ᠵᠠᠩ ᠵᠢᠶᠦ᠋ᠨ᠄ ᠮᠠᠨ ᠤ ᠬᠤᠲᠠ ᠶᠢᠨ ᠠᠩᠬᠠᠳᠠᠭᠴᠢ ᠴᠢᠰᠤ ᠦᠶᠯᠡᠳᠬᠦ ᠭᠤᠣᠯ ᠡᠰ ᠬᠠᠨᠳᠢᠪᠯᠡᠬᠤ ᠰᠠᠶᠢᠨ ᠳᠣᠷᠠᠳᠠᠨ ᠬᠥᠬᠡᠬᠤᠲᠠ ᠵᠦᠭ ᠴᠢᠭᠯᠡᠪᠡ
ᠨᠡᠶᠢᠲᠡᠯᠡᠭᠰᠡᠨ ᠴᠠᠭ᠄
2022/3/28
    3 ᠰᠠᠷ᠎ᠠ ᠶᠢᠨ 27 ᠤ ᠡᠳᠦᠷ᠂ ᠮᠠᠨ ᠤ ᠬᠤᠲᠠ ᠠᠴᠠ ᠵᠠᠩ ᠵᠢᠶᠦ᠋ᠨ ᠨᠥᠬᠦᠷ ᠲᠤ ᠴᠢᠰᠤ ᠪᠦᠲᠦᠭᠡᠬᠦ ᠭᠤᠣᠯ ᠡᠰ ᠬᠠᠨᠳᠢᠪᠯᠠᠬᠤ ᠶᠣᠰᠣᠯᠠᠯ ᠡᠷᠬᠢᠯᠡᠪᠡ᠃ ᠬᠡᠷᠪᠡ ᠬᠠᠨᠳᠢᠪᠯᠡᠭᠠᠳ ᠠᠮᠵᠢᠯᠲᠠ ᠣᠯᠪᠠᠯ᠂ ᠵᠠᠩ ᠵᠢᠶᠦ᠋ᠨ ᠮᠠᠨ ᠤ ᠬᠤᠲᠠ ᠶᠢᠨ ᠠᠩᠬᠠᠳᠠᠭᠴᠢ ᠴᠢᠰᠤ ᠪᠦᠲᠦᠭᠡᠬᠦ ᠭᠤᠣᠯ ᠡᠰ ᠤᠨ ᠬᠠᠨᠳᠢᠪᠯᠡᠭ᠌ᠴᠢ ᠪᠣᠯᠵᠤ᠂ ᠰᠢᠯᠢ ᠶᠢᠨ ᠭᠤᠣᠯ ᠠᠶᠢᠮᠠᠭ ᠤᠨ 7 ᠳᠠᠬᠢ ᠴᠢᠰᠤ ᠪᠦᠲᠦᠭᠡᠬᠦ ᠭᠤᠣᠯ ᠡᠰ ᠤᠨ ᠬᠠᠨᠳᠢᠪᠯᠡᠭ᠌ᠴᠢ ᠪᠣᠯᠬᠤ ᠪᠣᠯᠣᠨ᠎ᠠ᠃     ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ ᠶᠠᠩ ᠶᠢᠨ ᠷᠦᠢ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠸᠠᠩ ᠵᠢᠩ ᠦᠳᠡᠨ ᠮᠣᠷᠳᠠᠭᠤᠯᠬᠤ ᠶᠣᠰᠣᠯᠠᠯ ᠳᠤ ᠣᠷᠣᠯᠴᠠᠪᠠ᠃
ᠦᠳᠡᠬᠦ ᠶᠣᠰᠣᠯᠠᠯ ᠤᠨ ᠠᠬᠤᠢ ᠲᠠᠯᠠᠪᠠᠢ     ᠵᠠᠩ ᠵᠢᠶᠦ᠋ᠨ ᠪᠣᠯ ᠮᠠᠨ ᠤ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠠᠵᠢᠯᠲᠠᠨ᠂ ᠮᠥᠨ ᠴᠦ ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠨᠡᠷ᠎ᠡ ᠬᠦᠨᠳᠦ ᠲᠠᠢ ᠰᠠᠶᠢᠨ ᠳᠤᠷ᠎ᠠ ᠶᠢᠨ ᠠᠵᠢᠯᠯᠠᠭᠴᠢ ᠮᠥᠨ᠃2018 ᠣᠨ ᠳᠤ᠂ ᠨᠢᠭᠡ ᠤᠳᠠᠭ᠎ᠠ ᠶᠢᠨ ᠦᠨ᠎ᠡ ᠲᠥᠯᠥᠪᠦᠷᠢ ᠦᠭᠡᠢ ᠪᠠᠷ ᠴᠢᠰᠤ ᠬᠠᠨᠳᠢᠪᠯᠡᠬᠤ ᠶᠠᠪᠤᠴᠠ ᠳᠤ᠂ ᠲᠡᠷᠡ ᠳᠤᠮᠳᠠᠳᠤ ᠶᠢᠨ ᠴᠢᠮᠦᠭᠡᠨ ᠬᠥᠮᠥᠷᠭᠡ ᠶᠢᠨ ᠴᠢᠰᠤ ᠪᠦᠲᠦᠭᠡᠬᠦ ᠭᠤᠣᠯ ᠡᠰ ᠢᠶᠠᠨ ᠬᠠᠨᠳᠢᠪᠯᠡᠬᠤ ᠢᠷᠠᠭᠤ ᠠᠯᠳᠠᠷᠲᠤ ᠰᠠᠶᠢᠨ ᠳᠤᠷ᠎ᠠ ᠶᠢᠨ ᠠᠵᠢᠯᠯᠠᠭᠴᠢ ᠪᠣᠯᠤᠭᠰᠠᠨ ᠪᠠᠶᠢᠨ᠎ᠠ᠃ ᠡᠨᠡ ᠵᠢᠯ ᠤᠨ 2 ᠰᠠᠷ᠎ᠠ ᠶᠢᠨ 8 ᠤ ᠡᠳᠦᠷ᠂ ᠲᠡᠷᠡ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠤᠲᠠᠰᠤ ᠶᠢ ᠲᠤᠰᠴᠤ᠂ ᠨᠢᠭᠡᠨ ᠴᠢᠰᠤᠨ ᠤ ᠡᠪᠡᠳᠴᠢᠨ ᠲᠠᠢ ᠡᠪᠡᠳᠴᠢᠲᠡᠨ ᠲᠠᠢ ᠠᠩᠬ᠎ᠠ ᠲᠣᠬᠢᠷᠠᠭᠤᠯᠤᠭᠰᠠᠨ ᠢᠶᠠᠨ ᠣᠯᠵᠤ ᠮᠠᠲᠠᠵᠠᠢ᠃ ᠡᠭᠦᠨ ᠤ ᠳᠠᠷᠠᠭ᠎ᠠ ᠪᠠᠷ ᠳᠡᠭᠡᠳᠦ ᠢᠯᠭᠠᠮᠵᠢ ᠲᠠᠢ ᠬᠡᠯᠪᠡᠷᠢ ᠲᠣᠬᠢᠷᠠᠭᠤᠯᠬᠤ᠂ ᠪᠡᠶ᠎ᠡ   ᠶᠢᠨ ᠪᠠᠶᠢᠴᠠᠭᠠᠯᠲᠠ ᠬᠢᠬᠦ ᠵᠡᠷᠭᠡ ᠵᠢᠷᠤᠮ   ᠢ ᠤᠷᠤᠭᠰᠢᠲᠠᠢ ᠪᠠᠷ ᠥᠩᠭᠡᠷᠡᠭᠡᠵᠦ᠂ ᠬᠠᠨᠳᠢᠪᠯᠡᠬᠤ ᠲᠥᠯᠥᠪᠯᠡᠭᠡ ᠪᠠᠨ ᠲᠣᠭᠲᠠᠭᠠᠭᠰᠠᠨ ᠪᠠᠶᠢᠨ᠎ᠠ᠃ ᠦᠳᠡᠨ ᠮᠣᠷᠳᠠᠭᠤᠯᠬᠤ ᠶᠣᠰᠣᠯᠠᠯ ᠤᠨ ᠲᠠᠷᠠᠭ᠎ᠠ᠂ ᠲᠡᠷᠡ ᠬᠤᠳᠠ ᠶᠢᠨ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠠᠵᠢᠯᠲᠠᠨ ᠤ ᠪᠠᠷ᠎ᠠ ᠪᠤᠯᠤᠯᠭ᠎ᠠ ᠲᠠᠢ ᠪᠠᠷ ᠬᠥᠬᠡᠬᠤᠲᠠ ᠳᠤ ᠬᠦᠷᠴᠦ ᠪᠡᠯᠡᠳᠬᠡᠯ ᠠᠵᠢᠯ ᠬᠢᠵᠦ᠂ ᠵᠢᠱᠢᠯᠲᠡ ᠪᠠᠷ 4 ᠰᠠᠷ᠎ᠠ ᠶᠢᠨ 2  ᠤᠨ ᠡᠳᠦᠷ ᠮᠡᠰᠡ ᠵᠠᠰᠠᠯ ᠬᠢᠬᠦ ᠪᠣᠯᠣᠨ᠎ᠠ᠃ ᠵᠠᠩ ᠵᠢᠶᠦ᠋ᠨ ᠨᠥᠬᠦᠷ ᠪᠣᠳᠠᠲᠤ ᠠᠵᠢᠯᠯᠠᠭ᠎ᠠ ᠪᠠᠷ ᠢᠶᠠᠨ ᠮᠠᠨ ᠤ ᠬᠤᠲᠠ ᠶᠢᠨ ᠵᠠᠯᠠᠭᠤᠴᠤᠳ ᠤᠨ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ᠂ ᠨᠡᠶᠢᠭᠡᠮ ᠳᠤ ᠬᠤᠪᠢ ᠨᠡᠮᠡᠷᠢ ᠦᠵᠡᠭᠦᠯᠬᠦ ᠡᠷᠬᠢᠮ ᠳᠡᠭᠡᠳᠦ ᠦᠵᠡᠯ ᠰᠡᠳᠬᠢᠯᠭᠡ ᠪᠠ ᠨᠡᠶᠢᠲᠡ ᠶᠢᠨ ᠠᠰᠠᠷᠠᠮᠵᠢ ᠶᠢᠨ ᠲᠥᠯᠥᠭᠡ ᠠᠮᠢ ᠪᠡᠶ᠎ᠡ ᠪᠠᠨ ᠵᠣᠷᠢᠭᠤᠯᠬᠤ ᠨᠡᠶᠢᠭᠡᠮ ᠤᠨ ᠬᠠᠷᠢᠭᠤᠴᠠᠯᠭ᠎ᠠ ᠶᠢ ᠬᠠᠷᠠᠭᠤᠯᠪᠠ᠂ ᠲᠡᠭᠦᠨ ᠤ ᠡᠨᠡ ᠬᠦ ᠰᠠᠶᠢᠨ ᠦᠢᠯᠡ ᠠᠵᠢᠯᠯᠠᠭ᠎ᠠ  ᠨᠢ ᠯᠠᠪᠲᠠᠶ᠎ᠠ ᠨᠡᠩ ᠣᠯᠠᠨ ᠬᠥᠮᠥᠰ ᠢ ᠳᠠᠶᠢᠴᠢᠯᠠᠨ ᠰᠠᠶᠢᠨ ᠳᠤᠷ᠎ᠠ ᠶᠢᠨ ᠠᠵᠢᠯᠯᠠᠭᠴᠢ ᠶᠢᠨ ᠡᠩᠨᠡᠭᠡᠨ ᠳᠤ ᠣᠷᠣᠭᠤᠯᠵᠤ᠂ ᠬᠠᠶᠢᠷ᠎ᠠ ᠬᠠᠯᠠᠮᠵᠢ ᠶᠢ ᠳᠠᠮᠵᠢᠭᠤᠯᠵᠤ᠂ ᠠᠮᠢ ᠨᠠᠰᠤ ᠶᠢ ᠠᠪᠤᠷᠠᠬᠤ ᠪᠣᠯᠣᠨ᠎ᠠ᠃
    ᠰᠠᠶᠢᠨ ᠳᠤᠷ᠎ᠠ ᠶᠢᠨ ᠠᠵᠢᠯᠯᠠᠭᠴᠢ ᠵᠠᠩ ᠵᠢᠶᠦ᠋ᠨ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠪᠠ    ᠶᠣᠰᠣᠯᠠᠯ ᠳᠡᠭᠡᠷ᠎ᠡ᠂ ᠵᠠᠩ ᠵᠢᠶᠦ᠋ᠨ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠬᠤ ᠳᠠᠭᠠᠨ᠄ ︽ᠪᠢ ᠡᠪᠡᠳᠴᠢᠲᠡᠨ ᠲᠠᠢ ᠬᠡᠯᠪᠡᠷᠢ ᠲᠠᠭᠠᠷᠠᠭᠤᠯᠤᠭᠠᠳ ᠠᠮᠵᠢᠯᠲᠠ ᠣᠯᠣᠭᠰᠠᠨ ᠢᠶᠠᠨ ᠮᠡᠳᠡᠭᠰᠡᠨ ᠤ ᠳᠠᠷᠠᠭ᠎ᠠ᠂ ᠭᠡᠷ ᠤᠨ ᠬᠥᠮᠥᠰ ᠤᠨ ᠢᠶᠠᠨ ᠳᠡᠮᠵᠢᠯᠭᠡ ᠳᠣᠣᠷ᠎ᠠ ᠲᠡᠷᠡ ᠳᠠᠷᠤᠢ ᠳᠤᠨᠢ ᠵᠥᠪᠰᠢᠶᠡᠷᠡᠯ ᠤᠨ ᠪᠢᠴᠢᠭ ᠲᠤ ᠭᠠᠷ ᠤᠨ ᠦᠰᠦᠭ ᠵᠢᠷᠤᠪᠠ᠃ ᠥᠪᠡᠷ ᠤᠨ ᠥᠴᠥᠬᠡᠨ ᠪᠤᠶᠠᠨ ᠤ ᠶᠠᠪᠤᠳᠠᠯ ᠨᠢ ᠪᠤᠰᠤᠳ ᠲᠤ ᠰᠢᠨ᠎ᠡ ᠠᠮᠢᠯᠠᠯ ᠢ ᠠᠪᠴᠢᠷᠠᠵᠤ ᠥᠭᠭᠦᠨ᠎ᠡ ᠭᠡᠵᠦ ᠰᠠᠨᠠᠭᠠᠨ ᠳᠤ ᠣᠷᠣᠭᠰᠠᠨ ᠦᠭᠡᠢ᠃ ᠬᠤᠶᠢᠰᠢᠳᠠ ᠪᠢ ᠦᠷᠭᠦᠯᠵᠢᠯᠡᠨ ᠪᠣᠳᠠᠲᠤ ᠠᠵᠢᠯᠯᠠᠭ᠎ᠠ ᠪᠠᠷ ᠢᠶᠠᠨ ᠥᠪᠡᠷ ᠤᠨ ᠬᠦᠰᠡᠯ ᠡᠷᠡᠮᠡᠯᠵᠡᠯ ᠤᠨ ᠠᠮᠠᠯᠠᠯᠲᠠ ᠪᠠᠨ ᠦᠢᠯᠡᠳᠦᠯᠭᠡᠵᠢᠭᠦᠯᠦᠨ᠎ᠡ᠂ ᠪᠠᠰᠠ ᠨᠡᠩ ᠤᠯᠠᠨ ᠬᠥᠮᠥᠨ ᠦᠨ᠎ᠡ ᠲᠥᠯᠥᠪᠦᠷᠢ ᠦᠭᠡᠢ ᠪᠠᠷ ᠴᠢᠰᠤ ᠥᠭᠬᠦ ᠪᠠ ᠴᠢᠰᠤ ᠪᠦᠲᠦᠭᠡᠬᠦ ᠭᠤᠣᠯ ᠡᠰ ᠢᠶᠠᠨ ᠬᠠᠨᠳᠢᠪᠯᠡᠬᠤ ᠰᠠᠶᠢᠨ ᠳᠤᠷ᠎ᠠ ᠶᠢᠨ ᠡᠩᠨᠡᠭᠡ ᠳᠤ ᠣᠷᠣᠯᠴᠠᠵᠤ᠂ ᠨᠡᠩ ᠤᠯᠠᠨ ᠠᠮᠢ ᠨᠠᠰᠤ ᠶᠢ ᠠᠪᠤᠷᠠᠬᠤ ᠶᠢ ᠬᠦᠰᠡᠵᠦ ᠪᠠᠶᠢᠨ᠎ᠠ︾ ᠭᠡᠵᠦ ᠬᠡᠯᠡᠪᠡ᠃
