᠬᠡᠯᠵᠢᠨ ᠤ ᠭᠠᠯᠳᠦ ᠲᠡᠷᠭᠡ᠂ 42 ᠴᠢᠩᠬᠡᠯᠢᠭᠳᠦ ᠭᠡᠷ ᠤᠨ ᠴᠠᠬᠢᠯᠭᠠᠨ ᠬᠡᠷᠡᠭᠰᠡᠯ ᠪᠣᠯᠣᠨ ᠮᠠᠰᠢᠨ ᠲᠡᠷᠭᠡᠨ ᠤ ᠰᠡᠯᠪᠢᠭ ᠲᠤᠨᠤᠭ ᠢ ᠳᠦᠭᠦᠷᠲᠡᠯ᠎ᠡ ᠲᠡᠭᠡᠭᠡᠵᠦ᠂ ᠡᠷᠢᠶᠡᠨ ᠬᠤᠳᠠ ᠶᠢᠨ ᠲᠡᠮᠦᠷ ᠵᠠᠮ ᠤᠨ ᠪᠣᠭᠤᠮᠲᠠ ᠪᠠᠷ ᠬᠢᠯᠢ ᠠᠴᠠ ᠭᠠᠷᠴᠤ᠂ ᠫᠤᠯᠠᠨᠳ᠋ ᠤᠨ ᠮᠠᠯᠠᠱᠥᠸᠢᠴᠢ ᠵᠦᠭ ᠠᠶᠠᠯᠠᠪᠠ᠃ ᠡᠨᠡ ᠪᠣᠯ ᠡᠨᠡ ᠵᠢᠯ ᠡᠷᠢᠶᠡᠨ ᠬᠤᠳᠠ ᠶᠢᠨ ᠲᠡᠮᠦᠷ ᠵᠠᠮ ᠤᠨ ᠪᠣᠭᠤᠮᠲᠠ ᠪᠠᠷ ᠬᠢᠯᠢ ᠪᠠᠷ ᠣᠷᠣᠵᠤ ᠭᠠᠷᠬᠤ 500 ᠳ᠋ᠤᠭᠠᠷ ᠴᠤᠪᠤᠭ᠎ᠠ ᠳᠤᠮᠳᠠᠳᠤ ᠡᠸᠦ᠋ᠷᠦᠫᠡ ᠶᠢᠨ ᠡᠬᠡᠯᠵᠢᠨ ᠤ ᠭᠠᠯᠳᠦ ᠲᠡᠷᠭᠡ ᠪᠣᠯᠣᠨ᠎ᠠ᠃ ᠲᠡᠮᠦᠷ ᠵᠠᠮ ᠤᠨ ᠠᠵᠢᠯᠲᠠᠨ ᠰᠤᠷᠪᠤᠯᠵᠢᠯᠠᠭᠴᠢ ᠳᠤ ᠬᠡᠯᠡᠬᠦ ᠳᠡᠭᠡᠨ᠂ 2021 ᠣᠨ ᠳᠤ ᠡᠷᠢᠶᠡᠨ ᠲᠡᠮᠦᠷ ᠵᠠᠮ ᠤᠨ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠪᠠᠷᠠᠭ᠎ᠠ ᠲᠡᠭᠡᠭᠡᠪᠦᠷᠢ ᠶᠢᠨ ᠬᠡᠮᠵᠢᠶ᠎ᠡ ᠳᠠᠬᠢᠨᠲᠠ 1600 ᠲᠦᠮᠡᠨ ᠲᠣᠨ ᠢ ᠳᠠᠪᠠᠵᠤ᠂ ᠬᠢᠯᠢ ᠪᠠᠷ ᠣᠷᠣᠵᠤ ᠭᠠᠷᠬᠤ ᠳᠤᠮᠳᠠᠳᠤ ᠡᠸᠦ᠋ᠷᠦᠫᠡ ᠶᠢᠨ ᠡᠭᠡᠯᠵᠢ ᠶᠢᠨ ᠭᠠᠯᠳᠦ ᠲᠡᠷᠭᠡ ᠶᠢ ᠵᠠᠯᠭᠠᠪᠡᠷ  2739 ᠣᠳᠠᠭ᠎ᠠ  ᠨᠡᠪᠳᠡᠷᠡᠬᠦᠯᠵᠦ᠂ ᠠᠳᠠᠯᠢ ᠬᠤᠭᠤᠴᠠᠭᠠᠨ ᠤ ᠬᠢ ᠠᠴᠠ 15.1% ᠪᠠᠷ ᠨᠡᠮᠡᠭᠳᠡᠪᠡ  ᠃ ᠡᠭᠦᠨ ᠤ ᠬᠠᠮᠲᠤ ᠳᠤᠮᠳᠠᠳᠤ ᠡᠸᠦ᠋ᠷᠦᠫᠡ ᠶᠢᠨ ᠡᠭᠡᠯᠵᠢ  ᠶᠢᠨ ᠭᠠᠯᠳᠦ ᠲᠡᠷᠭᠡ ᠶᠢᠨ ᠪᠣᠭᠤᠮᠲᠠ ᠪᠠᠷ ᠥᠩᠭᠡᠷᠡᠬᠦ ᠦᠢᠯᠡᠴᠢᠯᠡᠭᠡᠨ ᠤ ᠴᠢᠳᠠᠪᠤᠷᠢ ᠶᠢ ᠦᠷᠭᠦᠯᠵᠢᠯᠡᠨ ᠰᠢᠯᠢᠳᠡᠭᠵᠢᠭᠦᠯᠵᠦ᠂ ᠪᠣᠭᠤᠮᠲᠠ ᠶᠢᠨ ᠦᠷᠳᠡᠭᠡ ᠶᠢᠨ ᠬᠢᠯᠢ ᠪᠠᠷ ᠣᠷᠣᠵᠤ ᠭᠠᠷᠬᠤ ᠭᠠᠯᠳᠦ ᠲᠡᠷᠭᠡ ᠶᠢ ᠲᠤᠰᠴᠤ ᠲᠡᠭᠡᠭᠡᠪᠦᠷᠢᠯᠡᠬᠦ ᠴᠢᠳᠠᠪᠤᠷᠢ ᠶᠢ ᠴᠢᠨᠠᠭᠰᠢᠳᠠ ᠦᠷᠬᠦᠯᠵᠢᠯᠡᠨ ᠳᠡᠭᠡᠭᠰᠢᠯᠡᠭᠦᠯᠦᠨ᠎ᠡ ᠭᠡᠪᠡ᠃     ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠯᠢ ᠶᠢᠨ ᠭᠤᠣᠯ ᠠᠶᠢᠮᠠᠭ ᠤᠨ ᠨᠠᠮ ᠤᠨ ᠬᠤᠷᠢᠶ᠎ᠠ ᠶᠢᠨ 2022 ᠣᠨ ᠤ ᠨᠢᠭᠡᠳᠦᠭᠡᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠵᠢᠴᠢ ᠪᠥᠬᠦ ᠠᠶᠢᠮᠠᠭ ᠤᠨ ᠠᠵᠤ ᠠᠬᠤᠢ ᠶᠢᠨ ᠠᠵᠢᠯ ᠤᠨ ᠬᠤᠷᠠᠯᠳᠤᠭᠠᠨ   ᠠᠴᠠ ᠨᠡᠭᠡᠭᠡᠯᠲᠡ ᠬᠢᠵᠦ ᠬᠠᠮᠲᠤᠷᠠᠯᠴᠠᠬᠤ ᠬᠢᠷᠢ ᠲᠦᠪᠰᠢᠨ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ︽ᠵᠠᠮ ᠥᠩᠭᠡᠷᠡᠬᠦ ᠠᠵᠤ ᠠᠬᠤᠢ︾ ᠶᠢᠨ ︽ᠪᠣᠳᠠᠲᠠᠶᠢᠵᠢᠭᠰᠠᠨ ᠠᠵᠤ ᠠᠬᠤᠢ︾ ᠳᠠᠰᠢ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠬᠡᠷᠡᠭᠲᠡᠢ ᠭᠡᠵᠦ ᠳᠤᠷᠠᠳᠤᠨ ᠭᠠᠷᠭᠠᠪᠠ᠃ ᠡᠷᠢᠶᠡᠨ ᠬᠤᠳᠠ ᠶᠢᠨ ᠬᠢᠨ ᠬᠤᠷᠠᠯ ᠠᠴᠠ ᠲᠣᠭᠲᠠᠭᠠᠭᠰᠠᠨ ᠬᠥᠭᠵᠢᠯᠲᠡ ᠶᠢᠨ ᠬᠠᠷᠠᠯᠲᠠ ᠶᠣᠰᠣᠭᠠᠷ᠂ ᠪᠣᠭᠤᠮᠲᠠ ᠶᠢᠨ ᠠᠮᠤᠷ ᠲᠦᠪᠰᠢᠨ ᠰᠠᠭᠠᠳ ᠦᠭᠡᠢ ᠨᠡᠪᠲᠡᠷᠡᠬᠦ ᠶᠢ ᠪᠠᠲᠤᠯᠠᠬᠤ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ ᠰᠠᠭᠤᠷᠢᠨ ᠳᠡᠭᠡᠷ᠎ᠡ  ᠂ ᠤᠯᠤᠰ ᠤᠨ ᠭᠤᠣᠯᠳᠠᠯᠭ᠎ᠠ ᠲᠠᠢ ᠬᠦᠭᠵᠢᠬᠦᠯᠦᠯᠳᠠ ᠨᠡᠭᠡᠭᠡᠯᠲᠡ ᠶᠢᠨ ᠲᠤᠷᠰᠢᠯᠲᠠ ᠶᠢᠨ ᠳᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠦᠷᠭᠦᠯᠵᠢᠯᠡᠨ ᠠᠬᠢᠭᠤᠯᠣᠨ᠎ᠠ᠃    ᠡᠷᠢᠶᠡᠨ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠸᠠᠩ ᠳ᠋ᠦᠩ ᠱᠧᠩ᠄ ︽ᠤᠯᠤᠰ ᠤᠨ ᠭᠤᠣᠯᠳᠠᠯᠭ᠎ᠠ ᠲᠠᠢ ᠬᠦᠭᠵᠢᠬᠦᠯᠦᠯᠳᠠ ᠨᠡᠭᠡᠭᠡᠯᠲᠡ ᠶᠢᠨ ᠲᠤᠷᠰᠢᠯᠲᠠ ᠶᠢᠨ ᠳᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ︿ᠭᠤᠷᠪᠠᠨ ᠳᠣᠭᠤᠷᠢᠭ﹀  ᠤᠨ ᠪᠦᠲᠦᠭᠡᠨ ᠪᠠᠶᠢᠭᠤᠯᠤᠯᠲᠠ ᠬᠥᠭᠵᠢᠯᠲᠡ ᠶᠢ ᠨᠢᠭᠡᠳᠦᠯᠲᠡᠢ ᠲᠥᠯᠥᠪᠯᠡᠨ᠎ᠡ᠃ ᠳᠤᠮᠳᠠᠳᠤ ᠮᠣᠩᠭᠤᠯ ᠤᠨ ᠠᠵᠤ ᠠᠬᠤᠢ ᠶᠢᠨ ᠬᠠᠮᠲᠤᠷᠠᠯᠴᠠᠭᠠᠨ ᠤ ᠳᠣᠭᠤᠷᠢᠭ ᠤᠨ ᠲᠠᠯ᠎ᠠ ᠪᠠᠷ᠂ ᠮᠣᠩᠭᠤᠯ ᠤᠯᠤᠰ ᠤᠨ ᠶᠡᠭᠡ ᠵᠥᠪᠯᠡᠯᠭᠡᠨ ᠤ ᠬᠤᠷᠠᠯ ᠠᠴᠠ ᠬᠤᠶᠠᠷ ᠤᠯᠤᠰ ᠤᠨ ᠵᠠᠰᠠᠭ ᠤᠨ ᠣᠷᠳᠣᠨ ᠤ ᠬᠤᠭᠤᠷᠣᠨᠳᠣᠬᠢ ᠬᠡᠯᠡᠯᠴᠡᠭᠡᠷ ᠢ ᠵᠥᠪᠰᠢᠶᠡᠷᠡᠬᠦ ᠲᠣᠬᠢᠶᠠᠯ ᠢ ᠠᠰᠢᠭᠯᠠᠨ᠂ ᠬᠤᠳᠠᠯᠳᠤᠭᠠᠨ ᠤ ᠶᠠᠪᠤᠳᠠᠯ ᠤᠨ ᠶᠠᠮᠤᠨ ᠠᠴᠠ ᠲᠥᠷᠥ ᠶᠢᠨ ᠶᠠᠪᠤᠳᠠᠯ ᠤᠨ ᠬᠤᠷᠢᠶᠠᠨ ᠳᠤ ᠮᠡᠳᠡᠭᠦᠯᠦᠨ ᠴᠣᠬᠤᠯᠠᠪᠤᠷᠢᠯᠠᠭᠤᠯᠬᠤ ᠠᠵᠢᠯ ᠢ ᠰᠠᠶᠢᠲᠤᠷ ᠬᠢᠬᠦ ᠪᠠᠷ ᠴᠢᠷᠮᠠᠶᠢᠵᠤ᠂ ᠢᠵᠢ ᠪᠦᠷᠢᠳᠦᠭᠰᠡᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠳᠣᠭᠳᠠᠭᠠᠨ ᠬᠡᠷᠡᠭᠵᠢᠬᠦᠯᠬᠦ ᠪᠠᠷ ᠬᠦᠭᠡᠭᠡᠴᠡᠯᠳᠦᠨ᠎ᠡ᠃ ᠶᠡᠷᠦᠩᠬᠡᠶᠢᠯᠡᠭᠰᠡᠨ ᠪᠠᠶᠢᠴᠠᠭᠠᠨ ᠰᠢᠯᠭᠠᠬᠤ ᠠᠰᠠᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠵᠢᠯ ᠤᠨ ᠳᠣᠲᠣᠷ᠎ᠠ ᠠᠰᠢᠭᠯᠠᠯᠳᠠ ᠳᠤ ᠣᠷᠣᠭᠤᠯᠬᠤ ᠳᠤ ᠨᠥᠬᠦᠴᠡᠯ ᠪᠦᠷᠢᠯᠳᠦᠭᠦᠯᠵᠦ ᠥᠭᠭᠦᠨ᠎ᠡ᠃ ᠬᠢᠯᠢ ᠶᠢᠨ ᠢᠷᠭᠡᠳ ᠤᠨ ᠬᠤᠳᠠᠯᠳᠣᠭᠠᠨ ᠤ ᠳᠣᠭᠤᠷᠢᠭ ᠤᠨ ᠲᠠᠯ᠎ᠠ ᠪᠠᠷ᠂ ᠬᠠᠷᠢᠯᠴᠠᠨ ᠠᠷᠠᠯᠵᠢᠶᠠᠯᠠᠬᠤ ᠭᠠᠳᠠᠭᠠᠳᠤ   ᠠᠴᠠ ᠣᠷᠣᠭᠤᠯᠬᠤ ᠲᠠᠸᠠᠷ ᠢ ᠪᠣᠳᠠᠲᠠᠶᠢᠵᠢᠭᠤᠯᠤᠨ ᠡᠳ᠋ᠰᠢᠭᠦᠯᠬᠦ ᠲᠤᠷᠰᠢᠯᠲᠠ ᠶᠢ ᠡᠬᠢᠯᠡᠭᠦᠯᠵᠦ᠂ ᠲᠡᠮᠦᠷ ᠵᠠᠮ ᠤᠨ ᠪᠣᠭᠤᠮᠲᠠ ᠶᠢᠨ ᠬᠢᠯᠢ ᠶᠢᠨ ᠢᠷᠭᠡᠳ ᠤᠨ ᠬᠤᠳᠠᠯᠳᠣᠭᠠᠨ ᠤ ᠳᠣᠭᠤᠷᠢᠭ ᠤᠨ ᠴᠢᠭ ᠢ ᠭᠤᠶᠤᠴᠢᠯᠠᠨ ᠮᠡᠳᠡᠭᠦᠯᠵᠦ᠂ ᠬᠠᠷᠢᠯᠴᠠᠨ ᠠᠷᠠᠯᠵᠢᠶᠠᠯᠠᠬᠤ ᠲᠠᠸᠠᠷ ᠢ ᠪᠣᠳᠠᠲᠠᠶᠢᠵᠢᠭᠤᠯᠤᠨ ᠡᠳ᠋ᠰᠢᠭᠦᠯᠬᠦ ᠠᠵᠤ ᠦᠢᠯᠡᠰ ᠤᠨ ᠬᠦᠷᠢᠶᠡᠯᠡᠩ ᠢ ᠪᠠᠶᠢᠭᠤᠯᠤᠨ ᠠᠰᠢᠭᠯᠠᠯᠲᠠ ᠳᠤ ᠣᠷᠣᠭᠤᠯᠬᠤ ᠶᠢ ᠠᠬᠢᠭᠤᠯᠤᠨ᠂ ᠮᠣᠩᠭᠤᠯ ᠣᠷᠣᠰ ᠤᠨ ᠶᠠᠮᠠ ᠣᠯᠣᠰᠤᠨ ᠤ ᠦᠷ᠎ᠡ᠂ ᠰᠢᠯᠢᠮᠳᠡᠭ ᠤᠨ ᠦᠷ᠎ᠡ᠂ ᠨᠣᠣᠰᠣ ᠨᠣᠯᠣᠣᠭᠤᠷ᠂ ᠬᠠᠲᠠᠭᠤ ᠵᠢᠮᠢᠰ᠂ ᠮᠢᠬᠠᠨ ᠤ ᠵᠦᠢᠯ ᠢ ᠪᠣᠳᠠᠲᠠᠶᠢᠵᠢᠭᠤᠯᠤᠨ ᠡᠳ᠋ᠰᠢᠭᠦᠯᠬᠦ ᠰᠢᠨ᠎ᠡ ᠰᠢᠪᠲᠤᠯᠤᠯᠲᠠ ᠶᠢ ᠪᠡᠶᠡᠯᠡᠭᠦᠯᠦᠨ᠎ᠡ᠃ ᠬᠢᠯᠢ ᠶᠢᠨ ᠠᠵᠦ ᠠᠬᠤᠢ ᠶᠢᠨ ᠬᠠᠮᠲᠤᠷᠠᠯᠴᠠᠭᠠᠨ ᠤ ᠣᠷᠣᠨ ᠤ ᠲᠠᠯ᠎ᠠ ᠪᠠᠷ᠂ ᠬᠢᠯᠢ ᠶᠢᠨ ᠠᠵᠦ ᠠᠬᠤᠢ ᠶᠢᠨ ᠬᠠᠮᠲᠤᠷᠠᠯᠴᠠᠭᠠᠨ ᠤ ᠣᠷᠣᠨ ᠤ ᠶᠡᠷᠦᠩᠬᠡᠶᠢᠯᠡᠭᠰᠡᠨ ᠳᠠᠭᠠᠭᠠᠴᠠ ᠴᠢᠳᠠᠪᠤᠷᠢ ᠶᠢ ᠲᠣᠭᠲᠠᠭᠤᠨ ᠢᠶᠠᠷ ᠳᠡᠭᠡᠭᠰᠢᠯᠡᠭᠦᠯᠵᠦ᠂ ᠭᠠᠶᠢᠯᠢ   ᠶᠢᠨ ᠪᠠᠳᠣᠯᠠᠭᠠᠳᠦ ᠬᠥᠮᠥᠷᠭᠡ ᠶᠢᠨ ᠰᠢᠯᠭᠠᠨ ᠠᠪᠬᠤ ᠡᠵᠡᠩᠨᠡᠯᠲᠡ ᠶᠢ ᠠᠬᠢᠭᠤᠯᠵᠤ᠂ ᠴᠠᠭᠠᠰᠤᠨ ᠡᠭᠡᠳᠡᠩ ᠤᠨ ᠭᠠᠷᠳᠠᠮ ᠭᠦᠢᠴᠡᠳᠬᠡᠬᠦ ᠬᠥᠮᠥᠷᠭᠡ᠂ ︿ᠣᠶᠤᠨᠲᠤ ᠬᠦᠷᠢᠶᠡᠯᠡᠩ ᠲᠣᠭᠤᠷᠢᠭ﹀  ᠤᠨ ᠲᠦᠷᠦᠯ ᠵᠦᠢᠯ ᠤᠨ ᠬᠡᠷᠡᠭᠵᠢᠭᠦᠯᠦᠯᠲᠡ ᠶᠢ ᠠᠬᠢᠭᠤᠯᠤᠨ᠎ᠠ ︾ ᠭᠡᠵᠦ ᠬᠡᠯᠡᠪᠡ᠃    ᠨᠡᠭᠡᠭᠡᠯᠲᠡ ᠬᠢᠬᠦ ᠪᠣᠯ ᠢᠮᠠᠭᠲᠠ ᠪᠣᠭᠤᠮᠲᠠ ᠶᠢᠨ ᠬᠥᠭᠵᠢᠯᠲᠡ ᠶᠢᠨ ᠠᠮᠢᠨ ᠰᠤᠳᠠᠰᠤ ᠮᠥᠨ᠃ ᠡᠷᠢᠶᠡᠨ ᠬᠤᠲᠠ ︽ᠰᠠᠭᠤᠷᠢ ᠲᠥᠬᠦᠭᠡᠷᠦᠮᠵᠢ ᠶᠢᠨ ᠬᠤᠯᠪᠣᠯᠳᠤᠨ ᠨᠡᠪᠲᠡᠷᠡᠯᠴᠡᠬᠦ ᠪᠠᠷ ᠲᠡᠷᠢᠭᠦᠨ ᠴᠢᠭᠯᠡᠯ ᠪᠣᠯᠭᠠᠬᠤ︾ ᠪᠠᠷ ᠨᠢᠭᠡ ᠪᠦᠯᠦᠭ ᠲᠡᠮᠦᠷ ᠵᠠᠮ᠂ ᠵᠠᠰᠠᠮᠠᠯ ᠵᠠᠮ᠂ ᠪᠣᠭᠤᠮᠲᠠ ᠵᠡᠷᠭᠡ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠬᠦ ᠶᠢ ᠲᠦᠷᠭᠡᠳᠬᠡᠨ ᠠᠬᠢᠭᠤᠯᠵᠤ᠂ ᠪᠣᠭᠤᠮᠲᠠ ᠶᠢᠨ ᠳᠣᠲᠣᠭᠠᠳᠤ ᠭᠠᠳᠠᠭᠠᠳᠤ ᠳᠤ ᠨᠡᠪᠲᠡᠷᠡᠬᠦ ᠴᠢᠳᠠᠪᠤᠷᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠪᠡ᠃    ᠡᠷᠢᠶᠡᠨ ᠬᠤᠲᠠ   ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠸᠠᠩ ᠳ᠋ᠦᠩ ᠱᠧᠩ᠄ ︽ᠲᠡᠮᠦᠷ ᠵᠠᠮ ᠤᠨ ᠪᠣᠭᠤᠮᠲᠠ ᠶᠢᠨ ᠥᠷᠲᠡᠭᠡ ᠲᠠᠯᠠᠪᠤᠷ ᠤᠨ ᠴᠢᠳᠠᠮᠵᠢ ᠶᠢ ᠥᠷᠭᠡᠳᠬᠡᠨ ᠥᠭᠡᠷᠡᠴᠢᠯᠡᠬᠦ ᠪᠠ ᠵᠠᠰᠠᠮᠠᠯ ᠵᠠᠮ ᠤᠨ ᠪᠣᠭᠤᠮᠲᠠ ᠶᠢᠨ ᠴᠢᠩᠭᠡᠯᠢᠭ ᠢ ᠳᠡᠭᠦᠵᠢᠯᠡᠨ ᠤᠭᠰᠠᠷᠠᠬᠤ ︵ᠲᠠᠯᠠᠪᠤᠷ︶ ᠶᠢ ᠥᠷᠭᠡᠳᠬᠡᠨ ᠪᠠᠶᠢᠭᠤᠯᠬᠤ ᠠᠵᠢᠯ ᠢ ᠡᠬᠢᠯᠡᠭᠦᠯᠵᠦ᠂ ᠤᠯᠤᠰ ᠤᠨ ᠲᠡᠮᠦᠷ ᠵᠠᠮ ᠤᠨ ᠪᠦᠯᠦᠭᠯᠡᠯ ᠲᠠᠢ ᠵᠣᠬᠢᠴᠠᠭᠤᠯᠤᠨ  ᠵᠢᠨᠢᠩ — ᠡᠷᠢᠶᠡᠨ ᠱᠤᠭᠤᠮ ᠤᠨ ᠴᠢᠳᠠᠮᠵᠢ ᠶᠢ ᠥᠷᠭᠡᠳᠬᠡᠨ᠂ ᠳᠤᠮᠳᠠᠳᠤ ᠡᠸᠦ᠋ᠷᠦᠫᠡ ᠶᠢᠨ ᠡᠭᠡᠯᠵᠢᠨ ᠤ ᠭᠠᠯᠲᠤ ᠲᠡᠷᠭᠡ ᠶᠢᠨ ᠴᠤᠭᠯᠠᠷᠠᠯ ᠤᠨ ᠲᠥᠪ ᠤᠨ ᠲᠥᠷᠥᠯ ᠵᠦᠢᠯ ᠢ ᠬᠡᠷᠡᠭᠵᠢᠭᠦᠯᠵᠦ᠂ ᠵᠠᠰᠠᠮᠠᠯ ᠵᠠᠮ ᠤᠨ ᠪᠣᠭᠤᠮᠲᠠ ᠶᠢᠨ ᠵᠢᠯᠣᠭᠤᠴᠢ ᠦᠭᠡᠢ ᠪᠠᠷᠠᠭᠠᠨ ᠤ ᠲᠡᠭᠡᠭᠡᠪᠦᠷᠢ ᠶᠢᠨ ᠪᠣᠭᠤᠮᠲᠠ ᠪᠠᠷ ᠥᠩᠭᠡᠷᠡᠬᠦ ᠲᠥᠷᠥᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ ᠠᠭᠤᠷᠬᠠᠢ ᠶᠢᠨ ᠭᠠᠷᠤᠯᠲᠠ ᠶᠢᠨ ᠪᠠᠷᠠᠭᠠᠨ ᠤ ᠲᠡᠭᠡᠭᠡᠪᠦᠷᠢ ᠶᠢᠨ ᠲᠤᠰᠬᠠᠢ ᠨᠡᠪᠲᠡᠷᠡᠬᠦ ᠵᠠᠮ ᠤᠨ ᠲᠥᠷᠥᠯ ᠵᠦᠢᠯ ᠢ ᠪᠠᠶᠢᠭᠤᠯᠤᠨ ᠪᠦᠲᠦᠭᠡᠬᠦ ᠪᠠᠷ ᠴᠢᠷᠮᠠᠶᠢᠨ᠎ᠠ᠃  ᠡᠷᠢᠶᠡᠨ — ᠭᠤᠸᠠᠩᠵᠸᠦ ᠲᠦᠷᠭᠡᠨ ᠳᠠᠪᠬᠢᠬᠤ ᠵᠠᠰᠠᠮᠠᠯ ᠵᠠᠮ ᠤᠨ ᠡᠷᠢᠶᠡᠨ ᠬᠤᠲᠠ   ᠠᠴᠠ ᠰᠠᠶᠢᠬᠠᠨᠳᠠᠯ᠎ᠠ ᠬᠦᠷᠬᠦ ᠬᠡᠰᠡᠭ ᠤᠨ ᠲᠡᠷᠭᠡ ᠨᠡᠪᠲᠡᠷᠡᠬᠦ ᠶᠢ ᠲᠦᠯᠬᠢᠨ ᠠᠬᠢᠭᠤᠯᠵᠤ᠂ ᠡᠨᠡ ᠵᠢᠯ ᠤᠨ ᠳᠣᠲᠣᠷ᠎ᠠ ᠣᠯᠠᠨ ᠤᠯᠤᠰ ᠤᠨ ᠠᠭᠠᠷ ᠠᠶᠠᠯᠠᠯ ᠤᠨ ᠪᠣᠭᠤᠮᠲᠠ ᠶᠢᠨ ᠰᠢᠯᠭᠠᠨ ᠪᠠᠶᠢᠴᠠᠭᠠᠯᠲᠠ ᠶᠢ ᠥᠩᠭᠡᠷᠡᠭᠡᠵᠦ᠂ ᠵᠢᠩᠬᠢᠨᠢ ᠪᠠᠷ ᠭᠠᠳᠠᠭᠰᠢ ᠨᠡᠭᠡᠭᠡᠯᠲᠡ ᠬᠢᠬᠦ ᠪᠠᠷ ᠴᠢᠷᠮᠠᠶᠢᠨ᠎ᠠ︾ ᠭᠡᠵᠡᠢ᠃    ᠦᠷᠭᠦᠯᠵᠢᠯᠡᠨ ᠤᠷᠤᠭᠰᠢᠯᠠᠵᠤ᠂ ᠤᠷᠤᠭᠰᠢᠯᠠᠨ ᠲᠠᠪᠰᠢᠬᠤ ᠪᠠᠷ ᠮᠡᠷᠡᠶᠢᠨ ᠲᠡᠮᠡᠴᠡᠨ᠎ᠡ᠃ ᠳᠠᠷᠠᠭᠠᠴᠢ ᠶᠢᠨ ᠠᠯᠬᠤᠮ ᠳᠤ᠂ ᠡᠷᠢᠶᠡᠨ ᠬᠤᠳᠠ ᠪᠣᠭᠤᠮᠲᠠ ᠶᠢᠨ ᠤᠮᠠᠷᠠᠰᠢ ᠨᠡᠭᠡᠭᠡᠯᠲᠡ ᠬᠢᠬᠦ ᠬᠥᠭᠦᠷᠭᠡᠨ ᠪᠠᠬᠢᠯᠡᠯᠲᠡ ᠶᠢᠨ ᠳᠣᠯᠭᠠᠭᠤᠷᠢ ᠴᠡᠭ ᠤᠨ ᠦᠢᠯᠡᠳᠦᠯ ᠢ ᠦᠷᠭᠦᠯᠵᠢᠯᠡᠨ ᠪᠠᠳᠠᠷᠠᠭᠤᠯᠵᠤ᠂ ᠪᠡᠯᠡ ᠣᠷᠣᠭᠤᠯᠤᠯᠲᠠ ᠶᠢᠨ ᠡᠷᠴᠢᠮ ᠢᠶᠠᠷ ᠶᠡᠭᠡ᠂ ᠭᠠᠷᠭᠠᠯᠲᠠ ᠶᠢᠨ ᠦᠷ᠎ᠡ ᠠᠰᠢᠭ ᠢᠶᠠᠷ ᠰᠠᠶᠢᠨ᠂ ᠠᠵᠤ ᠦᠢᠯᠡᠰ ᠤᠨ ᠬᠤᠯᠪᠣᠭᠳᠠᠯ ᠢᠶᠠᠷ ᠥᠨᠳᠥᠷ ᠨᠢᠭᠡ ᠪᠦᠯᠦᠭ ᠰᠢᠯᠢᠳᠡᠭ ᠲᠦᠷᠦᠯ ᠵᠦᠢᠯ ᠢ ᠣᠷᠣᠭᠤᠯᠤᠨ ᠠᠪᠴᠢᠷᠠᠵᠤ᠂ ᠪᠣᠭᠤᠮᠲᠠ ᠶᠢᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠷᠢᠰᠢᠯ ᠢ ᠠᠬᠢᠭᠤᠯᠬᠤ ᠪᠣᠯᠣᠨ᠎ᠠ᠃     ᠡᠷᠢᠶᠡᠨ ᠬᠤᠳᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠸᠠᠩ ᠳ᠋ᠦᠩ ᠱᠧᠩ᠄ ︽ᠡᠨᠡ ᠵᠢᠯ ᠪᠣᠯ ︿ᠠᠷᠪᠠᠨ ᠳᠥᠷᠪᠡᠳᠦᠭᠡᠷ ᠲᠠᠪᠤᠨ ᠵᠢᠯ﹀  ᠤᠨ ᠲᠥᠯᠦᠪᠵᠢᠭᠦᠯᠭᠡ ᠶᠢ ᠬᠡᠷᠡᠭᠵᠢᠭᠦᠯᠬᠦ ᠵᠠᠩᠭᠢᠯᠠᠭ᠎ᠠ ᠶᠢᠨ ᠵᠢᠯ ᠪᠣᠯᠣᠨ᠎ᠠ᠂ ᠮᠥᠨᠴᠦ ᠨᠠᠮ ᠤᠨ ᠬᠤᠷᠢᠳᠤᠭᠠᠷ ᠶᠡᠭᠡ ᠬᠤᠷᠠᠯ ᠤᠨ ᠬᠤᠷᠠᠯᠳᠤᠬᠤ ᠶᠢ ᠤᠭᠲᠤᠬᠤ ᠵᠠᠩᠭᠢᠯᠠᠭ᠎ᠠ ᠶᠢᠨ ᠵᠢᠯ ᠪᠣᠯᠣᠨ᠎ᠠ᠃ ᠡᠨᠡ ᠵᠢᠯ ᠵᠠᠰᠠᠭ ᠤᠨ ᠣᠷᠳᠣᠨ ᠤ 29 ᠲᠦᠷᠦᠯ ᠤᠨ ᠪᠡᠯᠡ ᠣᠷᠣᠭᠤᠯᠤᠯᠲᠠ ᠶᠢᠨ ᠵᠦᠢᠯᠡᠰ ᠢ ᠬᠡᠷᠡᠭᠵᠢᠭᠦᠯᠬᠦ ᠪᠠᠷ ᠲᠥᠯᠥᠪᠯᠡᠵᠦ᠂ ᠶᠡᠷᠦᠩᠬᠡᠢ ᠪᠡᠯᠡ ᠣᠷᠣᠭᠤᠯᠤᠯᠲᠠ ᠨᠢ ᠪᠠᠷᠤᠭ 38 ᠳ᠋ᠦᠩᠰᠢᠭᠤᠷ ᠲᠥᠭᠦᠷᠢᠭ ᠲᠤ ᠬᠦᠷᠦᠨ᠎ᠡ  ︔ 25 ᠲᠦᠷᠦᠯ ᠤᠨ ᠨᠡᠶᠢᠭᠡᠮ ᠤᠨ ᠪᠡᠯᠡ ᠣᠷᠣᠭᠤᠯᠤᠯᠲᠠ ᠶᠢᠨ ᠵᠦᠢᠯᠡᠰ ᠢ ᠬᠡᠷᠡᠭᠵᠢᠭᠦᠯᠬᠦ ᠪᠠᠷ ᠲᠥᠯᠥᠪᠯᠡᠵᠦ᠂ ᠶᠡᠷᠦᠩᠬᠡᠢ ᠪᠡᠯᠡ ᠣᠷᠣᠭᠤᠯᠤᠯᠲᠠ ᠨᠢ ᠪᠠᠷᠤᠭ 36 ᠳ᠋ᠦᠩᠰᠢᠭᠤᠷ ᠲᠥᠭᠦᠷᠢᠭ ᠲᠤ ᠬᠦᠷᠦᠨ᠎ᠡ᠃ ᠳᠠᠷᠠᠭᠠᠴᠢ ᠶᠢᠨ ᠠᠯᠬᠤᠮ ᠳᠤ᠂ ᠪᠢᠳᠡ ᠪᠠᠰᠠ ᠦᠷᠭᠦᠯᠵᠢᠯᠡᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠭᠤᠶᠢᠪᠢᠰᠢ ᠦᠭᠡᠢ ᠪᠠᠷᠢᠮᠲᠠᠯᠠᠵᠤ᠂ ᠤᠯᠤᠰ᠂ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠲᠥᠯᠦᠪᠵᠢᠭᠦᠯᠭᠡ ᠲᠠᠢ ᠨᠢᠭᠲᠠ ᠵᠣᠯᠭᠠᠭᠤᠯᠵᠤ᠂ ᠥᠨᠳᠥᠷ ᠵᠣᠭᠰᠣᠴᠠ ᠲᠠᠢ᠂ ᠥᠨᠳᠥᠷ ᠪᠠᠷᠢᠮᠵᠢᠶ᠎ᠠ ᠲᠠᠢ᠂ ᠥᠨᠳᠥᠷ ᠲᠦᠪᠰᠢᠨ ᠢᠶᠠᠷ ᠲᠥᠯᠥᠪᠵᠢᠭᠦᠯᠵᠦ᠂ ᠪᠣᠭᠤᠮᠲᠠ ᠶᠢᠨ ᠠᠯᠤᠰ ᠬᠡᠳᠤ ᠶᠢᠨ ᠬᠥᠭᠵᠢᠯᠲᠡ ᠳᠤ ᠬᠤᠯᠪᠣᠭᠳᠠᠬᠤ ᠨᠢᠭᠡ ᠪᠦᠯᠦᠭ ᠴᠢᠬᠤᠯᠠ ᠶᠡᠭᠡ ᠲᠦᠷᠦᠯ ᠵᠦᠢᠯ ᠢ ᠨᠥᠭᠡᠴᠡᠯᠡᠵᠦ᠂ ᠴᠢᠨᠠᠷ ᠰᠠᠶᠢᠲᠠᠢ ᠬᠥᠭᠵᠢᠯᠲᠡ ᠳᠤ ᠰᠠᠭᠤᠷᠢ ᠲᠠᠯᠪᠢᠨ᠎ᠠ︾ ᠭᠡᠵᠦ ᠬᠡᠯᠡᠪᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号