︽ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠰᠤᠯᠠᠷᠠᠭᠤᠯᠬᠤ ᠦᠭᠡᠢ︾ ᠯᠦ ᠪᠦᠦ ᠳ᠋ᠦᠩ ᠬᠦᠳᠡᠷ ᠪᠣᠯᠪᠠᠰᠤᠷᠠᠭᠤᠯᠬᠤ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠱᠠᠭᠠᠷᠳᠠᠨ ᠵᠢᠯᠣᠭᠤᠳᠪᠠ
ᠨᠡᠶᠢᠲᠡᠯᠡᠭᠰᠡᠨ ᠴᠠᠭ᠄
2022/4/11
   4 ᠰᠠᠷ᠎ᠠ ᠶᠢᠨ 8 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠯᠦ ᠪᠦᠦ ᠳ᠋ᠦᠩ ᠫᠧᠩ ᠱᠦᠨ ᠠᠭᠤᠷᠬᠠᠢ ᠶᠢᠨ ᠦᠢᠯᠡᠰ᠂ ᠪᠠᠢ ᠾᠦᠢ ᠶᠤᠸᠠᠨ ᠠᠭᠤᠷᠬᠠᠢ ᠶᠢᠨ ᠦᠢᠯᠡᠰ ᠵᠡᠷᠭᠡ ᠬᠦᠳᠡᠷ ᠪᠣᠯᠪᠠᠰᠤᠷᠠᠭᠤᠯᠬᠤ ᠠᠵᠤ ᠠᠬᠤᠶᠢᠯᠠᠯ ᠳᠤ ᠭᠦᠨᠵᠡᠭᠡᠶᠢᠷᠡᠵᠦ᠂ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠭᠰᠡᠨ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠪᠠᠶᠢᠭ᠎ᠠ ᠪᠠᠶᠢᠳᠠᠯ ᠢ ᠪᠣᠳᠠᠲᠠᠢ ᠭᠠᠵᠠᠷ ᠲᠤᠨᠢ ᠬᠢᠨᠠᠨ ᠵᠢᠯᠤᠭᠤᠳᠴᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠵᠣᠬᠢᠶᠠᠨ ᠪᠠᠶᠢᠭᠤᠯᠵᠤ ᠤᠳᠤᠷᠢᠳᠬᠤ᠂ ᠵᠣᠬᠢᠴᠠᠭᠤᠯᠤᠨ ᠲᠣᠬᠢᠷᠠᠭᠤᠯᠬᠤ ᠶᠢ ᠪᠦᠬᠦ ᠲᠠᠯ᠎ᠠ ᠪᠠᠷ ᠴᠢᠩᠭᠠᠳᠬᠠᠵᠤ᠂ ᠰᠢᠨᠵᠢᠯᠡᠬᠦ ᠤᠬᠠᠭᠠᠨᠴᠢ ᠣᠨᠣᠪᠴᠢᠳᠠᠢ ᠲᠦᠷᠦ ᠶᠢᠨ ᠪᠣᠳᠣᠯᠭ᠎ᠠ ᠶᠢ ᠬᠡᠷᠡᠭᠵᠢᠭᠦᠯᠵᠦ᠂ ᠡᠯ᠎ᠡ ᠵᠦᠢᠯ ᠤᠨ ᠠᠵᠢᠯ ᠢ ᠥᠴᠥᠬᠡᠨ ᠴᠦ ᠰᠤᠯᠠᠷᠠᠭᠤᠯᠤᠯ ᠦᠭᠡᠢ ᠴᠢᠩᠭ᠎ᠠ ᠠᠳᠬᠤᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠬᠤᠶᠠᠷ ᠲᠠᠯ᠎ᠠ ᠪᠠᠷ ᠠᠳᠬᠤᠵᠤ᠂ ᠬᠤᠶᠠᠷ ᠢ ᠰᠠᠭᠠᠲᠠᠭᠠᠬᠤ ᠦᠭᠡᠢ ᠪᠠᠶᠢᠬᠤ ᠶᠢ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠲᠠ ᠶᠢᠨ ᠳᠡᠳ᠋ ᠳᠠᠷᠤᠭ᠎ᠠ ᠵᠠᠩ ᠶᠦᠩ ᡁᠢ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠤᠸᠠᠢ ᠰᠢ ᠬᠤᠸᠠ ᠰᠢᠪᠠᠳᠠᠨ ᠵᠢᠯᠤᠭᠤᠳᠬᠤ ᠳᠤ ᠣᠷᠣᠯᠴᠠᠪᠠ᠃
     ᠪᠠᠢ ᠾᠦᠢ ᠶᠤᠸᠠᠨ ᠠᠭᠤᠷᠬᠠᠢ ᠶᠢᠨ ᠦᠢᠯᠡᠰ ᠲᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠪᠠ     ᠯᠦ ᠪᠦᠦ ᠳ᠋ᠦᠩ ᠨᠠᠷ ᠠᠵᠤ ᠠᠬᠤᠶᠢᠯᠠᠯ ᠤᠨ ᠠᠵᠢᠯᠲᠠᠨ ᠤ ᠪᠠᠶᠢᠷᠢ᠂ ᠠᠵᠢᠯ ᠤᠨ ᠲᠣᠭᠤᠷᠢᠭ ᠲᠤ ᠭᠦᠨᠵᠡᠭᠡᠶᠢᠷᠡᠵᠦ᠂ ᠨᠠᠷᠢᠨ ᠬᠢᠨᠠᠮᠠᠭᠠᠢ ᠠᠰᠠᠭᠤᠵᠤ᠂ ᠨᠠᠷᠢᠨ ᠬᠢᠨᠠᠮᠠᠭᠠᠢ ᠪᠠᠶᠢᠴᠠᠭᠠᠵᠤ᠂ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ ᠪᠠ ᠲᠤᠬᠠᠢ ᠶᠢᠨ ᠭᠠᠵᠠᠷ ᠲᠤᠨᠢ ᠬᠢᠨᠠᠨ ᠵᠢᠯᠤᠭᠤᠳᠴᠤ ᠪᠠᠶᠢᠴᠠᠭᠠᠬᠤ ᠪᠠᠷ ᠳᠡᠮᠵᠢᠨ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠪᠡᠯᠡᠳᠬᠡᠯ ᠤᠨ ᠪᠠᠶᠢᠳᠠᠯ ᠢ ᠨᠠᠷᠢᠨ ᠣᠶᠢᠯᠠᠭᠠᠵᠤ᠂ ᠠᠵᠤ ᠠᠬᠤᠶᠢᠯᠠᠯ ᠢ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ᠂ ᠪᠢᠲᠡᠭᠦᠦ ᠡᠵᠡᠮᠰᠢᠯᠳᠦ ᠬᠠᠮᠢᠶᠠᠷᠬᠤ᠂ ᠠᠷᠢᠭᠤᠳᠬᠠᠨ ᠠᠷᠢᠯᠭᠠᠬᠤ᠂ ᠺᠣᠳ᠋ ᠰᠢᠷᠪᠢᠵᠦ ᠳᠤᠯᠠᠭᠠᠨ ᠢ ᠬᠡᠮᠵᠢᠬᠦ᠂ ᠡᠮᠴᠢᠯᠡᠭᠡᠨ ᠤ ᠬᠠᠶᠠᠭᠳᠠᠮᠠᠯ ᠬᠤᠭ ᠨᠣᠪᠰᠢ ᠶᠢ ᠰᠢᠢᠳᠪᠦᠷᠢᠯᠡᠬᠦ ᠵᠡᠷᠭᠡ ᠠᠵᠢᠯ ᠢ ᠶᠡᠭᠡ ᠬᠦᠴᠦ ᠣᠷᠣᠭᠤᠯᠤᠨ ᠰᠠᠶᠢᠲᠤᠷ ᠬᠢᠬᠦ ᠶᠢ ᠱᠠᠭᠠᠷᠳᠠᠵᠤ᠂ ᠪᠠᠶᠢᠴᠠᠭᠠᠯᠲᠠ ᠶᠢᠨ ᠳᠤᠮᠳᠠ ᠢᠯᠡᠷᠡᠭᠦᠯᠦᠭᠰᠡᠨ ᠠᠰᠠᠭᠤᠳᠠᠯ ᠢ ᠠᠵᠤ ᠠᠬᠤᠶᠢᠯᠠᠯ ᠢ ᠲᠡᠷᠡ ᠳᠠᠷᠤᠢ ᠳᠤᠨᠢ ᠱᠠᠭᠠᠷᠳᠠᠨ ᠥᠭᠡᠷᠡᠴᠢᠯᠡᠭᠦᠯᠬᠦ ᠬᠡᠷᠡᠭᠲᠡᠢ ᠭᠡᠪᠡ᠃
     ᠫᠧᠩ ᠱᠦᠨ ᠠᠭᠤᠷᠬᠠᠢ ᠶᠢᠨ ᠦᠢᠯᠡᠰ ᠲᠤ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠴᠠᠭᠠᠨ ᠵᠢᠯᠣᠭᠤᠳᠪᠠ     ᠯᠦ ᠪᠦᠦ ᠳ᠋ᠦᠩ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠦᠨᠳᠣᠷᠴᠡ  ᠠᠴᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠢᠨ᠎ᠡ ᠪᠠᠶᠢᠳᠠᠯ᠂ ᠰᠢᠨ᠎ᠡ ᠬᠤᠪᠢᠷᠠᠯᠲᠠ ᠶᠢ ᠰᠤᠳᠤᠯᠤᠨ ᠮᠠᠭᠠᠳᠯᠠᠵᠤ᠂  ᠣᠨᠣᠪᠴᠢᠳᠠᠢ ᠪᠠᠷ ᠰᠡᠷᠭᠡᠶᠢᠯᠡᠨ ᠡᠵᠡᠮᠳᠡᠵᠦ᠂ ᠰᠢᠨᠵᠢᠯᠡᠬᠦ ᠤᠬᠠᠭᠠᠨᠴᠢ ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ᠂ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠶᠢ ᠲᠦᠷᠭᠡᠳᠬᠡᠨ ᠠᠬᠢᠭᠤᠯᠵᠤ᠂ ᠦᠢᠯᠡᠳᠪᠦᠷᠢᠯᠡᠯ ᠡᠵᠡᠩᠨᠡᠯᠲᠡ ᠪᠠᠨ ᠯᠠᠪᠳᠠᠭᠤᠨ ᠪᠥᠭᠡᠳ ᠡᠮᠬᠢ ᠵᠢᠷᠤᠮ ᠲᠠᠢ ᠪᠠᠷ ᠰᠡᠷᠭᠦᠭᠡᠬᠦ ᠬᠡᠷᠡᠭᠲᠡᠢ᠃ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠬᠠᠷᠢᠭᠤᠴᠠᠯᠭ᠎ᠠ ᠶᠢᠨ ᠬᠡᠯᠬᠢᠶ᠎ᠡ ᠶᠢ ᠴᠢᠩᠳᠠᠯᠠᠵᠤ᠂ ᠲᠣᠬᠢᠷᠠᠭᠤᠯᠵᠤ ᠬᠢᠨᠠᠨ ᠵᠢᠯᠤᠭᠤᠳᠬᠤ ᠶᠢ ᠴᠢᠩᠭᠠᠳᠬᠠᠵᠤ᠂ ᠠᠮᠤᠷ ᠲᠦᠪᠰᠢᠨ ᠤ ᠬᠢᠨᠠᠯᠲᠠ ᠪᠠᠶᠢᠴᠠᠭᠠᠯᠲᠠ ᠶᠢ ᠴᠢᠩᠭᠠᠳᠬᠠᠵᠤ᠂ ︽ᠬᠥᠮᠥᠨ᠂ ᠪᠣᠳᠠᠰ᠂ ᠣᠷᠴᠢᠨ ᠲᠣᠭᠤᠷᠢᠨ︾ ᠢ ᠵᠡᠷᠭᠡᠪᠡᠷ ᠰᠡᠷᠭᠡᠶᠢᠯᠡᠵᠦ ᠵᠡᠷᠭᠡᠪᠡᠷ ᠪᠠᠶᠢᠴᠠᠭᠠᠬᠤ ᠶᠢ ᠪᠠᠷᠢᠮᠲᠠᠯᠠᠵᠤ᠂ ᠠᠵᠤ ᠠᠬᠤᠶᠢᠯᠠᠯ ᠤᠨ ᠬᠢᠵᠢᠭ ᠢ ᠰᠡᠷᠭᠡᠶᠢᠯᠡᠬᠦ ᠬᠠᠮᠢᠶᠠᠷᠤᠯᠲᠠ ᠶᠢᠨ ᠡᠷᠴᠢᠮ ᠢ ᠴᠢᠩᠭᠠᠷᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠪᠣᠯᠬᠤ ᠤᠷᠢᠲᠠᠯ ᠳᠣᠣᠷ᠎ᠠ᠂ ᠠᠵᠤ ᠠᠬᠤᠶᠢᠯᠠᠯ ᠢ ᠠᠯᠢ ᠲᠦᠷᠭᠡᠨ ᠢᠶᠠᠷ ᠬᠠᠪᠰᠤᠷᠤᠨ ᠦᠢᠯᠡᠳᠪᠦᠷᠢᠯᠡᠯ ᠢ ᠨᠢ ᠰᠡᠷᠭᠦᠭᠡᠬᠦ ᠶᠢ ᠪᠠᠲᠤᠯᠠᠬᠤ ᠬᠡᠷᠡᠭᠲᠡᠢ᠃ ᠡᠯ᠎ᠡ ᠠᠵᠤ ᠠᠬᠤᠶᠢᠯᠠᠯ ᠤᠨ ᠬᠠᠷᠢᠭᠤᠴᠠᠯᠭᠠᠲᠠᠨ ᠨᠢ ᠠᠵᠤ ᠠᠬᠤᠶᠢᠯᠠᠯ ᠳᠤ ᠬᠠᠷᠢᠭᠤᠴᠠᠬᠤ᠂ ᠠᠵᠢᠯᠲᠠᠳ ᠲᠠᠭᠠᠨ ᠬᠠᠷᠢᠭᠤᠴᠠᠬᠤ᠂ ᠨᠡᠶᠢᠭᠡᠮ ᠳᠤ ᠬᠠᠷᠢᠭᠤᠴᠠᠬᠤ ᠣᠪᠣᠷ ᠢᠶᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠵᠢᠯᠤᠭᠤᠳᠬᠤ ᠭᠠᠵᠠᠷ ᠤᠨ ᠨᠢᠭᠡᠳᠦᠯᠲᠡᠢ ᠲᠣᠬᠢᠷᠠᠭᠤᠯᠤᠯᠲᠠ ᠶᠢ ᠡᠷᠡᠰ ᠳᠠᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠲᠡᠷᠡ ᠬᠡᠪ ᠢᠶᠠᠷ ᠨᠢ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃     ᠯᠦ ᠪᠦᠦ ᠳ᠋ᠦᠩ᠂ ᠬᠢᠵᠢᠭ ᠤᠨ ᠪᠠᠶᠢᠳᠠᠯ   ᠢ ᠰᠡᠷᠭᠡᠶᠢᠯᠡᠨ ᠡᠵᠡᠮᠳᠡᠬᠦ ᠪᠣᠯ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ   ᠢᠶᠠᠨ ᠰᠡᠷᠭᠦᠭᠡᠬᠦ   ᠶᠢᠨ ᠤᠷᠢᠲᠠᠯ ᠪᠠ ᠰᠠᠭᠤᠷᠢ ᠮᠥᠨ᠃ ᠠᠵᠤ ᠠᠬᠤᠶᠢᠯᠠᠯ ᠤᠨ ᠪᠢᠲᠡᠭᠦᠦ ᠡᠵᠡᠮᠰᠢᠯᠳᠦ ᠣᠷᠣᠨ ᠤ ᠬᠠᠮᠢᠶᠠᠷᠤᠯᠲᠠ ᠶᠢ ᠴᠢᠩᠭᠠᠳᠬᠠᠵᠤ᠂ ᠪᠢᠲᠡᠭᠦᠦ ᠡᠵᠡᠮᠰᠢᠯᠳᠦ ᠭᠠᠵᠠᠷ ᠣᠷᠣᠨ ᠤ ᠬᠥᠮᠥᠰ ᠤᠨ ᠪᠥᠭᠡᠮ ᠬᠦᠴᠢᠯ ᠢ ᠪᠠᠶᠢᠴᠠᠭᠠᠨ ᠬᠡᠮᠵᠢᠬᠦ ᠪᠠ ᠡᠷᠡᠭᠦᠯ ᠮᠡᠨᠳᠦ ᠶᠢ ᠬᠢᠨᠠᠨ ᠬᠡᠮᠵᠢᠬᠦ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠲᠤᠰᠬᠠᠢ ᠮᠡᠷᠭᠡᠵᠢᠯ ᠤᠨ ᠠᠷᠢᠭᠤᠳᠬᠠᠨ ᠠᠷᠢᠯᠭᠠᠬᠤ ᠺᠣᠮᠫᠠᠨᠢ ᠶᠢ ᠣᠷᠣᠭᠤᠯᠤᠨ ᠠᠪᠴᠢᠷᠠᠵᠤ᠂ ᠠᠵᠤ ᠠᠬᠤᠶᠢᠯᠠᠯ ᠤᠨ ᠳᠣᠲᠣᠭᠠᠳᠤ ᠶᠢᠨ ᠵᠠᠩᠭᠢᠯᠠᠭ᠎ᠠ ᠶᠢᠨ ᠭᠤᠭᠴᠤᠭ᠎ᠠ᠂ ᠴᠢᠬᠤᠯᠠ ᠭᠠᠵᠠᠷ ᠣᠷᠣᠨ ᠳᠤ ᠨᠠᠷᠢᠯᠢᠭ ᠣᠨᠣᠴᠠᠲᠠᠢ ᠪᠠᠷ ᠠᠷᠢᠭᠤᠳᠬᠠᠬᠤ ᠶᠢ ᠬᠡᠷᠡᠭᠵᠢᠭᠦᠯᠦᠨ᠂ ᠠᠷᠢᠭᠤᠳᠬᠠᠬᠤ ᠠᠵᠢᠯ ᠤᠨ ᠳᠦᠷᠢᠮᠵᠢᠯᠲᠡ ᠪᠠ ᠵᠢᠷᠦᠮᠵᠢᠯᠲᠡ ᠶᠢ ᠪᠡᠶᠡᠯᠡᠭᠦᠯᠵᠦ᠂ ᠲᠤᠶᠢᠯᠪᠤᠷᠢᠲᠠᠢ ᠠᠷᠢᠭᠤᠳᠬᠠᠬᠤ ᠶᠢ ᠪᠠᠲᠤᠯᠠᠵᠤ᠂ ᠥᠨᠴᠥᠭ ᠪᠤᠯᠤᠩ ᠦᠯᠡᠳᠡᠭᠡᠬᠦ ᠦᠭᠡᠢ ᠪᠠᠶᠢᠬᠤ ᠬᠡᠷᠡᠭᠲᠡᠢ᠃ ᠳᠦᠷᠢᠮ ᠤᠨ ᠡᠬᠡ ᠲᠠᠩᠰᠠ ᠶᠢ ᠴᠠᠭ ᠲᠤᠬᠠᠢ ᠳᠤᠨᠢ ᠨᠥᠬᠦᠪᠦᠷᠢᠯᠡᠨ ᠲᠡᠭᠦᠯᠳᠡᠷᠵᠢᠭᠦᠯᠵᠦ᠂ ᠡᠯ᠎ᠡ ᠵᠦᠢᠯ ᠤᠨ ᠳᠦᠷᠢᠮ ᠲᠣᠭᠲᠠᠭᠠᠯ ᠢ ᠴᠢᠩᠭ᠎ᠠ ᠵᠢᠷᠤᠮᠯᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠣᠨᠣᠪᠴᠢᠲᠠᠢ ᠰᠠᠶᠢᠲᠤᠷ ᠬᠢᠬᠦ ᠬᠡᠷᠡᠭᠲᠡᠢ︔ ᠪᠠᠷᠠᠭᠠᠨ ᠤ ᠭᠦᠢᠯᠭᠡᠭᠡᠨ ᠤ ᠬᠦᠷᠢᠶᠡᠯᠡᠩ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠠᠶᠢᠨ ᠲᠤᠷᠰᠢᠯᠭ᠎ᠠ ᠰᠠᠶᠢᠨ ᠠᠷᠭ᠎ᠠ ᠶᠢ ᠢᠳᠡᠪᠬᠢᠲᠡᠢ ᠳᠡᠯᠭᠡᠷᠡᠭᠦᠯᠦᠨ ᠰᠤᠷᠤᠯᠴᠠᠵᠤ᠂ ᠨᠢᠭᠡ ᠢᠵᠢ ᠰᠢᠨᠵᠢᠯᠡᠬᠦ ᠤᠬᠠᠭᠠᠨᠴᠢ ᠥᠨᠳᠥᠷ ᠦᠷ᠎ᠡ ᠪᠦᠲᠦᠮᠵᠢᠲᠡᠶ᠂ ᠪᠣᠳᠠᠲᠠᠢ ᠳᠤ ᠨᠡᠶᠢᠴᠡᠭᠰᠡᠨ ᠬᠠᠮᠢᠶᠠᠷᠤᠯᠲᠠ ᠶᠢᠨ ᠳᠦᠷᠢᠮ ᠢ ᠪᠣᠶ ᠪᠣᠯᠭᠠᠨ᠎ᠠ᠃ ᠠᠵᠤ ᠠᠬᠤᠶᠢᠯᠠᠯ ᠤᠨ ᠪᠢᠲᠡᠭᠦᠦ ᠡᠵᠡᠮᠰᠢᠯᠳᠦ ᠣᠷᠣᠨ  ᠤ ᠬᠠᠮᠢᠶᠠᠷᠤᠯᠲᠠ ᠶᠢᠨ ᠠᠵᠢᠯᠲᠠᠳ ᠠᠶᠤᠯ ᠲᠦᠭᠰᠢᠭᠦᠷᠢ ᠶᠢᠨ ᠤᠬᠠᠮᠰᠠᠷ ᠢᠶᠠᠨ ᠳᠡᠭᠡᠭᠰᠢᠯᠡᠭᠦᠯᠵᠦ᠂ ᠲᠤᠬᠠᠢ ᠶᠢᠨ ᠲᠠᠯᠠᠪᠤᠷ ᠤᠨ ᠬᠢᠨᠠᠯᠲᠠ ᠪᠠᠶᠢᠴᠠᠭᠠᠯᠲᠠ ᠶᠢᠨ ᠡᠷᠴᠢᠮ ᠢᠶᠠᠨ ᠴᠢᠩᠭᠠᠷᠠᠭᠤᠯᠤᠨ᠂ ᠢᠳᠡᠭᠡᠨ ᠤᠮᠳᠠᠭᠠᠨ ᠲᠣᠬᠢᠷᠠᠭᠤᠯᠤᠨ ᠬᠦᠷᠭᠡᠬᠦ᠂ ᠬᠠᠮᠠᠭᠠᠯᠠᠯᠲᠠ ᠶᠢᠨ ᠬᠤᠪᠴᠠᠰᠤ ᠪᠠᠨ ᠡᠮᠦᠰᠬᠦ ᠵᠡᠷᠭᠡ ᠭᠤᠣᠯᠳᠠᠯᠭ᠎ᠠ ᠲᠠᠢ ᠭᠤᠭᠴᠤᠭ᠎ᠠ ᠶᠢᠨ ᠠᠵᠢᠯᠯᠠᠭᠠᠨ ᠤ ᠵᠢᠷᠤᠮᠵᠢᠯ ᠢ ᠴᠢᠩᠭ᠎ᠠ ᠠᠩᠬᠠᠷᠬᠤ ᠬᠡᠷᠡᠭᠲᠡᠢ᠃ ᠠᠶᠤᠯ ᠲᠦᠭᠰᠢᠭᠦᠷᠢ ᠶᠡᠬᠡᠲᠡᠢ ᠠᠵᠢᠯ ᠤᠨ ᠪᠠᠶᠢᠷᠢ ᠶᠢᠨ ᠬᠥᠮᠥᠰ ᠲᠤ ᠣᠷᠣᠨ ᠬᠤᠪᠢᠶᠠᠨ᠂ ᠲᠥᠷᠥᠯ ᠬᠤᠪᠢᠶᠠᠨ ᠬᠠᠮᠢᠶᠠᠷᠬᠤ ᠶᠢ ᠬᠡᠷᠡᠭᠵᠢᠭᠦᠯᠵᠦ᠂ ᠬᠥᠮᠥᠨ ᠢ ᠴᠢᠩᠭ᠎ᠠ ᠬᠠᠮᠢᠶᠠᠷᠬᠤ ᠶᠢ ᠪᠠᠲᠤᠯᠠᠵᠤ᠂ ᠰᠣᠯᠪᠢᠴᠠᠨ ᠴᠤᠭᠯᠠᠷᠠᠬᠤ ᠶᠢ ᠡᠷᠡᠰ ᠬᠤᠷᠢᠭᠯᠠᠬᠤ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠣᠳᠠᠲᠤ ᠪᠠᠶᠢᠯᠳᠤᠭᠠᠨ ᠤ ᠰᠣᠷᠢᠯᠲᠠ ᠶᠢ ᠤᠷᠢᠳᠠᠪᠠᠷ ᠥᠷᠨᠢᠭᠦᠯᠵᠦ᠂ ᠠᠵᠤ ᠠᠬᠤᠶᠢᠯᠠᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠪᠠᠶᠢᠭᠤᠯᠤᠨ ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠪᠠ ᠰᠡᠷᠭᠡᠶᠢᠯᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠣᠳᠠᠲᠤ ᠪᠠᠶᠢᠯᠳᠤᠭᠠᠨ ᠤ ᠰᠣᠷᠢᠯᠲᠠ ᠪᠠᠷ ᠠᠵᠤ ᠠᠬᠤᠶᠢᠯᠠᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠲᠤ ᠪᠠᠬᠢ ᠪᠠᠬᠢᠯᠡᠯᠲᠡ ᠶᠢ ᠪᠠᠬᠢᠵᠢᠭᠦᠯᠬᠦ ᠬᠡᠷᠡᠭᠲᠡᠢ ᠭᠡᠵᠦ ᠱᠠᠭᠠᠷᠳᠠᠪᠠ᠃     ᠬᠤᠲᠠ ᠶᠢᠨ ᠬᠢᠯᠢ ᠶᠢᠨ ᠬᠠᠮᠲᠤᠷᠠᠯᠴᠠᠭᠠᠨ ᠤ ᠲᠣᠭᠤᠷᠢᠭ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠵᠡᠷᠭᠡ ᠨᠢᠭᠡᠴᠡ ᠶᠢᠨ ᠭᠤᠣᠯ ᠬᠠᠷᠢᠭᠤᠴᠠᠯᠭᠠᠲᠠᠨ ᠱᠠᠭᠠᠷᠳᠠᠨ ᠵᠢᠯᠤᠭᠤᠳᠬᠤ ᠳᠤ ᠣᠷᠣᠯᠴᠠᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号