| | ᠳᠤᠮᠳᠠᠳᠤ ᠮᠣᠩᠭᠤᠯ ᠬᠤᠶᠠᠷ ᠤᠯᠤᠰ ᠤᠨ ᠬᠥᠮᠦᠯᠢᠭ ᠦᠵᠡᠯ ᠤᠨ ᠬᠦᠷᠢᠶᠡᠨ ᠳᠠᠬᠢ ᠬᠠᠮᠲᠤᠷᠠᠯᠴᠠᠭ᠎ᠠ | ᠰᠣᠯᠢᠯᠴᠠᠭ᠎ᠠ ᠶᠢ ᠭᠦᠨᠵᠡᠭᠡᠢ ᠠᠬᠢᠭᠤᠯᠵᠦ᠂ ︽ᠨᠢᠭᠡ ᠪᠦᠰᠡ ᠨᠢᠭᠡ ᠵᠠᠮ︾ ᠤᠨ ᠮᠣᠩᠭᠤᠯ ᠤᠯᠤᠰ ᠤᠨ ᠤᠯᠠᠭᠠᠨ | ᠵᠠᠭᠠᠯᠮᠠᠶᠢᠲᠠᠨ ᠤ ᠬᠤᠷᠢᠶ᠎ᠠ ᠠᠴᠠ ᠬᠥᠮᠦᠯᠢᠭ ᠦᠵᠡᠯ ᠤᠨ ᠠᠪᠤᠷᠠᠨ ᠲᠤᠰᠠᠯᠠᠬᠤ ᠲᠥᠷᠥᠯ ᠵᠦᠢᠯ ᠢ ᠤᠯᠠᠮ ᠨᠢᠭᠡ | ᠠᠯᠬᠤᠮ ᠨᠠᠶᠢᠳᠠᠪᠣᠷᠢᠵᠢᠭᠤᠯᠬᠤ ᠶᠢᠨ ᠳᠣᠯᠠᠳᠠ᠂ ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠤᠯᠠᠭᠠᠨ | ᠵᠠᠭᠠᠯᠮᠠᠶᠢᠲᠠᠨ ᠤ ᠨᠡᠶᠢᠭᠡᠮᠯᠢᠭ ᠠᠴᠠ ᠮᠣᠩᠭᠤᠯ ᠤᠯᠤᠰ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠲᠤ ᠦᠨ᠎ᠡ | ᠲᠥᠯᠥᠪᠦᠷᠢ ᠦᠭᠡᠢ ᠪᠠᠷ 140 ᠭᠠᠷᠤᠢ ᠲᠦᠮᠡᠨ ᠲᠥᠭᠦᠷᠢᠭ ᠤᠨ ᠡᠮ ᠡᠮᠨᠡᠯᠭᠡ ᠬᠢᠵᠢᠭ ᠢ ᠰᠡᠷᠭᠡᠶᠢᠯᠡᠬᠦ ᠡᠳ᠋ ᠪᠣᠳᠠᠰ | ᠬᠠᠨᠳᠢᠪᠯᠡᠬᠤ ᠪᠠᠷ ᠲᠣᠭᠲᠠᠪᠠ᠂ ᠲᠣᠰ ᠪᠦᠯᠦᠭ ᠡᠳ᠋ ᠪᠣᠳᠠᠰ ᠢ 3 ᠰᠠᠷ᠎ᠠ ᠶᠢᠨ 24 ᠤ ᠡᠳᠦᠷ ᠡᠷᠢᠶᠡᠨ ᠬᠤᠲᠠ ᠶᠢᠨ | ᠪᠣᠭᠤᠮᠲᠠ ᠪᠠᠷ ᠳᠡᠮᠵᠢᠨ ᠬᠢᠯᠢ ᠠᠴᠠ ᠭᠠᠷᠭᠠᠨ᠎ᠠ᠃ | | | ᠲᠤᠰᠠᠯᠠᠮᠵᠢ ᠶᠢᠨ ᠡᠳ᠋ ᠪᠣᠳᠠᠰ ᠪᠠ ᠲᠦᠷᠭᠡᠨ ᠠᠪᠤᠷᠠᠬᠤ ᠲᠡᠷᠭᠡ ᠠᠭᠠᠵᠢᠮ ᠢᠶᠠᠷ ᠵᠠᠰᠠᠮᠠᠯ ᠵᠠᠮ ᠤᠨ ᠪᠣᠭᠤᠮᠲᠠ ᠶᠢᠨ | ᠪᠠᠷᠠᠭᠠᠨ ᠤ ᠭᠦᠢᠯᠭᠡᠭᠡᠨ ᠤ ᠲᠣᠭᠤᠷᠢᠭ ᠲᠤ ᠣᠷᠣᠪᠠ | | ᠣᠶᠢᠯᠠᠭᠠᠭᠰᠠᠨ ᠢᠶᠠᠷ᠂ ᠮᠣᠩᠭᠤᠯ ᠤᠯᠤᠰ ᠤᠨ ᠤᠯᠠᠭᠠᠨ ᠵᠠᠭᠠᠯᠮᠠᠶᠢᠲᠠᠨ ᠤ ᠬᠤᠷᠢᠶ᠎ᠠ ᠳᠤ ᠦᠨ᠎ᠡ ᠲᠥᠯᠥᠪᠦᠷᠢ | ᠦᠭᠡᠢ ᠪᠠᠷ ᠬᠠᠨᠳᠢᠪᠯᠡᠭ᠌ᠰᠠᠨ ᠡᠮᠴᠢᠯᠡᠭᠡᠨ ᠤ ᠡᠳ᠋ ᠪᠣᠳᠠᠰ ᠲᠤ᠄ 2 ᠰᠥᠭᠡᠷᠭᠦ ᠳᠠᠷᠤᠯᠲᠠᠲᠤ ᠲᠦᠷᠭᠡᠨ ᠠᠪᠤᠷᠠᠯᠳᠠ ᠶᠢᠨ | ᠲᠡᠷᠭᠡ᠂ 4 ᠲᠦᠮᠡᠨ ᠨᠢᠭᠡ ᠯᠡ ᠤᠳᠠᠭ᠎ᠠ ᠬᠡᠷᠡᠭᠯᠡᠬᠦ ᠡᠮᠨᠡᠯᠭᠡ ᠳᠤ ᠬᠡᠷᠡᠭᠯᠡᠬᠦ ᠠᠮᠠᠪᠴᠢ᠂ 2 ᠲᠦᠷᠭᠡᠨ | ᠠᠪᠤᠷᠠᠯᠳᠠ ᠶᠢᠨ ᠥᠷᠲᠡᠭᠡᠨ ᠳᠤ ᠬᠡᠷᠡᠭᠯᠡᠬᠦ ᠲᠥᠬᠦᠭᠡᠷᠦᠮᠵᠢ ᠪᠠ ᠳᠠᠭᠤᠷᠢᠶᠠᠮᠠᠯ ᠬᠥᠮᠥᠨ ᠵᠢᠴᠢ AED | ᠪᠣᠯᠪᠠᠰᠤᠷᠠᠯ ᠤᠨ ᠪᠠᠭᠠᠵᠢ ᠵᠡᠷᠭᠡ ᠪᠤᠰᠤᠳ ᠲᠦᠷᠭᠡᠨ ᠠᠪᠤᠷᠠᠯᠳᠠ ᠶᠢᠨ ᠪᠠᠭᠠᠵᠢ ᠬᠡᠷᠡᠭᠰᠡᠯ ᠪᠠᠭᠲᠠᠨ᠎ᠠ᠂ ᠪᠥᠬᠦ ᠥᠷᠲᠡᠭ | ᠨᠢ 140 ᠭᠠᠷᠤᠢ ᠲᠦᠮᠡᠨ ᠲᠥᠭᠦᠷᠢᠭ ᠠᠷᠠᠳ ᠤᠨ ᠵᠣᠭᠤᠰ ᠪᠣᠯᠣᠨ᠎ᠠ᠃ᠲᠣᠰ ᠪᠦᠯᠦᠭ ᠡᠮ ᠡᠮᠨᠡᠯᠭᠡ ᠬᠢᠵᠢᠭ ᠢ | ᠰᠡᠷᠭᠡᠶᠢᠯᠡᠬᠦ ᠡᠳ᠋ ᠪᠣᠳᠠᠰ ᠨᠢ ᠬᠢᠵᠢᠭ ᠤᠨ ᠪᠠᠶᠢᠳᠠᠯ ᠢ ᠡᠰᠡᠷᠭᠦᠴᠡᠵᠦ ᠪᠠᠶᠢᠭ᠎ᠠ ᠮᠣᠩᠭᠤᠯ ᠤᠯᠤᠰ ᠲᠤ ᠠᠪᠴᠤ ᠬᠡᠯᠡᠪᠡᠯ | ᠂ ︽ᠴᠠᠭ ᠤᠨ ᠬᠤᠷ᠎ᠠ︾ ᠲᠠᠢ ᠠᠳᠠᠯᠢ ᠪᠠᠶᠢᠵᠤ᠂ ᠮᠣᠩᠭᠤᠯ ᠤᠯᠤᠰ ᠤᠨ ᠠᠷᠠᠳ ᠲᠦᠮᠡᠨ ᠳᠤ ᠨᠥᠬᠦᠷᠰᠡᠭ ᠬᠥᠷᠰᠢ | ᠤᠯᠤᠰ ᠤᠨ ᠬᠠᠯᠠᠭᠤᠨ ᠰᠡᠳᠬᠢᠯᠭᠡ ᠶᠢ ᠮᠡᠳᠡᠷᠡᠭᠦᠯᠦᠭᠰᠡᠨ ᠪᠠᠶᠢᠨ᠎ᠠ᠃ | | | ᠬᠠᠨᠳᠢᠪᠯᠠᠵᠦ ᠪᠠᠶᠢᠭ᠎ᠠ ᠡᠮᠴᠢᠯᠡᠭᠡᠨ ᠤ ᠡᠳ᠋ ᠪᠣᠳᠠᠰ | | ᠡᠨᠡ ᠪᠦᠯᠦᠭ ᠡᠮᠴᠢᠯᠡᠭᠡᠨ ᠤ ᠡᠳ᠋ ᠪᠣᠳᠠᠰ ᠤᠨ ᠪᠣᠭᠤᠮᠲᠠ ᠪᠠᠷ ᠥᠩᠭᠡᠷᠡᠬᠦ ᠶᠢ ᠪᠠᠲᠤᠯᠠᠬᠤ ᠶᠢᠨ ᠳᠣᠯᠠᠳᠠ᠂ | ᠮᠠᠨ ᠤ ᠬᠤᠲᠠ ᠶᠢᠨ ᠵᠠᠰᠠᠮᠠᠯ ᠵᠠᠮ ᠤᠨ ᠪᠣᠭᠤᠮᠲᠠ ᠶᠢᠨ ᠠᠵᠢᠯ ᠤᠨ ᠲᠤᠰᠬᠠᠢ ᠠᠩᠭᠢ ᠢᠯᠡ ᠳᠠᠷᠠᠭᠠᠯᠠᠯ ᠤᠨ ᠵᠠᠷᠴᠢᠮ | ᠶᠣᠰᠣᠭᠠᠷ᠂ ᠲᠣᠰ ᠪᠦᠯᠦᠭ ᠬᠢᠵᠢᠭ ᠢ ᠰᠡᠷᠭᠡᠶᠢᠯᠡᠬᠦ ᠡᠳ᠋ ᠪᠣᠳᠠᠰ ᠲᠤ ᠰᠠᠭᠠᠳ ᠦᠭᠡᠢ ᠨᠡᠪᠲᠡᠷᠡᠬᠦ ᠵᠠᠮ ᠨᠡᠭᠡᠭᠡᠵᠦ | ᠥᠭᠴᠡᠢ᠃ ᠲᠣᠰ ᠪᠦᠯᠦᠭ ᠬᠠᠨᠳᠢᠪᠯᠡᠨ ᠬᠦᠷᠭᠡᠭᠰᠡᠨ ᠡᠳ᠋ ᠪᠣᠳᠠᠰ ᠢ ᠪᠣᠭᠤᠮᠲᠠ ᠪᠠᠷ ᠥᠩᠭᠡᠷᠡᠭᠦᠯᠬᠦ ᠭᠠᠷ | ᠭᠦᠢᠴᠡᠳᠬᠡᠯ ᠪᠠ ᠪᠦᠬᠦᠯᠢ ᠠᠪᠳᠠᠷ᠎ᠠ ᠪᠠᠷ ᠨᠢ ᠠᠷᠢᠭᠤᠳᠬᠠᠨ ᠠᠷᠢᠯᠭᠠᠬᠤ ᠠᠵᠢᠯ ᠢ ᠪᠡᠶᠡᠯᠡᠭᠦᠯᠦᠭᠰᠡᠨ ᠤ ᠳᠠᠷᠠᠭ᠎ᠠ᠂ | ᠥᠨᠥᠳᠥᠷ ᠤᠨ ᠦᠳᠡ ᠶᠢᠨ ᠡᠮᠦᠨ᠎ᠡ ᠨᠢᠭᠡᠨᠲᠡ ᠪᠣᠭᠤᠮᠲᠠ ᠪᠠᠷ ᠤᠷᠤᠭᠰᠢᠲᠠᠢ ᠪᠠᠷ ᠥᠩᠭᠡᠷᠡᠵᠦ ᠬᠢᠯᠢ ᠠᠴᠠ | ᠭᠠᠷᠤᠭᠰᠠᠨ ᠪᠠᠶᠢᠨ᠎ᠠ᠃ | ᠬᠤᠲᠠ ᠶᠢᠨ ᠤᠯᠠᠭᠠᠨ ᠵᠠᠭᠠᠯᠮᠠᠶᠢᠲᠠᠨ ᠤ ᠬᠠᠷᠢᠭᠤᠴᠠᠯᠭᠠᠲᠠᠨ ᠠᠴᠠ᠂ ᠲᠣᠰ ᠪᠦᠯᠦᠭ ᠬᠢᠵᠢᠭ ᠢ ᠰᠡᠷᠭᠡᠶᠢᠯᠡᠬᠦ | ᠡᠳ᠋ ᠪᠣᠳᠠᠰ ᠤᠨ ᠪᠣᠭᠤᠮᠲᠠ ᠪᠠᠷ ᠥᠩᠭᠡᠷᠡᠬᠦ ᠶᠢ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠡᠭᠡᠳᠦ | ᠬᠡᠮᠵᠢᠶ᠎ᠡ ᠪᠠᠷ ᠴᠢᠬᠤᠯᠠᠴᠢᠯᠠᠨ ᠦᠵᠡᠵᠦ ᠪᠠᠶᠢᠨ᠎ᠠ᠂ ᠪᠣᠭᠤᠮᠲᠠ ᠪᠠᠷ ᠤᠷᠤᠭᠰᠢᠲᠠᠢ ᠥᠩᠭᠡᠷᠡᠬᠦ ᠶᠢᠨ ᠳᠣᠯᠠᠳᠠ᠂ | ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠲᠣᠰ ᠪᠦᠯᠦᠭ ᠡᠳ᠋ ᠪᠣᠳᠠᠰ ᠲᠤ ᠰᠠᠭᠠᠳ ᠦᠭᠡᠢ ᠨᠡᠪᠲᠡᠷᠡᠬᠦ ᠵᠠᠮ | ᠨᠡᠭᠡᠭᠡᠵᠦ ᠥᠭᠭᠦᠭᠰᠡᠨ ᠪᠠᠶᠢᠨ᠎ᠠ ᠭᠡᠵᠡᠢ᠃ ᠡᠳᠡᠭᠡᠷ ᠡᠳ᠋ ᠪᠣᠳᠠᠰ ᠮᠣᠩᠭᠤᠯ ᠤᠯᠤᠰ ᠲᠤ ᠬᠦᠷᠦᠭᠰᠡᠨ ᠤ ᠳᠠᠷᠠᠭ᠎ᠠ᠂ | ᠮᠣᠩᠭᠤᠯ ᠤᠯᠤᠰ ᠤᠨ ᠠᠷᠠᠳ ᠲᠦᠮᠡᠨ ᠤ ᠬᠢᠵᠢᠭ ᠤᠨ ᠪᠠᠶᠢᠳᠠᠯ ᠢ ᠡᠷᠲᠡᠬᠡᠨ ᠢᠯᠠᠨ ᠳᠠᠪᠠᠭ᠋ᠤ ᠳᠤ ᠲᠤᠰᠠ ᠪᠣᠯᠬᠤ | ᠶᠢ ᠬᠦᠰᠡᠵᠦ ᠪᠠᠶᠢᠨ᠎ᠠ ᠭᠡᠪᠡ᠃ | | |