ᠰᠢᠨ᠎ᠡ ᠲᠢᠲᠢᠮᠯᠢᠭ ᠠᠭᠤᠰᠬᠢᠨ ᠦᠷᠪᠢᠰᠦᠯ ᠪᠣᠯ ︽ᠶᠡᠭᠡ ᠲᠠᠭᠰᠢᠭᠤᠷ︾ ᠪᠢᠰᠢ᠂ ᠠᠨᠲ᠋ᠢᠭᠧᠡ ᠤ ᠪᠠᠶᠢᠴᠠᠭᠠᠯᠲᠠ ᠪᠠᠷ 48 | ᠴᠠᠭ ᠤᠨ ᠪᠥᠭᠡᠮ ᠬᠦᠴᠢᠯ ᠤᠨ ᠪᠠᠶᠢᠴᠠᠭᠠᠯᠲᠠ ᠶᠢ ᠣᠷᠣᠯᠠᠭᠤᠯᠵᠤ ᠪᠣᠯᠬᠤ ᠦᠭᠡᠢ ᠁ ᠡᠷᠬᠡ ᠰᠦᠷᠲᠦ ᠬᠠᠷᠢᠭᠤᠯᠲᠠ | 3 ᠳ᠋ᠤᠭᠠᠷ ᠰᠠᠷ᠎ᠠ ᠶᠢᠨ 25 ᠤ ᠡᠳᠦᠷ ᠤᠨ ᠦᠳᠡ ᠶᠢᠨ ᠬᠤᠶᠢᠨ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ | ᠬᠤᠯᠪᠣᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ ᠰᠣᠨᠢᠨ ᠮᠡᠳᠡᠭᠡ ᠨᠡᠶᠢᠲᠡᠯᠡᠬᠦ ᠬᠤᠷᠠᠯ ᠢ ᠬᠤᠷᠠᠯᠳᠤᠭᠤᠯᠵᠤ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠢᠨᠵᠢᠯᠡᠬᠦ ᠤᠬᠠᠭᠠᠨᠴᠢ ᠨᠠᠷᠢᠯᠢᠭ ᠣᠨᠣᠴᠠᠲᠠᠢ᠂ ᠴᠥᠬᠦᠷᠡᠰᠢ ᠦᠭᠡᠢ | ᠰᠠᠶᠢᠲᠤᠷ ᠠᠳᠬᠤᠵᠤ ᠪᠠᠶᠢᠭ᠎ᠠ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠪᠠ᠃ ᠣᠯᠠᠨ ᠢᠶᠠᠷ ᠢᠶᠠᠨ | ᠦᠵᠡᠵᠡᠭᠡᠶ᠎ᠡ ︱ ᠣᠳᠣᠬᠠᠨ ᠳᠤ ᠪᠦᠬᠦ ᠤᠯᠤᠰ ᠤᠨ ᠬᠢᠵᠢᠭ ᠤᠨ ᠪᠠᠶᠢᠳᠠᠯ | ᠰᠢᠪᠲᠤᠯᠤᠯᠲᠠ ᠶᠢᠨ ᠱᠠᠲᠤᠨ ᠳᠤ ᠣᠷᠣᠪᠠ 3 ᠳ᠋ᠤᠭᠠᠷ ᠰᠠᠷ᠎ᠠ ᠶᠢᠨ 1 ᠤ | ᠡᠳᠦᠷ ᠠᠴᠠ 24 ᠤ ᠡᠳᠦᠷ ᠪᠣᠯᠲᠠᠯ᠎ᠠ᠂ ᠪᠥᠬᠦ ᠤᠯᠤᠰ ᠤᠨ ᠲᠤᠬᠠᠢ ᠶᠢᠨ ᠭᠠᠵᠠᠷ ᠤᠨ | ᠬᠠᠯᠳᠠᠪᠤᠷᠢᠯᠠᠭᠳᠠᠭᠴᠢᠳ ᠤᠨ ᠲᠤᠭ᠎ᠠ ᠨᠡᠶᠢᠲᠡ 56000 ᠶᠢ ᠳᠠᠪᠠᠵᠤ᠂ | 28 ᠮᠤᠵᠢ ᠶᠢ ᠬᠠᠮᠤᠷᠪᠠ᠃ ᠡᠭᠦᠨ ᠳᠤ ᠭᠢᠷᠢᠨ ᠮᠤᠵᠢ ᠶᠢᠨ ᠬᠢᠵᠢᠭ ᠤᠨ ᠪᠠᠶᠢᠳᠠᠯ ᠮᠥᠨ ᠬᠦ ᠬᠦᠨᠳᠦ ᠨᠣᠴᠢᠲᠠᠢ | ᠪᠠᠶᠢᠳᠠᠯ ᠳᠤ ᠪᠠᠶᠢᠭᠰᠠᠭᠠᠷ᠂ 3 ᠳ᠋ᠤᠭᠠᠷ ᠰᠠᠷ᠎ᠠ ᠶᠢᠨ 1 ︱ 24 ᠤ ᠡᠳᠦᠷ ᠪᠣᠯᠲᠠᠯ᠎ᠠ᠂ | ᠬᠠᠯᠳᠠᠪᠤᠷᠢᠯᠠᠭᠳᠠᠭᠴᠢᠳ ᠤᠨ ᠲᠤᠭ᠎ᠠ ᠨᠡᠶᠢᠲᠡ 29000 ᠶᠢ ᠳᠠᠪᠠᠵᠤ᠂ | ᠡᠳᠦᠷ ᠪᠦᠷᠢ ᠶᠢᠨ ᠰᠢᠨ᠎ᠡ ᠪᠠᠷ ᠨᠡᠮᠡᠭᠳᠡᠭᠰᠡᠨ ᠬᠥᠮᠥᠨ ᠤ ᠲᠤᠭ᠎ᠠ 1000 ᠶᠢ ᠳᠠᠪᠠᠭᠰᠠᠨ ᠪᠠᠶᠢᠳᠠᠯ ᠬᠡᠳᠦᠨ ᠡᠳᠦᠷ ᠦᠷᠭᠦᠯᠵᠢᠯᠡᠵᠦ᠂ | ᠭᠢᠷᠢᠨ ᠬᠤᠲᠠ ᠪᠣᠯᠣᠨ ᠴᠠᠩᠴᠦ᠋ᠨ ᠬᠤᠲᠠ ᠶᠢᠨ ᠬᠢᠵᠢᠭ ᠤᠨ ᠪᠠᠶᠢᠳᠠᠯ ᠦᠷᠭᠦᠯᠵᠢᠯᠡᠨ ᠬᠦᠨᠳᠦᠷᠡᠬᠦ ᠱᠠᠲᠤᠨ ᠳᠤ ᠣᠷᠣᠰᠢᠵᠤ ᠪᠠᠶᠢᠨ᠎ᠠ᠃ | ᠱᠠᠩᠬᠠᠢ ᠬᠤᠲᠠ᠂ ᠾᠧᠪᠧᠢ ᠮᠤᠵᠢ᠂ ᠹᠦᠵᠢᠶᠠᠨ ᠮᠤᠵᠢ᠂ ᠯᠢᠶᠣᠤᠨᠢᠩ ᠮᠤᠵᠢ ᠶᠢᠨ ᠬᠢᠵᠢᠭ ᠤᠨ ᠪᠠᠶᠢᠳᠠᠯ | ᠣᠷᠴᠢᠮᠬᠠᠨ ᠳᠤ ᠲᠦᠷᠭᠡᠨ ᠢᠶᠠᠷ ᠨᠡᠮᠡᠭᠳᠡᠵᠦ᠂ ᠬᠢᠵᠢᠭ ᠤᠨ ᠪᠠᠶᠢᠳᠠᠯ ᠡᠭᠦᠰᠦᠭᠰᠡᠨ ᠭᠠᠵᠠᠷ ᠤᠨ ᠨᠡᠶᠢᠭᠡᠮ | ᠲᠣᠭᠤᠷᠢᠭ ᠲᠤ ᠳᠡᠯᠭᠡᠷᠡᠬᠦ ᠲᠦᠭᠰᠢᠭᠦᠷᠢ ᠦᠷᠭᠦᠯᠵᠢᠯᠡᠨ ᠣᠷᠣᠰᠢᠵᠤ ᠪᠠᠶᠢᠨ᠎ᠠ᠃ ᠱᠠᠨᠳᠦ᠋ᠩ | ᠮᠤᠵᠢ ᠶᠢᠨ ᠴᠢᠩᠳᠣᠣ᠂ ᠸᠧᠢ ᠬᠠᠢ᠂ ᠽᠢ ᠪᠥᠸᠧ᠂ ᠭᠤᠸᠠᠩᠳᠦ᠋ᠩ ᠮᠤᠵᠢ ᠶᠢᠨ ᠱᠧᠨᠵᠧᠨ᠂ ᠳ᠋ᠦᠩ ᠭᠤᠸᠠᠨ | ᠵᠡᠷᠭᠡ ᠭᠠᠵᠠᠷ ᠬᠢᠵᠢᠭ ᠤᠨ ᠪᠠᠶᠢᠳᠠᠯ ᠢ ᠠᠩᠬ᠎ᠠ ᠠᠯᠬᠤᠮ ᠡᠵᠡᠮᠳᠡᠵᠡᠢ᠃ ᠪᠡᠭᠡᠵᠢᠩ ᠬᠤᠲᠠ᠂ ᠴᠦᠩᠴᠢᠩ | ᠬᠤᠲᠠ᠂ ᠵᠧᠵᠢᠶᠠᠩ ᠮᠤᠵᠢ ᠵᠡᠷᠭᠡ ᠭᠠᠵᠠᠷ ᠤᠨ ᠬᠢᠵᠢᠭ ᠤᠨ ᠪᠠᠶᠢᠳᠠᠯ ᠲᠣᠭᠲᠠᠭᠤᠨ ᠪᠣᠯᠵᠤ ᠪᠠᠶᠢᠨ᠎ᠠ᠃ ᠶᠡᠷᠦᠩᠬᠡᠶᠢᠯᠡᠪᠡᠯ᠂ | ᠣᠳᠣᠬᠠᠨ ᠳᠤ ᠪᠦᠬᠦ ᠤᠯᠤᠰ ᠤᠨ ᠬᠢᠵᠢᠭ ᠤᠨ ᠪᠠᠶᠢᠳᠠᠯ ᠰᠢᠪᠲᠤᠯᠤᠯᠲᠠ ᠶᠢᠨ ᠱᠠᠲᠤᠨ ᠳᠤ ᠣᠷᠣᠰᠢᠵᠤ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠪᠠᠶᠢᠳᠠᠯ ᠮᠥᠨ ᠬᠦ ᠬᠦᠨᠳᠦ ᠬᠡᠴᠡᠭᠦᠦ ᠪᠥᠭᠡᠳ ᠨᠠᠷᠢᠨ ᠪᠤᠳᠤᠯᠢᠶᠠᠨᠲᠠᠢ ᠪᠠᠶᠢᠨ᠎ᠠ᠃ | ᠰᠢᠨ᠎ᠡ ᠲᠢᠲᠢᠮᠯᠢᠭ ᠠᠭᠤᠰᠬᠢᠨ ᠤ ᠦᠷᠪᠢᠰᠦᠯ ᠨᠢ ︽ᠶᠡᠭᠡ ᠲᠠᠭᠰᠢᠭᠤᠷ︾ ᠪᠢᠰᠢ ᠬᠥᠮᠥᠰ ᠤᠨ ᠰᠢᠨ᠎ᠡ | ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠲᠠᠷᠢᠭᠤᠯᠤᠭᠰᠠᠨ ᠬᠠᠷᠢᠴᠠᠯ ᠤᠯᠠᠮ ᠥᠨᠳᠥᠷᠵᠢᠬᠦ ᠶᠢ ᠳᠠᠭᠠᠯᠳᠤᠨ᠂ | ᠬᠥᠮᠥᠰ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠢᠷᠦ᠋ᠰ ᠤᠨ ᠡᠭᠡᠯᠢᠯᠡᠭᠡ ᠶᠢᠨ ᠴᠢᠳᠠᠪᠤᠷᠢ ᠲᠠᠰᠤᠷᠠᠯᠲᠠ ᠦᠭᠡᠢ | ᠳᠡᠭᠡᠭᠰᠢᠯᠡᠵᠦ ᠪᠠᠶᠢᠨ᠎ᠠ᠃ ᠡᠭᠦᠨ ᠤ ᠳᠡᠭᠡᠷ᠎ᠡ ᠣᠮᠢᠺᠷᠣᠨ ᠣᠨᠳᠣᠣᠰᠢᠭᠰᠠᠨ ᠬᠤᠣᠷᠲᠤ ᠸᠢᠷᠦ᠋ᠰ ᠤᠨ | ᠲᠣᠰ ᠪᠡᠶ᠎ᠡ ᠶᠢᠨ ᠡᠪᠡᠳᠴᠢᠯᠡᠭᠦᠯᠬᠦ ᠴᠢᠨᠠᠷ ᠨᠢ ᠪᠤᠰᠤᠳ ᠬᠤᠣᠷᠲᠤ ᠸᠢᠷᠦ᠋ᠰ ᠤᠨ ᠬᠢᠷᠢ ᠴᠢᠩᠭ᠎ᠠ ᠪᠢᠰᠢ ᠪᠣᠯᠬᠤᠷ | ᠬᠠᠯᠳᠠᠪᠤᠷᠢᠯᠠᠭᠳᠠᠭᠴᠢᠳ ᠤᠨ ᠡᠮᠴᠢᠯᠡᠭᠡᠨ ᠤ ᠬᠦᠨᠳᠦ ᠨᠣᠴᠢᠲᠠᠢ ᠴᠢᠨᠠᠷ ᠢ | ᠵᠠᠭᠤᠨ ᠬᠥᠮᠥᠨ ᠪᠦᠷᠢ ᠶᠢᠨ ᠡᠪᠡᠳᠴᠢᠯᠡᠬᠦ ᠬᠥᠮᠥᠨ ᠤ ᠲᠣᠭᠠᠨ ᠤ ᠬᠠᠷᠢᠴᠠᠯ ᠢᠶᠠᠷ ᠪᠦᠷᠢᠳᠬᠡᠭᠰᠡᠨ ᠶᠢ ᠦᠵᠡᠪᠡᠯ᠂ | ᠦᠨᠡᠬᠡᠷ ᠵᠣᠬᠢᠬᠤ ᠬᠡᠮᠵᠢᠶ᠎ᠡ ᠪᠠᠷ ᠪᠠᠭᠤᠷᠠᠭᠰᠠᠨ ᠪᠠᠶᠢᠨ᠎ᠠ᠃ ᠣᠮᠢᠺᠷᠣᠨ ᠬᠤᠣᠷᠲᠤ ᠸᠢᠷᠦ᠋ᠰ ᠨᠢ ᠲᠠᠷᠬᠠᠬᠤ | ᠬᠤᠷᠳᠤᠴᠠ ᠨᠢ ᠲᠦᠷᠭᠡᠨ᠂ ᠬᠠᠯᠳᠠᠪᠤᠷᠢᠯᠠᠬᠤ ᠬᠥᠮᠥᠨ ᠤ ᠲᠤᠭ᠎ᠠ ᠨᠢ ᠣᠯᠠᠨ᠂ ᠬᠢᠵᠢᠭ ᠤᠨ ᠪᠠᠶᠢᠳᠠᠯ ᠠᠴᠠ | ᠪᠣᠯᠤᠭᠰᠠᠨ ᠦᠬᠦᠯ ᠤᠨ ᠶᠡᠷᠦᠩᠬᠡᠢ ᠲᠤᠭ᠎ᠠ ᠵᠢᠴᠢ ᠨᠡᠶᠢᠭᠡᠮ ᠤᠨ ᠬᠤᠣᠷ ᠬᠥᠨᠥᠭᠡᠯ ᠪᠠ ᠨᠥᠯᠥᠭᠡ ᠨᠢ | ᠡᠭᠦᠨ ᠠᠴᠠ ᠪᠣᠯᠵᠤ ᠬᠥᠩᠭᠡᠷᠡᠭᠰᠡᠨ ᠦᠭᠡᠢ ᠶᠤᠮ᠃ ᠵᠠᠷᠢᠮ ᠰᠤᠳᠤᠯᠭᠠᠨ ᠳᠤ ᠬᠤᠯᠪᠣᠭᠳᠠᠯ ᠪᠦᠬᠦᠢ | ᠤᠯᠤᠰ ᠤᠨ 2021 ᠣᠨ ᠤ 8 ︱ 10 ᠳ᠋ᠤᠭᠠᠷ ᠰᠠᠷ᠎ᠠ ᠪᠣᠯᠣᠨ 11 ᠳ᠋ᠦ᠋ᠭᠡᠷ ᠰᠠᠷ᠎ᠠ ᠠᠴᠠ ᠡᠨᠡ ᠵᠢᠯ ᠤᠨ 1 | ᠳ᠋ᠦ᠋ᠭᠡᠷ ᠰᠠᠷ᠎ᠠ ᠪᠣᠯᠲᠠᠯᠠᠬᠢ ᠬᠤᠶᠠᠷ ᠬᠤᠭᠤᠴᠠᠭᠠᠨ ᠳᠠᠬᠢ ᠡᠪᠡᠳᠴᠢᠨ ᠢᠶᠠᠷ ᠦᠬᠦᠭᠰᠡᠨ ᠨᠣᠷᠮ᠎ᠠ ᠪᠠ ᠦᠬᠦᠭᠰᠡᠨ | ᠨᠣᠷᠮ᠎ᠠ ᠶᠢ ᠬᠠᠷᠢᠴᠠᠭᠤᠯᠤᠨ ᠵᠠᠳᠠᠯᠵᠤ᠂ ᠲᠦᠷᠦᠭᠦᠸ ᠭᠤᠷᠪᠠᠨ ᠰᠠᠷ᠎ᠠ ᠳᠤ ᠳ᠋ᠧᠯᠲᠨ ᠬᠤᠣᠷᠲᠤ ᠸᠢᠷᠦ᠋ᠰ ᠳᠡᠯᠭᠡᠷᠡᠬᠦ ᠪᠠᠷ ᠭᠤᠣᠯᠯᠠᠵᠤ᠂ | ᠰᠡᠭᠦᠯ ᠤᠨ ᠭᠤᠷᠪᠠᠨ ᠰᠠᠷ᠎ᠠ ᠳᠤ ᠤᠮᠢᠺᠷᠤᠨ ᠬᠤᠣᠷᠲᠤ ᠸᠢᠷᠦ᠋ᠰ ᠳᠡᠯᠭᠡᠷᠡᠬᠦ ᠪᠠᠷ ᠭᠤᠣᠯᠯᠠᠭᠰᠠᠨ ᠶᠤᠮ᠃ | ᠣᠮᠢᠺᠷᠣᠨ ᠬᠤᠣᠷᠲᠤ ᠸᠢᠷᠦ᠋ᠰ ᠳᠡᠯᠭᠡᠷᠡᠵᠦ ᠪᠠᠶᠢᠭᠰᠠᠨ ᠬᠤᠭᠤᠴᠠᠭᠠᠨ ᠳᠠᠬᠢ ᠡᠪᠡᠳᠴᠢᠨ ᠢᠶᠠᠷ ᠦᠬᠦᠭᠰᠡᠨ | ᠨᠣᠷᠮ᠎ᠠ ᠨᠢ ᠦᠨᠡᠨ ᠬᠦ ᠪᠠᠭᠤᠷᠠᠭᠰᠠᠨ ᠪᠣᠯᠪᠠᠴᠤ ᠠᠳᠠᠯᠢ ᠬᠤᠭᠤᠴᠠᠭᠠᠨ ᠤ ᠬᠢᠵᠢᠭ ᠤᠨ ᠪᠠᠶᠢᠳᠠᠯ ᠠᠴᠠ ᠪᠣᠯᠵᠤ | ᠦᠬᠦᠭᠰᠡᠨ ᠪᠥᠬᠦ ᠲᠤᠭ᠎ᠠ ᠪᠤᠶᠤ ᠦᠬᠦᠭᠰᠡᠨ ᠨᠣᠷᠮ᠎ᠠ ᠨᠢ ᠬᠠᠷᠢᠨ ᠳ᠋ᠧᠯᠲ᠋ᠠ ᠬᠤᠣᠷᠲᠤ ᠸᠢᠷᠦ᠋ᠰ ᠳᠡᠯᠭᠡᠷᠡᠵᠦ ᠪᠠᠶᠢᠭᠰᠠᠨ ᠠᠳᠠᠯᠢ | ᠬᠤᠭᠤᠴᠠᠭᠠᠨ ᠤ ᠦᠬᠦᠭᠰᠡᠨ ᠲᠤᠭ᠎ᠠ ᠠᠴᠠ ᠥᠨᠳᠥᠷ ᠪᠠᠶᠢᠳᠠᠭ᠃ ᠡᠨᠡ ᠨᠢ ᠣᠮᠢᠺᠷᠣᠨ ᠬᠤᠣᠷᠲᠤ | ᠸᠢᠷᠦ᠋ᠰ ᠤᠨ ᠨᠢᠭᠡ ᠤᠯᠤᠰ ᠲᠤ ᠤᠴᠠᠷᠠᠭᠤᠯᠬᠤ ᠬᠤᠣᠷ ᠬᠥᠨᠥᠭᠡᠯ ᠨᠢ ᠶᠡᠷᠦᠩᠬᠡᠢ ᠳᠤ ᠪᠠᠨ ᠪᠠᠭᠠᠰᠤᠭᠰᠠᠨ | ᠦᠭᠡᠢ ᠭᠡᠳᠡᠭ ᠢ ᠬᠠᠷᠠᠭᠤᠯᠵᠤ ᠪᠠᠶᠢᠨ᠎ᠠ᠃ 2 ᠳ᠋ᠤᠭᠠᠷ ᠰᠠᠷ᠎ᠠ ᠶᠢᠨ ᠳᠤᠮᠳᠠᠴᠢ ᠠᠴᠠ ᠨᠠᠭᠠᠰᠢ᠂ ᠮᠠᠨ ᠤ ᠤᠯᠤᠰ ᠤᠨ | ᠰᠢᠶᠠᠩᠭᠠᠩ ᠳᠤ ᠢᠯᠡᠷᠡᠭᠰᠡᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢᠶᠠᠷ ᠦᠬᠦᠭᠰᠡᠳ ᠤᠨ | ᠵᠢᠱᠢᠶ᠎ᠡ ᠬᠠᠮᠤᠭ ᠤᠨ ᠥᠨᠳᠥᠷ ᠲᠤ ᠪᠠᠨ ᠡᠳᠦᠷ ᠪᠦᠷᠢ 300 ᠰᠢᠬᠠᠮ ᠪᠠᠶᠢᠵᠤ᠂ ᠣᠳᠣᠬᠠᠨ ᠳᠤ ᠮᠥᠨ ᠯᠡ | ᠡᠳᠦᠷ ᠪᠦᠷᠢ 200 ᠣᠷᠴᠢᠮ ᠪᠠᠶᠢᠭᠰᠠᠭᠠᠷ᠃ ᠡᠨᠡ ᠨᠢ ᠣᠮᠢᠺᠷᠣᠨ ᠬᠤᠣᠷᠲᠤ ᠸᠢᠷᠦ᠋ᠰ ᠲᠠᠷᠬᠠᠭᠰᠠᠨ ᠤ ᠬᠤᠣᠷ | ᠬᠥᠨᠥᠭᠡᠯ ᠨᠢ ᠮᠥᠨ ᠬᠦ ᠬᠦᠨᠳᠦ ᠨᠣᠴᠢᠲᠠᠢ ᠪᠠᠶᠢᠵᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠨᠢ | ︽ᠶᠡᠭᠡ ᠲᠠᠭᠰᠢᠭᠤᠷ︾ ᠪᠢᠰᠢ ᠭᠡᠰᠡᠨ ᠢ ᠢᠯᠡᠷᠬᠡᠶᠢᠯᠡᠵᠦ ᠪᠠᠶᠢᠨ᠎ᠠ᠃ ᠮᠠᠨ ᠤ ᠤᠯᠤᠰ ᠪᠣᠯ ᠬᠥᠮᠥᠨ ᠠᠮᠠ ᠶᠢᠨ ᠶᠡᠭᠡ | ᠤᠯᠤᠰ ᠮᠥᠨ᠂ ᠲᠤᠶᠢᠯ ᠤᠨ ᠪᠠᠭ᠎ᠠ ᠡᠪᠡᠳᠴᠢᠯᠡᠬᠦ ᠨᠤᠷᠮ᠎ᠠ ᠪᠤᠶᠤ ᠦᠬᠦᠬᠦ ᠨᠤᠷᠮ᠎ᠠ ᠶᠢ 14 ᠳ᠋ᠦᠩᠰᠢᠭᠤᠷ ᠬᠥᠮᠥᠨ ᠠᠮᠠ ᠶᠢᠨ | ᠸᠢᠷᠦ᠋ᠰ ᠲᠤᠭ᠎ᠠ ᠪᠠᠷ ᠦᠷᠡᠵᠢᠭᠦᠯᠪᠡᠯ᠂ ᠬᠠᠷᠢᠴᠠᠯᠠᠰᠢ ᠦᠭᠡᠢ ᠲᠤᠭ᠎ᠠ ᠨᠢ ᠮᠠᠰᠢ ᠶᠡᠭᠡ ᠪᠣᠯᠴᠢᠬᠠᠬᠤ ᠶᠤᠮ᠃ | ᠭᠠᠭᠴᠠ ᠬᠦ ᠬᠥᠳᠡᠯᠦᠩᠭᠦᠢ ᠪᠠᠷ ᠲᠡᠭ ᠪᠣᠯᠭᠠᠪᠠᠯ ᠰᠠᠶ᠋ᠢ ᠬᠢᠵᠢᠭ ᠤᠨ ᠪᠠᠶᠢᠳᠠᠯ ᠤᠨ ᠳᠠᠯᠳᠠ ᠬᠡᠮ ᠢ ᠠᠷᠢᠯᠭᠠᠵᠤ᠂ ᠶᠡᠭᠡ | ᠬᠡᠪᠴᠢᠶᠡᠨ ᠤ ᠬᠥᠮᠥᠰ ᠤᠨ ᠬᠠᠯᠳᠠᠪᠤᠷᠢᠯᠠᠯ ᠠᠴᠠ ᠪᠣᠯᠵᠤ ᠮᠡᠳᠡᠬᠦ ᠡᠮᠴᠢᠯᠡᠭᠡᠨ ᠤ ᠡᠬᠢ ᠪᠠᠶᠠᠯᠢᠭ ᠢ ᠰᠢᠬᠠᠨ | ᠰᠣᠯᠢᠬᠤ ᠠᠴᠠ ᠵᠠᠶᠢᠯᠠᠰᠬᠢᠵᠦ᠂ ᠶᠡᠭᠡ ᠬᠡᠮᠵᠢᠶᠡᠨ ᠤ ᠨᠠᠰᠤᠲᠠᠶᠢᠴᠤᠳ ᠪᠤᠶᠤ ᠰᠠᠭᠤᠷᠢ ᠡᠪᠡᠳᠴᠢᠲᠡᠨ ᠵᠡᠷᠭᠡ | ᠡᠭᠦᠰᠴᠦ ᠮᠡᠳᠡᠬᠦ ᠦᠬᠦᠯ ᠠᠴᠠ ᠰᠡᠷᠭᠡᠶᠢᠯᠡᠵᠦ ᠴᠢᠳᠠᠨ᠎ᠠ᠃ ᠠᠨᠲ᠋ᠢᠭᠧᠡ ᠤ ᠪᠠᠶᠢᠴᠠᠭᠠᠯᠲᠠ ᠪᠠᠷ 48 | ᠴᠠᠭ ᠤᠨ ᠪᠥᠭᠡᠮ ᠬᠦᠴᠢᠯ ᠤᠨ ᠪᠠᠶᠢᠴᠠᠭᠠᠯᠲᠠ ᠶᠢ ᠣᠷᠣᠯᠠᠭᠤᠯᠵᠤ ᠪᠣᠯᠬᠤ ᠦᠭᠡᠢ ᠠᠨᠲ᠋ᠢᠭᠧᠡ ᠤ | ᠪᠠᠶᠢᠴᠠᠭᠠᠯᠲᠠ ᠪᠣᠯ ᠸᠢᠷᠦ᠋ᠰ ᠤᠨ ᠪᠥᠭᠡᠮ ᠬᠦᠴᠢᠯ ᠢ ᠪᠠᠶᠢᠴᠠᠭᠠᠬᠤ ᠶᠢᠨ ᠴᠢᠬᠤᠯᠠ ᠨᠢᠭᠡᠨ ᠨᠥᠬᠦᠪᠦᠷᠢ ᠪᠠᠶᠢᠵᠤ᠂ | ᠣᠨᠴᠠᠭᠠᠶᠢᠯᠠᠨ ᠤᠮᠢᠺᠷᠤᠨ ᠮᠡᠲᠦ ᠶᠢᠨ ᠶᠡᠭᠡ ᠬᠡᠪᠴᠢᠶ᠎ᠡ ᠪᠠᠷ ᠲᠦᠷᠭᠡᠨ ᠲᠠᠷᠬᠠᠭᠰᠠᠨ ᠡᠪᠡᠳᠴᠢᠨ ᠤ ᠪᠠᠶᠢᠳᠠᠯ ᠳᠣᠣᠷ᠎ᠠ᠂ ᠪᠥᠭᠡᠮ | ᠬᠦᠴᠢᠯ ᠢ ᠪᠠᠶᠢᠴᠠᠭᠠᠬᠤ ᠴᠢᠳᠠᠪᠤᠷᠢ ᠬᠦᠷᠦᠯᠴᠡᠬᠦ ᠦᠭᠡᠢ ᠦᠶ᠎ᠡ ᠳᠤ᠂ ᠠᠨᠲ᠋ᠢᠭᠧᠡ ᠢ ᠪᠠᠶᠢᠴᠠᠭᠠᠬᠤ ᠪᠣᠯ ᠲᠤᠶᠢᠯ ᠤᠨ | ᠴᠢᠬᠤᠯᠠ ᠨᠥᠬᠦᠪᠦᠷᠢ ᠪᠣᠯᠣᠨ᠎ᠠ᠃ ᠭᠡᠪᠡᠴᠦ ᠠᠨᠲ᠋ᠢᠭᠧᠡ ᠤ ᠪᠠᠶᠢᠴᠠᠭᠠᠯᠲᠠ ᠶᠢ ᠪᠢᠳᠡ ᠮᠥᠨ ᠯᠡ ᠬᠠᠮᠢᠶᠠᠷᠤᠭᠳᠠᠨ ᠡᠵᠡᠮᠳᠡᠭᠳᠡᠵᠦ | ᠪᠠᠶᠢᠭ᠎ᠠ ᠬᠥᠮᠥᠰ᠂ ᠲᠤᠰᠠᠭᠠᠷᠯᠠᠭᠳᠠᠵᠤ ᠪᠠᠶᠢᠭ᠎ᠠ ᠬᠥᠮᠥᠰ᠂ ᠨᠢᠭᠲᠠ ᠣᠶᠢᠷᠠᠲᠤᠭᠰᠠᠳ ᠳᠡᠭᠡᠷ᠎ᠡ ᠬᠢᠵᠠᠭᠠᠷᠯᠠᠵᠤ᠂ | ᠡᠩ ᠤᠨ ᠠᠷᠠᠳ ᠲᠤ ᠠᠨᠲ᠋ᠢᠭᠧᠡ ᠤ ᠪᠠᠶᠢᠴᠠᠭᠠᠯᠲᠠ ᠬᠢᠬᠦ ᠶᠢ ᠰᠠᠨᠠᠭᠤᠯᠬᠤ ᠦᠭᠡᠢ᠃ ᠠᠨᠲ᠋ᠢᠭᠧᠡ ᠤ ᠪᠠᠶᠢᠴᠠᠭᠠᠯᠲᠠ ᠪᠠᠷ | ᠡᠪᠡᠳᠴᠢᠨ ᠢ ᠠᠷᠢᠯᠭᠠᠬᠤ ᠣᠨᠣᠰᠢᠯᠠᠯᠲᠠ ᠪᠣᠯᠭᠠᠵᠤ ᠪᠣᠯᠬᠤ ᠦᠭᠡᠢ᠂ 48 ᠴᠠᠭ ᠤᠨ ᠪᠥᠭᠡᠮ ᠬᠦᠴᠢᠯ ᠤᠨ ᠪᠠᠶᠢᠴᠠᠭᠠᠯᠲᠠ ᠶᠢ | ᠣᠷᠣᠯᠠᠭᠤᠯᠵᠤ ᠪᠠᠰᠠ ᠪᠣᠯᠬᠤ ᠦᠭᠡᠢ᠃ ᠤᠴᠢᠷ ᠨᠢ ᠠᠨᠲ᠋ᠢᠭᠧᠡ ᠢ ᠰᠢᠯᠭᠠᠨ ᠪᠠᠶᠢᠴᠠᠭᠠᠬᠤ ᠨᠢ ᠵᠣᠬᠢᠬᠤ | ᠬᠡᠮᠵᠢᠶᠡᠨ ᠤ ᠬᠠᠭᠤᠷᠮᠠᠭ ᠠᠷᠭ᠎ᠠ ᠴᠢᠨᠠᠷ ᠪᠠ ᠬᠠᠭᠤᠷᠮᠠᠭ ᠪᠢᠯᠢᠭ ᠴᠢᠨᠠᠷ ᠣᠷᠣᠰᠢᠵᠤ᠂ ᠠᠨᠲ᠋ᠢᠭᠧᠡ ᠤ | ᠪᠠᠶᠢᠴᠠᠭᠠᠯᠲᠠ ᠠᠷᠭ᠎ᠠ ᠴᠢᠨᠠᠷ ᠲᠠᠢ ᠪᠠᠶᠢᠳᠠᠯ ᠳᠣᠣᠷ᠎ᠠ᠂ ᠡᠴᠦᠰ ᠲᠤ ᠨᠢ ᠪᠠᠰᠠ ᠪᠥᠭᠡᠮ ᠬᠦᠴᠢᠯ ᠢ ᠨᠢ | ᠪᠠᠶᠢᠴᠠᠭᠠᠬᠤ ᠴᠢᠬᠤᠯᠠᠲᠠᠢ᠃ ᠭᠡᠪᠡᠴᠦ ᠪᠠᠶᠢᠴᠠᠭᠠᠯᠲᠠ ᠠᠷᠭ᠎ᠠ ᠴᠢᠨᠠᠷ ᠲᠠᠢ ᠪᠠᠶᠢᠳᠠᠯ ᠳᠣᠣᠷ᠎ᠠ᠂ ᠪᠢᠳᠡ | ᠴᠠᠭ ᠲᠤᠬᠠᠢ ᠳᠤ ᠨᠢ ᠬᠠᠮᠢᠶᠠᠷᠤᠨ ᠡᠵᠡᠮᠳᠡᠵᠦ᠂ ᠤᠯᠠᠮ ᠨᠢᠭᠡ ᠠᠯᠬᠤᠮ ᠲᠠᠷᠬᠠᠭᠠᠬᠤ ᠠᠶᠤᠯ ᠲᠦᠭᠰᠢᠭᠦᠷᠢ ᠠᠴᠠ | ᠵᠠᠶᠢᠯᠠᠰᠬᠢᠵᠦ ᠴᠢᠳᠠᠨ᠎ᠠ᠃ ︽ᠴᠠᠭ ᠪᠠ ᠣᠷᠣᠨ ᠵᠠᠢ ᠶᠢᠨ ᠳᠠᠭᠠᠯᠳᠤᠭᠴᠢ︾ ᠶᠢ | ᠰᠢᠭᠰᠢᠨ ᠪᠠᠶᠢᠴᠠᠭᠠᠪᠠᠯ ᠳᠠᠯᠳᠠ ᠬᠠᠯᠳᠠᠪᠤᠷᠢᠯᠠᠭᠳᠠᠭᠴᠢᠳ ᠢ ᠬᠠᠮᠤᠭ ᠤᠨ ᠶᠡᠭᠡ ᠬᠡᠮᠵᠢᠶ᠎ᠡ ᠪᠠᠷ ᠢᠯᠡᠷᠡᠭᠦᠯᠵᠦ ᠪᠣᠯᠣᠨ᠎ᠠ | ︽ᠴᠠᠭ ᠪᠠ ᠣᠷᠣᠨ ᠵᠠᠢ ᠶᠢᠨ ᠳᠠᠭᠠᠯᠳᠤᠭᠴᠢᠳ︾ ᠢ ᠵᠠᠷᠢᠮ ᠳᠤ ᠪᠠᠨ ︽ᠴᠠᠭ ᠪᠠ ᠣᠷᠣᠨ ᠵᠠᠢ | ᠣᠭᠲᠠᠯᠤᠯᠴᠠᠭᠰᠠᠳ︾ ᠭᠡᠳᠡᠭ᠂ ᠶᠡᠷᠦ ᠳᠤ ᠪᠠᠨ 14 ᠡᠳᠦᠷ ᠤᠨ ᠳᠣᠲᠣᠷ᠎ᠠ ᠰᠢᠨ᠎ᠡ ᠲᠢᠲᠢᠮᠯᠢᠭ | ᠠᠭᠤᠰᠬᠢᠨ ᠦᠷᠪᠢᠰᠦᠯ ᠤᠨ ᠲᠣᠳᠣᠯᠠᠭᠳᠠᠭᠰᠠᠨ ᠡᠪᠡᠳᠴᠢᠲᠡᠨ ᠲᠠᠢ ᠠᠳᠠᠯᠢ ᠴᠠᠭ ᠪᠠ ᠣᠷᠣᠨ ᠵᠠᠢ ᠳᠤ ᠬᠡᠰᠡᠭ | ᠬᠤᠭᠤᠴᠠᠭ᠎ᠠ ᠬᠠᠮᠲᠤ ᠪᠠᠶᠢᠭᠰᠠᠨ ᠬᠥᠮᠥᠨ ᠢ ᠵᠢᠭᠠᠨ᠎ᠠ᠃ ︽ᠴᠠᠭ ᠪᠠ ᠣᠷᠣᠨ ᠵᠠᠢ ᠶᠢᠨ ᠳᠠᠭᠠᠯᠳᠤᠭᠴᠢ︾ | ᠶᠢ ᠰᠢᠭᠰᠢᠨ ᠪᠠᠶᠢᠴᠠᠭᠠᠪᠠᠯ ᠳᠠᠯᠳᠠ ᠬᠠᠯᠳᠠᠪᠤᠷᠢᠯᠠᠭᠳᠠᠭᠴᠢᠳ ᠢ ᠬᠠᠮᠤᠭ ᠤᠨ ᠶᠡᠭᠡ ᠬᠡᠮᠵᠢᠶ᠎ᠡ ᠪᠠᠷ ᠢᠯᠡᠷᠡᠭᠦᠯᠵᠦ᠂ ︽ᠴᠠᠭ ᠪᠠ | ᠣᠷᠣᠨ ᠵᠠᠢ ᠳᠠᠪᠬᠤᠴᠠᠭᠰᠠᠨ︾ ᠠᠴᠠ ᠪᠣᠯᠵᠤ ᠬᠠᠯᠳᠠᠪᠤᠷᠢᠯᠠᠭᠳᠠᠵᠤ ᠮᠡᠳᠡᠬᠦ ᠬᠥᠮᠥᠰ ᠢ ᠭᠤᠣᠯᠳᠠᠯᠭ᠎ᠠ ᠲᠠᠢ ᠵᠢᠭᠰᠠᠭᠠᠨ | ᠪᠠᠶᠢᠴᠠᠭᠠᠯᠲᠠ ᠳᠤ ᠣᠷᠣᠭᠤᠯᠵᠤ᠂ ᠡᠷᠲᠡᠬᠡᠨ ᠢᠯᠡᠷᠡᠭᠦᠯᠬᠦ ᠪᠠ ᠰᠡᠷᠭᠡᠶᠢᠯᠡᠨ ᠡᠵᠡᠮᠳᠡᠬᠦ | ᠪᠣᠭᠤᠮᠲᠠ ᠶᠢ ᠤᠷᠤᠭᠰᠢ ᠰᠢᠯᠵᠢᠭᠦᠯᠬᠦ ᠶᠢ ᠪᠡᠶᠡᠯᠡᠭᠦᠯᠵᠦ ᠳᠡᠶᠢᠯᠦᠨ᠎ᠡ᠃ ᠶᠡᠷᠦ ᠳᠤ ᠪᠠᠨ ᠨᠢᠭᠡᠨᠲᠡ | ᠲᠣᠭᠲᠠᠭᠰᠠᠨ ᠴᠠᠭ ᠪᠠ ᠣᠷᠣᠨ ᠵᠠᠢ ᠶᠢᠨ ᠳᠠᠭᠠᠯᠳᠤᠭᠴᠢ ᠶᠢ ᠤᠯᠠᠮ ᠨᠢᠭᠡ ᠠᠯᠬᠤᠮ ᠵᠢᠭᠰᠠᠭᠠᠨ ᠪᠠᠶᠢᠴᠠᠭᠠᠵᠤ᠂ | ᠴᠠᠭ ᠪᠠ ᠣᠷᠣᠨ ᠵᠠᠢ ᠶᠢᠨ ᠳᠠᠭᠠᠯᠳᠤᠭᠴᠢ ᠶᠢᠨ ᠠᠷᠭ᠎ᠠ ᠮᠠᠶ᠋ᠢᠭ᠂ ᠪᠣᠳᠠᠲᠠᠢ ᠴᠠᠭ ᠪᠠ ᠪᠣᠳᠠᠲᠠᠢ ᠵᠠᠢ ᠶᠢ ᠲᠣᠳᠣᠷᠬᠠᠶᠢᠯᠠᠵᠤ᠂ | ᠬᠠᠯᠳᠠᠪᠤᠷᠢᠯᠠᠬᠤ ᠲᠦᠭᠰᠢᠭᠦᠷᠢ ᠶᠢ ᠰᠤᠳᠤᠯᠤᠨ ᠮᠠᠭᠠᠳᠯᠠᠳᠠᠭ᠃ ᠬᠡᠷᠪᠡ ᠵᠢᠭᠰᠠᠭᠠᠨ | ᠪᠠᠶᠢᠴᠠᠭᠠᠬᠤ ᠳᠤ ᠨᠢᠭᠡᠨᠲᠡ ᠲᠣᠳᠣᠷᠬᠠᠢ ᠪᠣᠯᠤᠭᠰᠠᠨ ᠪᠥᠭᠡᠳ ᠨᠢᠭᠲᠠ ᠣᠶᠢᠷᠠᠲᠤᠭᠰᠠᠳ ᠪᠢᠰᠢ | ᠮᠥᠷᠲᠡᠭᠡᠨ ᠳᠠᠮ ᠨᠢᠭᠲᠠ ᠣᠶᠢᠷᠠᠲᠤᠭᠰᠠᠳ ᠴᠦ ᠪᠢᠰᠢ ᠶᠤᠮ ᠪᠣᠯ ᠳᠠᠷᠤᠢ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠳᠤ ᠨᠡᠷᠪᠡᠭᠳᠡᠬᠦ ᠲᠦᠭᠰᠢᠭᠦᠷᠢ ᠦᠭᠡᠢ ᠶᠤᠮ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠪᠣᠳᠠᠲᠠᠢ ᠶᠠᠪᠤᠴᠠ ᠳᠤ᠂ ᠣᠬᠤᠷᠬᠠᠨ ᠬᠤᠭᠤᠴᠠᠭᠠᠨ ᠤ ᠳᠣᠲᠣᠷ᠎ᠠ ᠶᠡᠭᠡ ᠬᠡᠮᠵᠢᠶᠡᠨ ᠤ ᠴᠠᠭ ᠪᠠ ᠣᠷᠣᠨ ᠵᠠᠢ ᠶᠢᠨ | ᠳᠠᠭᠠᠯᠳᠤᠭᠴᠢ ᠶᠢ ᠢᠯᠡᠷᠡᠭᠦᠯᠵᠦ᠂ ᠴᠠᠭ ᠪᠠ ᠣᠷᠣᠨ ᠵᠠᠢ ᠶᠢᠨ ᠳᠠᠭᠠᠯᠳᠤᠭᠴᠢ ᠪᠣᠯᠭᠠᠨ ᠢ ᠴᠠᠭ | ᠲᠤᠬᠠᠢ ᠳᠤ ᠨᠢ ᠵᠢᠭᠰᠠᠭᠠᠨ ᠪᠠᠶᠢᠴᠠᠭᠠᠬᠤ ᠶᠢᠨ ᠠᠷᠭ᠎ᠠ ᠦᠭᠡᠢ ᠪᠠᠶᠢᠳᠠᠭ᠃ ᠲᠦᠭᠰᠢᠭᠦᠷᠢ ᠶᠢ | ᠵᠢᠭᠰᠠᠭᠠᠨ ᠪᠠᠶᠢᠴᠠᠭᠠᠬᠤ ᠶᠢ ᠪᠡᠶᠡᠯᠡᠭᠦᠯᠦᠭᠰᠡᠨ ᠦᠭᠡᠢ ᠴᠠᠭ ᠪᠠ ᠣᠷᠣᠨ ᠵᠠᠢ ᠶᠢᠨ ᠳᠠᠭᠠᠯᠳᠤᠭᠴᠢ ᠶᠢ | ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠣᠰᠣᠭᠠᠷ᠂ ᠭᠡᠷ ᠲᠤ ᠨᠢ ᠲᠤᠰᠠᠭᠠᠷᠯᠠᠭᠤᠯᠬᠤ ᠪᠤᠶᠤ | ᠲᠣᠭᠲᠠᠭᠠᠭᠰᠠᠨ ᠭᠠᠵᠠᠷ ᠲᠤ ᠲᠤᠰᠠᠭᠠᠷᠯᠠᠭᠤᠯᠵᠤ᠂ ᠵᠢᠭᠰᠠᠭᠠᠨ ᠪᠠᠶᠢᠴᠠᠭᠠᠬᠤ ᠶᠢ ᠳᠠᠭᠤᠰᠲᠠᠯ᠎ᠠ᠂ | ᠡᠰᠡᠬᠦᠯ᠎ᠡ ᠴᠠᠭ ᠪᠠ ᠣᠷᠣᠨ ᠵᠠᠢ ᠶᠢᠨ ᠳᠠᠭᠠᠯᠳᠤᠭᠰᠠᠨ ᠪᠠᠶᠢᠳᠠᠯ ᠢ ᠬᠦᠴᠦᠨ ᠦᠭᠡᠢ ᠪᠣᠯᠭᠠᠲᠠᠯ᠎ᠠ ᠲᠤᠰᠠᠭᠠᠷᠯᠠᠭᠤᠯᠤᠨᠠ᠃ | 60 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ | ᠲᠠᠷᠢᠬᠤ ᠡᠷᠡᠭᠦᠯ ᠪᠤᠰᠤ ᠲᠤᠰᠬᠠᠯ ᠡᠭᠦᠰᠬᠦ ᠨᠣᠷᠮ᠎ᠠ ᠨᠢ ᠪᠤᠰᠤᠳ ᠨᠠᠰᠤᠨ ᠤ ᠬᠢ ᠠᠴᠠ ᠳᠣᠣᠷ᠎ᠠ | ᠨᠠᠰᠤᠲᠠᠶᠢᠴᠤᠳ ᠪᠣᠯ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢ ᠤᠷᠢᠳ ᠢᠶᠠᠷ | ᠲᠠᠷᠢᠬᠤ ᠬᠥᠮᠥᠰ ᠤᠨ ᠨᠢᠭᠡ ᠪᠣᠯᠣᠨ᠎ᠠ᠃ ᠣᠳᠣᠬᠠᠨ ᠳᠤ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠨᠠᠰᠤᠨ ᠤ | ᠳᠣᠣᠷᠠᠳᠤ ᠬᠢᠵᠠᠭᠠᠷ ᠤᠨ ᠲᠤᠬᠠᠢ ᠱᠠᠭᠠᠷᠳᠠᠯᠭ᠎ᠠ ᠲᠠᠢ᠂ ᠨᠠᠰᠤᠨ ᠤ ᠳᠡᠭᠡᠳᠦ ᠬᠢᠵᠠᠭᠠᠷ ᠤᠨ ᠲᠤᠬᠠᠢ ᠲᠣᠭᠲᠠᠭᠠᠯ ᠦᠭᠡᠢ᠂ | 3 ᠨᠠᠰᠤᠨ ᠠᠴᠠ ᠳᠡᠭᠡᠭᠰᠢᠬᠢ ᠬᠥᠮᠥᠰ ᠪᠦᠷ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠢ ᠴᠥᠮ ᠲᠠᠷᠢᠭᠤᠯᠵᠤ ᠪᠣᠯᠣᠨ᠎ᠠ᠃ | ᠣᠳᠣᠬᠠᠨ ᠳᠤ ᠮᠠᠨ ᠤ ᠤᠯᠤᠰ ᠤᠨ 60 ᠨᠠᠰᠤ ᠵᠢᠴᠢ 60 ᠨᠠᠰᠤᠨ ᠠᠴᠠ ᠳᠡᠭᠡᠭᠰᠢᠬᠢ ᠨᠠᠰᠤᠲᠠᠶᠢᠴᠤᠳ 2.64 | ᠳ᠋ᠦᠩᠰᠢᠭᠤᠷ ᠢ ᠳᠠᠪᠠᠵᠤ᠂ ᠡᠭᠦᠨ ᠤ ᠳᠣᠲᠣᠷ᠎ᠠ 2.12 ᠳ᠋ᠦᠩᠰᠢᠭᠤᠷ ᠭᠠᠷᠤᠢ ᠨᠠᠰᠤᠲᠠᠶᠢᠴᠤᠳ | ᠨᠢᠭᠡᠨᠲᠡ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠢ ᠪᠥᠬᠦᠨ ᠢ ᠲᠠᠷᠢᠭᠤᠯᠪᠠ᠃ ᠣᠳᠣᠬᠠᠨ ᠤ ᠮᠠᠨ ᠤ ᠬᠢᠨᠠᠨ | ᠰᠢᠨᠵᠢᠯᠡᠭᠰᠡᠨ ᠳ᠋ᠦᠩ ᠠᠴᠠ ᠦᠵᠡᠪᠡᠯ᠂ 60 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠤᠨ | ᠡᠷᠡᠭᠦᠯ ᠪᠤᠰᠤ ᠲᠤᠰᠬᠠᠯ ᠭᠠᠷᠬᠤ ᠨᠣᠷᠮ᠎ᠠ ᠨᠢ ᠪᠤᠰᠤᠳ ᠨᠠᠰᠤᠨ ᠤ ᠱᠠᠲᠤᠨ ᠍ ᠤ ᠡᠷᠡᠭᠦᠯ ᠪᠤᠰᠤ ᠲᠤᠰᠬᠠᠯ ᠭᠠᠷᠬᠤ | ᠨᠣᠷᠮ᠎ᠠ ᠠᠴᠠ ᠳᠣᠣᠷ᠎ᠠ ᠪᠠᠶᠢᠨ᠎ᠠ᠃ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠢ ᠪᠥᠬᠦᠨ ᠢ ᠲᠠᠷᠢᠭᠤᠯᠤᠭᠰᠠᠨ | ᠬᠥᠮᠥᠨ ᠤ ᠲᠤᠭ᠎ᠠ ᠤᠯᠤᠰ ᠤᠨ ᠪᠥᠬᠦ ᠬᠥᠮᠥᠨ ᠠᠮᠠ ᠶᠢᠨ 88.01% ᠶᠢ ᠡᠵᠡᠯᠡᠪᠡ 3 ᠳ᠋ᠤᠭᠠᠷ | ᠰᠠᠷ᠎ᠠ ᠶᠢᠨ 24 ᠤ ᠡᠳᠦᠷ ᠪᠣᠯᠲᠠᠯ᠎ᠠ᠂ ᠪᠥᠬᠦ ᠤᠯᠤᠰ ᠲᠤ ᠨᠡᠶᠢᠲᠡ 32 ᠳ᠋ᠦᠩᠰᠢᠭᠤᠷ 4359.9 ᠲᠦᠮᠡᠨ ᠤᠳᠠᠭᠠᠨ ᠤ | ᠲᠠᠷᠢᠯᠭ᠎ᠠ ᠬᠢᠵᠦ᠂ ᠸᠠᠺᠼᠢᠨ ᠲᠠᠷᠢᠭᠤᠯᠤᠭᠰᠠᠨ ᠪᠥᠬᠦ ᠬᠥᠮᠥᠨ ᠤ ᠲᠤᠭ᠎ᠠ 12 ᠳ᠋ᠦᠩᠰᠢᠭᠤᠷ 7554.1 | ᠲᠦᠮᠡ ᠳᠤ ᠬᠦᠷᠴᠦ᠂ ᠬᠠᠮᠤᠷᠤᠭᠰᠠᠨ ᠬᠥᠮᠥᠨ ᠤ ᠲᠤᠭ᠎ᠠ ᠨᠢ ᠤᠯᠤᠰ ᠤᠨ ᠪᠥᠬᠦ ᠬᠥᠮᠥᠨ ᠠᠮᠠ ᠶᠢᠨ 90. | 47% ᠶᠢ ᠡᠵᠡᠯᠡᠵᠦ᠂ ᠨᠢᠭᠡᠨᠲᠡ 12 ᠳ᠋ᠦᠩᠰᠢᠭᠤᠷ 4077.7 ᠲᠦᠮᠡᠨ ᠬᠥᠮᠥᠨ ᠪᠥᠬᠦ ᠲᠠᠷᠢᠯᠭ᠎ᠠ ᠶᠢ ᠲᠠᠷᠢᠭᠤᠯᠵᠤ᠂ ᠪᠥᠬᠦ | ᠲᠠᠷᠢᠯᠭ᠎ᠠ ᠶᠢ ᠲᠠᠷᠢᠭᠤᠯᠤᠭᠰᠠᠨ ᠬᠥᠮᠥᠨ ᠤ ᠲᠤᠭ᠎ᠠ ᠨᠢ ᠤᠯᠤᠰ ᠤᠨ ᠪᠥᠬᠦ ᠬᠥᠮᠥᠨ ᠠᠮᠠ ᠶᠢᠨ 88. | 01% ᠶᠢ ᠡᠵᠡᠯᠡᠪᠡ᠃ 6 ᠳ᠋ᠦᠩᠰᠢᠭᠤᠷ 7127 ᠲᠦᠮᠡᠨ ᠬᠥᠮᠥᠨ ᠡᠭᠡᠯᠢᠯᠡᠭᠡ ᠴᠢᠩᠭᠠᠳᠬᠠᠬᠤ ᠲᠠᠷᠢᠯᠭ᠎ᠠ ᠲᠠᠷᠢᠭᠤᠯᠵᠤ᠂ | ᠡᠭᠦᠨ ᠳᠤ 1219.1 ᠲᠦᠮᠡᠨ ᠬᠥᠮᠥᠨ ᠬᠡᠯᠬᠢᠶᠡᠮᠡᠯ ᠡᠭᠡᠯᠢᠯᠡᠭᠡ ᠴᠢᠩᠭᠠᠳᠬᠠᠬᠤ ᠲᠠᠷᠢᠯᠭ᠎ᠠ ᠲᠠᠷᠢᠭᠤᠯᠪᠠ᠃ | 60 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠤᠨ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠲᠠᠷᠢᠭᠤᠯᠤᠭᠰᠠᠨ | ᠬᠥᠮᠥᠨ ᠤ ᠲᠤᠭ᠎ᠠ 2 ᠳ᠋ᠦᠩᠰᠢᠭᠤᠷ 2271.9 ᠲᠦᠮᠡ ᠳᠤ ᠬᠦᠷᠴᠦ᠂ 2 ᠳ᠋ᠦᠩᠰᠢᠭᠤᠷ 1215.3 ᠲᠦᠮᠡᠨ | ᠬᠥᠮᠥᠨ ᠳᠤ ᠲᠠᠷᠢᠯᠭ᠎ᠠ ᠲᠠᠷᠢᠵᠤ᠂ 1 ᠳ᠋ᠦᠩᠰᠢᠭᠤᠷ 3823.7 ᠲᠦᠮᠡᠨ ᠬᠥᠮᠥᠨ ᠳᠤ ᠡᠭᠡᠯᠢᠯᠡᠭᠡ ᠴᠢᠩᠭᠠᠳᠬᠠᠬᠤ ᠲᠠᠷᠢᠯᠭ᠎ᠠ ᠲᠠᠷᠢᠭᠤᠯᠪᠠ᠃ | ᠣᠲᠣ ᠪᠣᠯᠲᠠᠯ᠎ᠠ᠂ ᠵᠢᠶᠠᠩᠰᠢ᠂ ᠠᠨᠾᠦ᠋ᠢ᠂ ᠱᠠᠨᠳᠦ᠋ᠩ 3 ᠮᠤᠵᠢ ᠶᠢᠨ 60 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠤᠨ | ᠲᠠᠷᠢᠭᠤᠯᠤᠭᠰᠠᠨ ᠨᠣᠷᠮ᠎ᠠ ᠨᠢᠭᠡᠨᠲᠡ 90% ᠶᠢ ᠳᠠᠪᠠᠪᠠ᠃ ᠴᠦᠩᠴᠢᠩ᠂ ᠾᠧᠨᠠᠨ᠂ ᠬᠤᠪᠧᠢ᠂ | ᠭᠦᠢᠵᠧᠦ᠂ ᠾᠧᠪᠧᠢ᠂ ᠰᠧᠴᠤᠸᠠᠨ᠂ ᠶᠦᠨᠨᠠᠨ ᠵᠡᠷᠭᠡ 7 ᠮᠤᠵᠢ ᠬᠤᠲᠠ ᠳᠤ 85% ᠶᠢ ᠳᠠᠪᠠᠵᠠᠢ᠃ |