ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠠᠴᠠ ᠬᠢᠵᠢᠭ ᠢ ᠰᠡᠷᠭᠡᠶᠢᠯᠡᠬᠦ ᠪᠣᠭᠤᠮᠲᠠ ᠶᠢᠨ ᠡᠮᠦᠨ᠎ᠡ ᠹᠷᠣᠨᠲ ᠤᠨ ᠠᠵᠢᠯᠲᠠᠳ ᠢ ᠳᠣᠬᠤᠨᠢᠭᠤᠯᠪᠠ
ᠨᠡᠶᠢᠲᠡᠯᠡᠭᠰᠡᠨ ᠴᠠᠭ᠄
2022/3/28
    3 ᠰᠠᠷ᠎ᠠ ᠶᠢᠨ 25 ᠤ ᠡᠳᠦᠷ᠂ ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠡᠯ᠎ᠡ ᠵᠠᠮ ᠬᠠᠷᠢᠯᠴᠠᠭᠠᠨ ᠤ ᠪᠣᠭᠤᠮᠲᠠ ᠳᠤ ᠬᠦᠷᠴᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠮᠦᠨ᠎ᠡ ᠹᠷᠣᠨᠲ ᠲᠤ ᠪᠠᠶᠢᠭ᠎ᠠ ᠠᠵᠢᠯᠲᠠᠳ ᠢ ᠪᠣᠯᠭᠤᠭᠠᠨ ᠲᠣᠬᠤᠨᠢᠭᠤᠯᠵᠤ᠂ ᠲᠡᠳᠡᠨ ᠳᠤ ᠲᠣᠬᠤᠨᠢᠭᠤᠯᠬᠤ ᠪᠣᠳᠠᠰ ᠬᠦᠷᠭᠡᠪᠡ᠃
       ᠪᠣᠭᠤᠮᠲᠠ ᠶᠢᠨ ᠠᠵᠢᠯᠲᠠᠳ ᠲᠤ ᠲᠣᠬᠤᠨᠢᠭᠤᠯᠬᠤ ᠪᠣᠳᠠᠰ ᠬᠦᠷᠭᠡᠨ᠎ᠡ      ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠠᠵᠢᠯᠲᠠᠳ ᠤᠷᠢᠳ ᠬᠤᠵᠢᠳ 208 ᠵᠠᠰᠠᠮᠠᠯ ᠵᠠᠮ ᠤᠨ ᠰᠡᠷᠭᠡᠶᠢᠯᠡᠨ ᠡᠵᠡᠮᠳᠡᠬᠦ‍ ᠴᠢᠭ᠂ 331 ᠵᠠᠰᠠᠮᠠᠯ ᠵᠠᠮ ᠤᠨ ᠵᠡᠬᠦᠨ ᠴᠢᠭ ᠪᠣᠯᠣᠨ ᠪᠠᠷᠠᠭᠤᠨ ᠴᠢᠭ ᠲᠤ ᠬᠦᠷᠴᠦ ᠲᠣᠬᠤᠨᠢᠭᠤᠯᠪᠠ᠃ ᠬᠢᠵᠢᠭ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ᠂ ᠵᠢᠵᠢᠭᠦᠷᠯᠡᠵᠦ ᠪᠠᠶᠢᠭ᠎ᠠ ᠬᠥᠮᠥᠰ ᠤᠨ ᠡᠭᠡᠯᠵᠢ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠲᠡᠳᠡᠨ ᠳᠤ ᠪᠡᠯᠡᠨ ᠭᠤᠯᠢᠷ᠂ ᠬᠢᠮ᠎ᠠ᠂ ᠥᠪᠡᠷᠲᠡᠭᠡᠨ ᠬᠠᠯᠠᠭᠤᠯᠬᠤ ᠪᠤᠳᠠᠭ᠎ᠠ ᠵᠡᠷᠭᠡ ᠲᠣᠬᠤᠨᠢᠭᠤᠯᠬᠤ ᠪᠣᠳᠠᠰ ᠬᠦᠷᠭᠡᠨ ᠥᠭᠴᠦ᠂ ︽ᠴᠢᠭ ᠤᠨ ᠬᠠᠮᠠᠭᠠᠯᠠᠭᠴᠢ︾ ᠳᠤ ᠵᠣᠷᠢᠭᠵᠢᠭᠤᠯᠤᠯ ᠥᠭᠴᠦ᠂ ᠲᠡᠳᠡᠨ ᠤ ᠪᠥᠬᠦ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠦᠵᠡᠭᠦᠯᠦᠭᠰᠡᠨ ᠬᠤᠪᠢ ᠨᠡᠮᠡᠷᠢ ᠳᠤ ᠲᠠᠯᠠᠷᠬᠠᠨ᠂ ᠲᠡᠳᠡᠨ ᠳᠤ ᠬᠤᠪᠢ ᠪᠡᠶ᠎ᠡ ᠶᠢᠨ ᠬᠠᠮᠠᠭᠠᠯᠠᠯᠲᠠ ᠪᠠᠨ ᠰᠠᠶᠢᠲᠤᠷ ᠬᠢᠭᠡᠷᠡᠢ ᠭᠡᠵᠦ ᠵᠠᠬᠢᠪᠠ᠃
     ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠵᠢᠵᠢᠭᠦᠷᠯᠡᠭᠴᠢ ᠲᠠᠢ ᠳᠣᠲᠣᠨᠣ ᠪᠠᠷ ᠶᠠᠷᠢᠯᠴᠠᠵᠤ᠂ ᠠᠵᠢᠯ ᠤᠨ ᠪᠠᠶᠢᠳᠠᠯ ᠢ ᠯᠠᠪᠯᠠᠨ ᠠᠰᠠᠭᠤᠨ᠎ᠠ    ᠰᠡᠷᠭᠡᠶᠢᠯᠡᠨ ᠡᠵᠡᠮᠳᠡᠬᠦ ᠪᠣᠭᠤᠮᠲᠠ ᠳᠤ ᠵᠢᠵᠢᠭᠦᠷᠯᠡᠵᠦ ᠪᠠᠶᠢᠭ᠎ᠠ ᠵᠡᠬᠦᠨ ᠬᠤᠳᠠ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠤᠨ ᠡᠮᠴᠢ ᠰᠤᠪᠢᠯᠠᠭᠴᠢ ᠵᠠᠩ ᠰᠢᠤᠸᠠᠢ ᠮᠧᠢ᠄ ︽ᠬᠤᠳᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠮᠠᠨ ᠤ ᠠᠵᠢᠯ ᠢ ᠳᠡᠮᠵᠢᠵᠦ ᠵᠣᠷᠢᠭᠵᠢᠭᠤᠯᠤᠭᠰᠠᠨ ᠳᠤ ᠲᠤᠶᠢᠯ ᠢᠶᠠᠷ ᠲᠠᠯᠠᠷᠬᠠᠵᠤ ᠪᠠᠶᠢᠨ᠎ᠠ᠂ ᠪᠢᠳᠡ ᠰᠡᠷᠭᠡᠶᠢᠯᠡᠨ ᠡᠵᠡᠮᠳᠡᠬᠦ ᠠᠵᠢᠯ ᠢ ᠤᠯᠠᠮ ᠴᠢᠨᠠᠭᠰᠢᠳᠠ ᠴᠢᠩᠭ᠎ᠠ ᠨᠢᠮᠪᠠᠢ ᠬᠢᠵᠦ᠂ ᠭᠤᠭᠴᠤᠭ᠎ᠠ ᠪᠦᠷᠢ ᠶᠢ ᠰᠠᠶᠢᠲᠤᠷ ᠠᠳᠬᠤᠵᠤ᠂ ᠡᠭᠡᠯᠵᠢ ᠪᠦᠷᠢ ᠶᠢᠨ ᠠᠵᠢᠯ ᠤᠨ ᠪᠠᠶᠢᠷᠢ ᠳᠤ ᠰᠠᠶᠢᠲᠤᠷ ᠵᠣᠭᠰᠣᠵᠤ᠂ ᠪᠦᠬᠦ ᠬᠤᠳᠠ ᠶᠢᠨ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠣᠯᠣᠨ ᠪᠡᠶ᠎ᠡ ᠮᠠᠬᠠᠪᠤᠳ ᠤᠨ ᠡᠷᠡᠭᠦᠯ ᠮᠡᠨᠳᠤ ᠶᠢ ᠬᠠᠮᠠᠭᠠᠯᠠᠨ᠎ᠠ︾ ᠭᠡᠵᠦ ᠬᠡᠯᠡᠪᠡ᠃       ᠣᠶᠢᠯᠠᠭᠠᠭᠰᠠᠨ ᠢᠶᠠᠷ᠂ ᠲᠣᠰ ᠤᠳᠠᠭᠠᠨ ᠤ ᠲᠣᠬᠤᠨᠢᠭᠤᠯᠬᠤ ᠪᠣᠳᠠᠰ   ᠢ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠠᠴᠠ ᠬᠠᠩᠭᠠᠪᠠ᠃
      ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠠᠵᠢᠯᠲᠠᠨ 208 ᠤᠯᠤᠰ ᠤᠨ ᠵᠠᠮ ᠤᠨ ᠡᠮᠦᠨ᠎ᠡ ᠴᠢᠭ  ᠤᠨ ᠵᠢᠵᠢᠭᠦᠷᠯᠡᠭᠴᠢ ᠲᠠᠢ ᠬᠠᠮᠲᠤ ᠶᠢᠨ ᠰᠡᠭᠦᠳᠡᠷ ᠲᠠᠲᠠᠭᠤᠯᠪᠠ
 
ᠢᠷᠡᠯᠲᠡ᠄ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号