ᠡᠷᠢᠶᠡᠨ ᠬᠤᠲᠠ ᠶᠢᠨ ᠬᠢᠯᠢ ᠶᠢᠨ ᠪᠠᠶᠢᠴᠠᠭᠠᠬᠤ ᠥᠷᠲᠡᠭᠡᠨ ᠤ ᠠᠷᠠᠳ ᠤᠨ ᠴᠠᠭᠳᠠᠭ᠎ᠠ ᠬᠡᠦᠬᠡᠳ ᠤᠨ ᠴᠡᠴᠡᠷᠯᠢᠭ  ᠲᠤ ᠬᠦᠷᠴᠦ ᠯᠸᠢ ᠹᠧᠩ ᠤᠨ ᠵᠣᠷᠢᠭ ᠰᠠᠨᠠᠭ᠎ᠠ ᠶᠢ ᠪᠠᠳᠠᠷᠠᠭᠤᠯᠪᠠ
ᠨᠡᠶᠢᠲᠡᠯᠡᠭᠰᠡᠨ ᠴᠠᠭ᠄
2022/3/4
   3 ᠰᠠᠷ᠎ᠠ ᠶᠢᠨ 3 ᠤ ᠡᠳᠦᠷ᠂ ᠯᠧᠢ ᠹᠧᠩ ᠠᠴᠠ ᠰᠤᠷᠤᠯᠴᠠᠭᠰᠠᠨ 59 ᠳᠠᠬᠢ ᠳᠤᠷᠠᠰᠬᠠᠯ ᠤᠨ ᠡᠳᠦᠷ ᠬᠦᠷᠴᠦ ᠢᠷᠡᠬᠦ ᠲᠠᠰᠢᠷᠠᠮ ᠳᠤ᠂ ᠯᠧᠢ ᠹᠧᠩ ᠤᠨ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠪᠠᠳᠠᠷᠠᠭᠤᠯᠵᠤ᠂ ᠯᠧᠢ ᠹᠧᠩ ᠤᠨ ᠵᠣᠷᠢᠭ ᠰᠠᠨᠠᠭ᠎ᠠ ᠶᠢ ᠰᠤᠷᠭᠠᠭᠤᠯᠢ ᠶᠢᠨ ᠬᠦᠷᠢᠶᠡᠨ ᠳᠤ ᠦᠨᠳᠦᠰᠦᠯᠡᠭᠦᠯᠦᠨ ᠰᠣᠶᠣᠭᠠᠯᠠᠭᠤᠯᠬᠤ ᠶᠢᠨ ᠳᠣᠯᠠᠳᠠ᠂ ᠡᠷᠢᠶᠡᠨ ᠬᠤᠲᠠ ᠶᠢᠨ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠥᠷᠲᠡᠭᠡᠨ ᠤ ᠠᠷᠠᠳ ᠤᠨ ᠴᠠᠭᠳᠠᠭ᠎ᠠ ᠬᠤᠲᠠ ᠶᠢᠨ ᠦᠨᠳᠦᠰᠦᠲᠡᠨ ᠤ ᠬᠡᠦᠬᠡᠳ ᠤᠨ ᠴᠡᠴᠡᠷᠯᠢᠭ ᠲᠤ ᠬᠦᠷᠴᠦ᠂ ︽ᠯᠧᠢ ᠹᠧᠩ ᠤᠨ ᠵᠣᠷᠢᠭ ᠰᠠᠨᠠᠭ᠎ᠠ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ︾ ᠠᠵᠢᠯᠯᠠᠭ᠎ᠠ ᠥᠷᠨᠢᠭᠦᠯᠪᠡ᠃
   ᠦᠳᠡ ᠶᠢᠨ ᠡᠮᠦᠨᠡᠬᠢ 9 ᠴᠠᠭ ᠲᠤ᠂ ᠬᠢᠯᠢ ᠶᠢᠨ ᠪᠠᠶᠢᠴᠠᠭᠠᠯᠲᠠ ᠶᠢᠨ ᠠᠷᠠᠳ ᠤᠨ ᠴᠠᠭᠳᠠᠭ᠎ᠠ ᠪᠣᠯᠣᠨ ᠬᠡᠦᠬᠡᠳ ᠤᠨ ᠴᠡᠴᠡᠷᠯᠢᠭ ᠤᠨ ᠪᠠᠭᠰᠢ ᠰᠤᠷᠤᠭᠴᠢᠳ ᠲᠠᠮᠢᠷ ᠤᠨ ᠲᠠᠯᠠᠪᠠᠶ ᠳᠤ ᠴᠤᠭᠯᠠᠷᠠᠨ ᠤᠯᠤᠰ ᠤᠨ ᠲᠤᠭ ᠮᠠᠨᠳᠤᠭᠤᠯᠬᠤ ᠶᠣᠰᠣᠯᠠᠯ ᠳᠤ ᠣᠷᠣᠯᠴᠠᠪᠠ᠃ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠬᠠᠩᠭᠢᠨᠠᠬᠤ ᠳᠤ᠂ ᠪᠠᠭᠰᠢ ᠰᠤᠷᠤᠭᠴᠢᠳ ᠲᠥᠪ ᠬᠢᠴᠢᠶᠡᠩᠭᠦᠢ ᠪᠠᠷ ᠵᠣᠭᠰᠣᠵᠤ᠂ ᠤᠯᠤᠰ ᠤᠨ ᠰᠦᠯᠳᠡ ᠳᠠᠭᠤᠤ ᠶᠢ ᠬᠠᠮᠲᠤ ᠪᠠᠷ ᠳᠠᠭᠤᠯᠠᠵᠤ᠂ ᠤᠯᠤᠰ ᠤᠨ ᠲᠤᠭ ᠢᠶᠠᠨ ᠬᠦᠨᠳᠦᠳᠬᠡᠵᠦ ᠡᠭᠡ ᠣᠯᠣᠰ ᠢᠶᠠᠨ ᠬᠠᠶᠢᠷᠠᠯᠠᠬᠤ ᠰᠡᠳᠬᠢᠯᠭᠡ ᠪᠠᠨ ᠢᠯᠡᠳᠬᠡᠪᠡ᠃     ᠠᠵᠢᠯᠯᠠᠭ᠎ᠠ ᠶᠢᠨ ᠳᠤᠮᠳᠠ᠂ ᠠᠷᠠᠳ ᠤᠨ ᠴᠠᠭᠳᠠᠭ᠎ᠠ ᠪᠠᠭᠰᠢ ᠰᠤᠷᠤᠭᠴᠢᠳ ᠲᠤ ᠳᠠᠶᠢᠰᠤᠨ ᠢ ᠪᠠᠷᠢᠬᠤ ᠨᠢᠳᠦᠷᠭᠠᠨ ᠡᠷᠳᠡᠮ᠂ ᠠᠷᠠᠳ ᠤᠨ ᠴᠠᠭᠳᠠᠭ᠎ᠠ ᠶᠢᠨ ᠣᠮᠤᠭ ᠰᠦᠷ᠂ ᠴᠢᠩᠭ᠎ᠠ ᠨᠢᠮᠪᠠᠢ ᠴᠠᠭᠳᠠᠭᠠᠨ ᠤ ᠳᠦᠷᠢ ᠲᠥᠷᠬᠦ᠂ ᠤᠷᠠᠨ ᠨᠠᠷᠢᠯᠢᠭ ᠤᠷ᠎ᠠ ᠮᠡᠷᠭᠡᠵᠢᠯ   ᠢ ᠦᠵᠡᠭᠦᠯᠵᠦ᠂ ᠬᠡᠦᠬᠡᠳ ᠤᠳ ᠤᠨ ᠬᠠᠯᠠᠭᠤᠨ ᠠᠯᠠᠭ᠎ᠠ ᠲᠡᠰᠢᠯᠲᠡ   ᠶᠢ ᠣᠯᠣᠭᠰᠠᠨ ᠪᠠᠶᠢᠨ᠎ᠠ᠃ ᠠᠷᠠᠳ ᠤᠨ ᠴᠠᠭᠳᠠᠭ᠎ᠠ ᠪᠠᠰᠠ ᠬᠡᠦᠬᠡᠳ ᠤᠳ   ᠢ ᠳᠠᠭᠠᠭᠤᠯᠤᠨ ᠪᠠᠶᠢᠯᠳᠤᠬᠤ ᠠᠷᠭ᠎ᠠ   ᠶᠢ ᠬᠡᠷᠡᠭᠯᠡᠨ᠂ ᠬᠠᠷᠰᠢ ᠰᠠᠭᠠᠳ ᠢ ᠳᠤᠭᠤᠯᠵᠤ᠂ ᠪᠡᠶ᠎ᠡ ᠮᠠᠬᠠᠪᠤᠳ ᠢᠶᠠᠨ ᠳᠠᠪᠳᠠᠨ ᠪᠣᠯᠪᠠᠰᠣᠷᠠᠭᠤᠯᠬᠤ ᠶᠢ ᠵᠢᠭᠠᠪᠠ᠃ ᠡᠭᠦᠨ ᠤ ᠳᠠᠷᠠᠭ᠎ᠠ᠂ ᠠᠷᠠᠳ ᠤᠨ ᠴᠠᠭᠳᠠᠭ᠎ᠠ ᠬᠡᠦᠬᠡᠳ ᠤᠳ ᠲᠤ ᠯᠧᠢ ᠹᠧᠩ ᠤᠨ ᠥᠯᠢᠭᠡᠷ ᠢ ᠬᠤᠪᠢᠶᠠᠯᠴᠠᠨ ᠥᠭᠴᠦ᠂ ᠯᠧᠢ ᠹᠧᠩ ᠠᠴᠠ ᠰᠤᠷᠤᠯᠴᠠᠵᠤ᠂ ᠯᠧᠢ ᠹᠧᠩ ᠤᠨ ᠵᠣᠷᠢᠭ ᠰᠠᠨᠠᠭ᠎ᠠ   ᠶᠢ ᠤᠯᠠᠮᠵᠢᠯᠠᠨ ᠵᠠᠯᠭᠠᠮᠵᠢᠯᠠᠵᠤ᠂ ᠰᠢᠨ᠎ᠡ ᠴᠠᠭ ᠦᠶ᠎ᠡ   ᠶᠢᠨ ︽ᠪᠢᠴᠢᠬᠠᠨ ᠯᠧᠢ ᠹᠧᠩ︾ ᠪᠣᠯᠲᠤᠭᠠᠢ ᠭᠡᠵᠦ ᠤᠷᠢᠶᠠᠯᠠᠵᠠᠢ᠃
    ᠡᠷᠢᠶᠡᠨ ᠤ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠥᠷᠲᠡᠭᠡᠨ ᠤ ᠵᠢᠵᠢᠭᠦᠷᠯᠡᠬᠦ ᠨᠢᠭᠡᠳᠦᠭᠡᠷ ᠠᠩᠭᠢ ᠶᠢᠨ ᠳᠡᠳ᠋ ᠳᠠᠷᠤᠭ᠎ᠠ ᠣᠷᠬᠢᠯ ᠭᠡᠯᠡᠬᠦ ᠳᠤ ᠪᠠᠨ᠂ ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠤᠨ᠂ ᠬᠡᠦᠬᠡᠳ ᠤᠳ ᠤᠨ ᠰᠡᠳᠬᠢᠯ ᠳᠤ ᠯᠧᠢ ᠹᠧᠩ ᠤᠨ ᠵᠣᠷᠢᠭ ᠰᠠᠨᠠᠭᠠᠨ ᠤ ᠦᠷ᠎ᠡ ᠶᠢ ᠳᠠᠷᠢᠵᠤ᠂ ᠬᠡᠦᠬᠡᠳ ᠤᠳ ᠲᠤ ᠯᠧᠢ ᠹᠧᠩ ᠢ ᠴᠡᠭᠡᠵᠢᠯᠡᠭᠦᠯᠵᠦ᠂ ᠯᠧᠢ ᠹᠧᠩ ᠠᠴᠠ ᠰᠤᠷᠤᠯᠴᠠᠭᠤᠯᠵᠤ᠂ ᠯᠧᠢ ᠹᠧᠩ ᠤᠨ ᠵᠣᠷᠢᠭ ᠰᠠᠨᠠᠭ᠎ᠠ ᠶᠢ ᠦᠶ᠎ᠡ ᠶᠢᠨ ᠦᠶ᠎ᠡ ᠳᠤ ᠤᠯᠠᠮᠵᠢᠯᠠᠨ ᠵᠠᠯᠭᠠᠮᠵᠢᠯᠠᠭᠤᠯᠬᠤ ᠶᠢ ᠬᠦᠰᠡᠵᠦ ᠪᠠᠶᠢᠨ᠎ᠠ ᠭᠡᠵᠡᠢ᠃
 
ᠢᠷᠡᠯᠲᠡ᠄ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号