    ᠦᠳᠡᠨ ᠮᠣᠷᠳᠠᠭᠤᠯᠬᠤ ᠶᠣᠰᠣᠯᠠᠯ ᠤᠨ ᠲᠤᠬᠠᠢ ᠶᠢᠨ ᠲᠠᠯᠠᠪᠠᠢ ᠳᠤ ᠵᠠᠩ ᠵᠢᠶᠦ᠋ᠨ ᠳᠤ ᠴᠡᠴᠡᠭ ᠬᠦᠷᠭᠡᠪᠡ     ᠣᠶᠢᠯᠠᠭᠠᠭᠰᠠᠨ ᠢᠶᠠᠷ᠂ ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ 2016 ᠣᠨ ᠳᠤ ᠴᠢᠰᠤ ᠦᠶᠯᠡᠳᠬᠦ ᠭᠤᠣᠯ ᠡᠰ ᠬᠠᠨᠳᠢᠪᠯᠡᠬᠤ ᠰᠠᠶᠢᠨ ᠳᠤᠷ᠎ᠠ ᠶᠢᠨ ᠠᠵᠢᠯᠯᠠᠭᠴᠢ ᠶᠢ ᠴᠤᠭᠯᠠᠭᠤᠯᠤᠭᠰᠠᠨ ᠠᠴᠠ ᠨᠠᠰᠢ᠂ ᠮᠠᠨ ᠤ ᠬᠤᠲᠠ ᠳᠤ ᠨᠢᠭᠡᠨᠲᠡ 155 ᠰᠠᠶᠢᠨ ᠳᠤᠷ᠎ᠠ ᠶᠢᠨ ᠠᠵᠢᠯᠯᠠᠭᠴᠢ ᠬᠠᠨᠳᠢᠪᠯᠡᠭ᠌ᠰᠠᠨ ᠪᠠᠶᠢᠨ᠎ᠠ᠃     ᠬᠤᠲᠠ   ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠣᠶᠤᠨ ᠤ ᠪᠣᠯᠪᠠᠰᠤᠨ ᠤ ᠪᠠᠶᠢᠭᠤᠯᠤᠯᠲᠠ   ᠶᠢᠨ ᠠᠯᠪᠠᠨ ᠭᠡᠷ᠂ ᠬᠥᠭᠵᠢᠭᠦᠯᠦᠯᠲᠡ ᠥᠭᠡᠷᠡᠴᠢᠯᠡᠯᠲᠡ   ᠶᠢᠨ ᠵᠥᠪᠯᠡᠯ᠂ ᠬᠤᠲᠠ   ᠶᠢᠨ ᠡᠪᠯᠡᠯ ᠤᠨ ᠬᠤᠷᠢᠶ᠎ᠠ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠰᠠᠶᠢᠨ ᠳᠤᠷ᠎ᠠ   ᠶᠢᠨ ᠠᠵᠢᠯᠯᠠᠭᠴᠢ᠂ ᠴᠢᠰᠤ ᠪᠦᠲᠦᠭᠡᠬᠦ ᠭᠤᠣᠯ ᠡᠰ ᠤᠨ ᠰᠠᠶᠢᠨ ᠳᠤᠷ᠎ᠠ   ᠶᠢᠨ ᠠᠵᠢᠯᠯᠠᠭᠴᠢ ᠨᠠᠶᠢᠵᠠ ᠨᠥᠬᠦᠳ ᠦᠳᠡᠨ ᠮᠣᠷᠳᠠᠭᠤᠯᠬᠤ ᠶᠣᠰᠣᠯᠠᠯ ᠳᠤ ᠣᠷᠣᠯᠴᠠᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号