| | ᠲᠣᠮᠣ ᠬᠡᠯᠪᠡᠷᠢ ᠶᠢᠨ ᠬᠤᠳᠠᠯᠳᠤᠭᠠᠨ ᠤ ᠲᠠᠯᠠᠪᠤᠷ ᠤᠨ ᠭᠠᠯ ᠤᠨ ᠭᠠᠮᠰᠢᠭ ᠤᠨ ᠠᠳᠡᠯ ᠤᠨ ᠣᠨᠴᠠᠯᠢᠭ ᠵᠢᠴᠢ ᠭᠠᠯ | ᠤᠨᠲᠠᠷᠠᠭᠠᠵᠤ ᠠᠪᠤᠷᠠᠨ ᠲᠤᠰᠠᠯᠠᠬᠤ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠡᠵᠡᠮᠰᠢᠵᠦ᠂ ᠲᠣᠰ ᠲᠥᠷᠥᠯ ᠤᠨ | ᠲᠠᠯᠠᠪᠤᠷ ᠤᠨ ᠭᠠᠯ ᠤᠨ ᠭᠠᠮᠰᠢᠭ ᠢ ᠰᠡᠷᠭᠡᠶᠢᠯᠡᠨ ᠡᠵᠡᠮᠳᠡᠬᠦ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ | ᠦᠨᠡᠨ ᠬᠦ ᠳᠡᠭᠡᠭᠰᠢᠯᠡᠭᠦᠯᠬᠦ ᠶᠢᠨ ᠳᠣᠯᠠᠳᠠ᠂ 3 ᠰᠠᠷ᠎ᠠ ᠶᠢᠨ 3 ᠤ ᠡᠳᠦᠷ᠂ ᠬᠤᠲᠠ ᠶᠢᠨ ᠭᠠᠯ ᠤᠨᠲᠠᠷᠠᠭᠠᠵᠤ ᠠᠪᠤᠷᠠᠨ | ᠲᠤᠰᠠᠯᠠᠬᠤ ᠶᠡᠭᠡ ᠠᠩᠭᠢ ᠶᠢᠨ ᠶᠧ ᠴᠠᠭ ᠦᠶ᠎ᠡ ᠶᠢᠨ ᠠᠭᠤᠳᠠᠮ ᠲᠠᠯᠠᠪᠠᠶ ᠳᠤ ᠭᠠᠯ ᠤᠨᠲᠠᠷᠠᠭᠠᠬᠤ ᠮᠡᠳᠡᠯᠭᠡ ᠶᠢᠨ | ᠪᠣᠯᠪᠠᠰᠤᠷᠠᠭᠤᠯᠤᠯ ᠥᠷᠨᠢᠭᠦᠯᠵᠦ᠂ ᠭᠠᠯ ᠰᠡᠷᠭᠡᠶᠢᠯᠡᠨ ᠤᠨᠲᠠᠷᠠᠭᠠᠬᠤ ᠪᠣᠳᠠᠲᠤ ᠪᠠᠶᠢᠯᠳᠤᠭᠠᠨ ᠤ ᠰᠣᠷᠢᠯᠲᠠ ᠬᠢᠵᠡᠢ᠃ | | | | ᠪᠣᠯᠪᠠᠰᠤᠷᠠᠭᠤᠯᠤᠯ ᠤᠨ ᠳᠤᠮᠳᠠ᠂ ᠭᠠᠯ ᠣᠨᠳᠠᠷᠠᠭᠠᠵᠦ ᠠᠪᠤᠷᠠᠨ ᠲᠤᠰᠠᠯᠠᠬᠤ ᠠᠵᠢᠯᠲᠠᠳ ᠬᠡᠷᠡᠭ ᠤᠨ ᠵᠢᠱᠢᠶ᠎ᠡ ᠪᠠᠷ | ᠳᠠᠮᠵᠢᠭᠤᠯᠤᠨ᠂ ᠲᠣᠮᠣ ᠬᠡᠯᠪᠡᠷᠢ ᠶᠢᠨ ᠬᠤᠳᠠᠯᠳᠤᠭᠠᠨ ᠤ ᠲᠠᠯᠠᠪᠤᠷ ᠤᠨ ᠭᠠᠯ ᠤᠨ ᠠᠶᠤᠯ ᠤᠨ ᠣᠨᠴᠠᠯᠢᠭ᠂ ᠠᠶᠤᠯᠲᠤ ᠴᠢᠨᠠᠷ | ᠪᠠ ᠤᠷᠢᠳᠴᠢᠯᠠᠨ ᠰᠡᠷᠭᠡᠶᠢᠯᠡᠬᠦ ᠠᠷᠭ᠎ᠠ ᠬᠡᠮᠵᠢᠶ᠎ᠡ ᠶᠢ ᠵᠠᠳᠠᠯᠵᠤ᠂ ᠪᠢᠴᠢᠯ ᠬᠡᠯᠪᠡᠷᠢ ᠶᠢᠨ ᠭᠠᠯ ᠤᠨᠲᠠᠷᠠᠭᠠᠬᠤ ᠥᠷᠲᠡᠭᠡ ᠶᠢ | ᠠᠰᠢᠭᠯᠠᠨ ᠭᠠᠯ ᠤᠨᠲᠠᠷᠠᠭᠠᠬᠤ ᠡᠬᠢᠨ ᠤ ᠬᠤᠭᠤᠴᠠᠭᠠᠨ ᠤ ᠭᠠᠯ ᠤᠨ ᠠᠶᠤᠯ ᠢ ᠤᠨᠲᠠᠷᠠᠭᠠᠬᠤ᠂ ᠪᠠᠴᠢᠮ ᠪᠠᠶᠢᠳᠠᠯ ᠢ | ᠠᠷᠭᠠᠴᠠᠵᠤ ᠲᠠᠷᠬᠠᠭᠠᠬᠤ ᠵᠡᠷᠭᠡ ᠲᠠᠯ᠎ᠠ ᠶᠢᠨ ᠮᠡᠳᠡᠯᠭᠡ ᠶᠢ ᠲᠠᠶᠢᠯᠪᠤᠷᠢᠯᠠᠪᠠ᠃ | ᠰᠣᠷᠣᠭᠰᠠᠨ ᠢᠶᠠᠨ ᠬᠡᠷᠡᠭᠯᠡᠬᠦ ᠵᠣᠷᠢᠯᠭ᠎ᠠ ᠳᠠᠭᠠᠨ ᠬᠦᠷᠬᠦ ᠶᠢᠨ ᠳᠣᠯᠠᠳᠠ᠂ ᠭᠠᠯ ᠤᠨᠲᠠᠷᠠᠭᠠᠵᠤ ᠠᠪᠤᠷᠠᠨ ᠲᠤᠰᠠᠯᠠᠬᠤ | ᠠᠵᠢᠯᠲᠠᠳ ᠬᠤᠳᠠᠯᠳᠤᠭᠠᠨ ᠤ ᠲᠠᠯᠠᠪᠤᠷ ᠤᠨ ᠠᠵᠢᠯᠲᠠᠳ ᠢ ᠵᠣᠬᠢᠶᠠᠨ ᠪᠠᠶᠢᠭᠤᠯᠵᠤ ᠭᠠᠯ ᠤᠨᠲᠠᠷᠠᠭᠠᠬᠤ ᠶᠢ ᠰᠡᠷᠭᠡᠶᠢᠯᠡᠬᠦ | ᠪᠣᠳᠠᠲᠤ ᠪᠠᠶᠢᠯᠳᠤᠭᠠᠨ ᠤ ᠰᠣᠷᠢᠯᠲᠠ ᠬᠢᠵᠡᠢ᠃ ᠭᠠᠯ ᠣᠨᠳᠠᠷᠠᠭᠠᠵᠦ ᠠᠪᠤᠷᠠᠨ ᠲᠤᠰᠠᠯᠠᠬᠤ ᠲᠡᠷᠭᠡ 3᠂ ᠭᠠᠯ ᠣᠨᠳᠠᠷᠠᠭᠠᠵᠦ | ᠠᠪᠤᠷᠠᠨ ᠲᠤᠰᠠᠯᠠᠬᠤ ᠠᠵᠢᠯᠲᠠᠨ 20᠂ ᠬᠤᠳᠠᠯᠳᠤᠭᠠᠨ ᠤ ᠲᠠᠯᠠᠪᠤᠷ ᠤᠨ 30 ᠭᠠᠷᠤᠢ ᠠᠵᠢᠯᠲᠠᠨ ᠰᠣᠷᠢᠯᠲᠠ ᠳᠤ | ᠣᠷᠣᠯᠴᠠᠵᠠᠢ᠃ ᠰᠣᠷᠢᠯᠲᠠ ᠶᠢᠨ ᠳᠤᠮᠳᠠ᠂ ᠰᠣᠷᠢᠯᠲᠠ ᠳᠤ ᠣᠷᠣᠯᠴᠠᠭᠰᠠᠳ ᠨᠢᠭᠲᠠ ᠬᠠᠮᠵᠢᠯᠴᠠᠨ᠂ ᠲᠣᠰ ᠲᠣᠰ ᠤᠨ | ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠲᠣᠰ ᠲᠣᠰ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠬᠠᠮᠲᠤ ᠪᠠᠷ ︽ | ᠭᠠᠯ ᠤᠨ ᠭᠠᠮᠰᠢᠭ ᠤᠨ ᠬᠤᠬᠢᠷᠠᠯ︾ ᠢ ᠬᠠᠮᠤᠭ ᠤᠨ ᠳᠣᠣᠷ᠎ᠠ ᠬᠡᠮᠵᠢᠶᠡᠨ ᠳᠤ ᠬᠦᠷᠲᠡᠯ᠎ᠡ ᠪᠠᠭᠤᠷᠠᠭᠤᠯᠵᠤ᠂ ᠰᠣᠷᠢᠯᠲᠠ ᠶᠢᠨ | ᠵᠢᠱᠢᠭᠰᠡᠨ ᠦᠷ᠎ᠡ ᠪᠦᠲᠦᠮᠵᠢ ᠶᠢ ᠣᠯᠣᠭᠰᠠᠨ ᠪᠠᠶᠢᠨ᠎ᠠ᠃ ᠰᠣᠷᠢᠯᠲᠠ ᠳᠠᠭᠤᠰᠤᠭᠰᠠᠨ ᠤ ᠳᠠᠷᠠᠭ᠎ᠠ ᠭᠠᠯ ᠤᠨᠲᠠᠷᠠᠭᠠᠨ ᠠᠪᠤᠷᠠᠨ | ᠲᠤᠰᠠᠯᠠᠬᠤ ᠠᠵᠢᠯᠲᠠᠳ ᠰᠣᠷᠢᠯᠲᠠ ᠶᠢᠨ ᠪᠦᠬᠦ ᠶᠠᠪᠤᠴᠠ ᠶᠢ ᠳ᠋ᠦᠩᠨᠡᠵᠦ᠂ ᠭᠠᠯ ᠤᠨ ᠲᠠᠯᠠᠪᠠᠶ ᠶᠢᠨ ᠠᠪᠤᠷᠠᠨ ᠲᠤᠰᠠᠯᠠᠬᠤ᠂ | ᠲᠠᠷᠬᠠᠭᠠᠨ ᠶᠠᠪᠤᠭᠤᠯᠬᠤ ᠶᠢ ᠵᠥᠪ ᠢᠶᠠᠷ ᠬᠥᠲᠥᠯᠥᠨ ᠵᠢᠯᠤᠭᠤᠳᠬᠤ ᠲᠠᠯ᠎ᠠ ᠪᠠᠷ ᠣᠨᠴᠠᠭᠠᠶ ᠰᠠᠨᠠᠭᠤᠯᠤᠮᠵᠢ ᠭᠠᠷᠭᠠᠭᠰᠠᠨ | ᠪᠠᠶᠢᠨ᠎ᠠ᠃ | | | | | | | ᠬᠤᠲᠠ ᠶᠢᠨ ᠭᠠᠯ ᠣᠨᠳᠠᠷᠠᠭᠠᠵᠦ ᠠᠪᠤᠷᠠᠨ ᠲᠤᠰᠠᠯᠠᠬᠤ ᠶᠡᠭᠡ ᠠᠩᠭᠢ ᠶᠢᠨ ᠹᠠᠩ ᠵᠧᠩ ᠵᠠᠮ ᠤᠨ ᠭᠠᠯ ᠤᠨᠲᠠᠷᠠᠭᠠᠬᠤ | ᠠᠪᠤᠷᠠᠨ ᠲᠤᠰᠠᠯᠠᠬᠤ ᠥᠷᠲᠡᠭᠡᠨ ᠤ ᠳᠡᠳ᠋ ᠳᠠᠷᠤᠭ᠎ᠠ ᠰᠦᠨ ᠵᠢᠶᠠ ᠸᠧᠨ ᠢᠯᠡᠷᠬᠡᠶᠢᠯᠡᠬᠦ ᠳᠡᠭᠡᠨ᠂ ᠲᠣᠰ ᠤᠳᠠᠭᠠᠨ ᠤ | ᠰᠣᠷᠢᠯᠲᠠ ᠪᠠᠷ ᠳᠡᠮᠵᠢᠨ᠂ ᠬᠤᠳᠠᠯᠳᠤᠭᠠᠨ ᠤ ᠲᠠᠯᠠᠪᠤᠷ ᠤᠨ ᠠᠵᠢᠯᠲᠠᠳ ᠲᠤ ᠭᠠᠯ ᠤᠨᠲᠠᠷᠠᠭᠠᠭᠤᠷ ᠵᠡᠷᠭᠡ ᠡᠳᠦᠷ | ᠲᠤᠲᠤᠮ ᠤᠨ ᠭᠠᠯ ᠤᠨᠲᠠᠷᠠᠭᠠᠬᠤ ᠲᠥᠬᠦᠭᠡᠷᠦᠮᠵᠢ ᠶᠢ ᠠᠵᠢᠯᠯᠠᠭᠤᠯᠵᠤ ᠬᠡᠷᠡᠭᠯᠡᠬᠦ ᠠᠷᠭ᠎ᠠ ᠶᠢ ᠣᠶᠢᠯᠠᠭᠠᠭᠤᠯᠵᠤ᠂ ᠠᠮᠢ | ᠵᠢᠭᠤᠲᠠᠵᠤ ᠥᠪᠡᠷ ᠢ ᠪᠠᠨ ᠠᠪᠤᠷᠠᠬᠤ ᠵᠠᠷᠢᠮ ᠦᠨᠳᠦᠰᠦᠨ ᠮᠡᠷᠭᠡᠵᠢᠯ ᠢ ᠡᠵᠡᠮᠰᠢᠭᠦᠯᠵᠦ᠂ ᠠᠵᠢᠯᠲᠠᠳ ᠤᠨ ︽ᠳᠥᠷᠪᠡᠨ | ᠴᠢᠳᠠᠪᠤᠷᠢ︾ ᠶᠢ ᠳᠡᠭᠡᠭᠰᠢᠯᠡᠭᠦᠯᠦᠨ᠂ ᠭᠠᠯ ᠤᠨᠲᠠᠷᠠᠭᠠᠬᠤ ᠠᠮᠤᠷ ᠲᠦᠪᠰᠢᠨ ᠤ ︽ᠰᠡᠷᠭᠡᠶᠢᠯᠡᠯᠲᠡ ᠶᠢᠨ ᠬᠡᠷᠡᠮ︾ ᠢ ᠪᠠᠲᠤ | ᠴᠣᠭᠴᠠᠯᠠᠭᠰᠠᠨ ᠪᠠᠶᠢᠨ᠎ᠠ ᠭᠡᠵᠡᠢ᠃ | | |