| | 4 ᠰᠠᠷ᠎ᠠ ᠶᠢᠨ 9 ᠤ ᠡᠳᠦᠷ᠂ 2022 ᠣᠨ ᠤ ᠪᠦᠬᠦ ᠬᠤᠳᠠ ᠶᠢᠨ ᠬᠠᠪᠤᠷ ᠤᠨ ᠤᠯᠠᠷᠢᠯ ᠤᠨ ᠡᠪᠡᠰᠦ | ᠪᠡᠯᠴᠢᠭᠡᠷ ᠢ ᠨᠣᠭᠤᠭᠠᠷᠠᠭᠤᠯᠬᠤ ᠬᠤᠭᠤᠴᠠᠭᠠᠨ ᠤ ᠪᠡᠯᠴᠢᠭᠡᠷᠯᠡᠭᠦᠯᠬᠦ ᠶᠢ ᠵᠣᠭᠰᠤᠭᠠᠬᠤ ᠠᠵᠢᠯ ᠤᠨ ᠬᠤᠷᠠᠯ | ᠬᠤᠷᠠᠯᠳᠤᠵᠤ᠂ ᠪᠦᠬᠦ ᠬᠤᠳᠠ ᠶᠢᠨ ᠬᠠᠪᠤᠷ ᠤᠨ ᠤᠯᠠᠷᠢᠯ ᠤᠨ ᠪᠡᠯᠴᠢᠭᠡᠷᠯᠡᠭᠦᠯᠬᠦ ᠶᠢ ᠵᠣᠭᠰᠤᠭᠠᠬᠤ ᠠᠵᠢᠯ ᠳᠤ ᠲᠠᠬᠢᠨ | ᠳᠠᠶᠢᠴᠢᠯᠠᠯᠲᠠ ᠲᠠᠬᠢᠨ ᠪᠠᠶᠢᠷᠢᠯᠠᠭᠤᠯᠤᠯᠲᠠ ᠬᠢᠵᠦ᠂ ᠰᠡᠳᠬᠢᠴᠡ ᠠᠷᠭ᠎ᠠ ᠬᠡᠮᠵᠢᠶ᠎ᠡ ᠪᠠᠨ ᠴᠢᠨᠠᠭᠰᠢᠳᠠ | ᠲᠣᠳᠣᠷᠬᠠᠶᠢᠯᠠᠵᠤ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ | ᠠᠬᠢᠭᠤᠯᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ ᠶᠠᠩ ᠶᠢᠨ ᠷᠦᠢ ᠬᠤᠷᠠᠯ ᠡᠷᠭᠢᠯᠡᠭᠰᠡᠨ ᠪᠥᠭᠡᠳ | ᠠᠵᠢᠯ ᠪᠠᠶᠢᠷᠢᠯᠠᠭᠤᠯᠵᠠᠢ᠃ | | | | | ᠬᠤᠲᠠ ᠶᠢᠨ ᠬᠠᠪᠤᠷ ᠤᠨ ᠤᠯᠠᠷᠢᠯ ᠤᠨ ᠡᠪᠡᠰᠦ ᠪᠡᠯᠴᠢᠭᠡᠷ ᠢ ᠨᠣᠭᠤᠭᠠᠷᠠᠭᠤᠯᠬᠤ ᠬᠤᠭᠤᠴᠠᠭᠠᠨ ᠳᠠᠬᠢ ᠪᠡᠯᠴᠢᠭᠡᠷ | ᠰᠡᠷᠭᠦᠭᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠭᠡᠷᠡᠯᠳᠦᠠᠣᠳᠦ ᠰᠤᠮᠤ ᠶᠢᠨ ᠪᠥᠬᠦ ᠨᠠᠮ ᠤᠨ | ᠭᠡᠰᠢᠭᠦᠨ ᠺᠠᠳ᠋ᠷ᠂ ᠡᠯ᠎ᠡ ᠭᠠᠴᠠᠭᠠᠨ ᠤ ︽ᠬᠤᠶᠠᠷ ᠵᠥᠪᠯᠡᠯ︾ ᠤᠨ ᠪᠠᠭ ᠤᠨ ᠪᠦᠷᠢᠯᠳᠦᠭᠦᠨ᠂ ᠡᠯ᠎ᠡ ᠭᠠᠴᠠᠭᠠᠨ ᠤ | ᠪᠡᠯᠴᠢᠭᠡᠷ ᠰᠡᠷᠭᠦᠭᠡᠬᠦ ᠠᠵᠢᠯ ᠤᠨ ᠳᠤᠭᠤᠶᠢᠯᠠᠩ ᠤᠨ ᠪᠦᠷᠢᠯᠳᠦᠭᠦᠨ ᠵᠢᠴᠢ ᠮᠠᠯᠴᠢᠳ ᠤᠨ ᠲᠥᠯᠥᠭᠡᠯᠡᠭᠴᠢᠳ | ᠬᠤᠷᠠᠯ ᠳᠤ ᠣᠷᠣᠯᠴᠠᠪᠠ᠃ | ᠬᠤᠷᠠᠯ ᠠᠴᠠ᠂ ᠬᠠᠪᠤᠷ ᠤᠨ ᠤᠯᠠᠷᠢᠯ ᠤᠨ ᠡᠪᠡᠰᠦ ᠪᠡᠯᠴᠢᠭᠡᠷ ᠢ ᠨᠣᠭᠤᠭᠠᠷᠠᠭᠤᠯᠬᠤ ᠬᠤᠭᠤᠴᠠᠭᠠᠨ ᠳᠠᠬᠢ | ᠪᠡᠯᠴᠢᠭᠡᠷ ᠥᠨᠵᠢᠭᠦᠯᠬᠦ ᠠᠵᠢᠯ ᠢ ᠬᠡᠷᠡᠭᠵᠢᠭᠦᠯᠬᠦ ᠪᠣᠯ ᠨᠤᠲᠤᠭ ᠪᠡᠯᠴᠢᠭᠡᠷ ᠢ ᠠᠮᠤᠷᠵᠢᠭᠤᠯᠤᠨ ᠲᠡᠩᠬᠡᠷᠡᠭᠦᠯᠬᠦ ᠶᠢ | ᠪᠠᠲᠤᠯᠠᠬᠤ ᠶᠢᠨ ᠴᠢᠬᠤᠯᠠ ᠪᠦᠬᠦᠢ ᠠᠷᠭ᠎ᠠ ᠬᠡᠮᠵᠢᠶ᠎ᠡ ᠪᠣᠯᠬᠤ ᠮᠥᠷᠲᠡᠭᠡᠨ ᠪᠠᠰᠠ ᠴᠤ ᠰᠢ ᠶᠢᠨ ᠫᠢᠩ ᠶᠡᠷᠦᠩᠬᠡᠢ | ᠱᠦᠵᠢ ᠶᠢᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶᠠᠨ ᠤ ᠴᠢᠬᠤᠯᠠ ᠵᠢᠭᠠᠪᠤᠷᠢ ᠴᠣᠬᠤᠯᠠᠪᠤᠷᠢ ᠶᠢᠨ | ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠪᠣᠳᠠᠲᠠᠢ ᠠᠵᠢᠯᠯᠠᠭ᠎ᠠ ᠪᠣᠯᠬᠤ ᠳᠣᠯᠠᠳᠠ᠂ | ᠤᠯᠤᠰ ᠲᠦᠷᠦ ᠶᠢᠨ ᠦᠨᠳᠣᠷᠴᠡ ᠪᠠᠨ ᠳᠡᠭᠡᠭᠰᠢᠯᠡᠭᠦᠯᠵᠦ᠂ ᠡᠨᠡ ᠵᠢᠯ ᠤᠨ ᠬᠠᠪᠤᠷ ᠤᠨ ᠤᠯᠠᠷᠢᠯ ᠤᠨ ᠡᠪᠡᠰᠦ | ᠪᠡᠯᠴᠢᠭᠡᠷ ᠢ ᠨᠣᠭᠤᠭᠠᠷᠠᠭᠤᠯᠬᠤ ᠬᠤᠭᠤᠴᠠᠭᠠᠨ ᠳᠠᠬᠢ ᠪᠡᠯᠴᠢᠭᠡᠷ ᠥᠨᠵᠢᠭᠦᠯᠬᠦ ᠠᠵᠢᠯ ᠢ ᠰᠠᠶᠢᠲᠤᠷ ᠬᠢᠬᠦ | ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ ᠪᠠ ᠲᠤᠯᠭᠠᠮ᠎ᠠ ᠰᠡᠳᠬᠢᠯᠭᠡ ᠪᠠᠨ ᠨᠡᠮᠡᠭᠳᠡᠭᠦᠯᠬᠦ ᠬᠡᠷᠡᠭᠲᠡᠢ᠃ | ᠬᠤᠲᠠ ᠶᠢᠨ ᠬᠠᠪᠤᠷ ᠤᠨ ᠤᠯᠠᠷᠢᠯ ᠤᠨ ᠪᠡᠯᠴᠢᠭᠡᠷ ᠰᠡᠷᠭᠦᠭᠡᠬᠦ ᠠᠵᠢᠯ ᠤᠨ ᠤᠳᠤᠷᠢᠳᠬᠤ ᠳᠤᠭᠤᠶᠢᠯᠠᠩ ᠨᠢ | ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ᠂ ᠠᠵᠢᠯ ᠤᠨ | ᠵᠣᠬᠢᠴᠠᠭᠤᠯᠭ᠎ᠠ ᠪᠠ ᠡᠳᠦᠷ ᠲᠤᠲᠤᠮ ᠤᠨ ᠲᠣᠬᠢᠷᠠᠭᠤᠯᠤᠯᠲᠠ ᠪᠠᠨ ᠴᠢᠩᠭᠠᠳᠬᠠᠵᠤ᠂ ᠪᠡᠯᠴᠢᠭᠡᠷ ᠰᠡᠷᠭᠦᠭᠡᠬᠦ ᠠᠵᠢᠯ ᠢ | ᠠᠬᠢᠭᠤᠯᠬᠤ ᠳᠤ ᠪᠠᠲᠤ ᠴᠢᠩᠭ᠎ᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠬᠤ ᠬᠡᠷᠡᠭᠲᠡᠢ᠃ ᠰᠤᠮᠤ᠂ | ᠭᠠᠴᠠᠭ᠎ᠠ ᠨᠢ ᠭᠠᠴᠠᠭ᠎ᠠ ᠲᠣᠰᠬᠤᠨ ᠤ ︽ᠬᠤᠶᠠᠷ ᠵᠥᠪᠯᠡᠯ︾ ᠤᠨ ᠪᠠᠭ ᠤᠨ ᠤᠳᠤᠷᠢᠳᠬᠤ ᠦᠢᠯᠡᠳᠦᠯ ᠪᠠ ︽ | ᠨᠠᠮ ᠤᠨ ᠭᠡᠰᠢᠭᠦᠨ ᠤ ᠭᠤᠣᠯᠳᠠᠯᠭᠠᠲᠤ ᠡᠷᠦᠬᠡ︾᠂ ᠲᠤᠰᠬᠠᠢ ᠬᠤᠷᠰᠢᠶ᠎ᠠ᠂ ᠮᠠᠯ ᠠᠵᠤ ᠠᠬᠤᠢ ᠶᠢᠨ ᠲᠣᠮᠣ | ᠡᠷᠦᠬᠡ ᠶᠢᠨ ᠳᠠᠶᠢᠴᠢᠯᠠᠬᠤ ᠦᠢᠯᠡᠳᠦᠯ ᠢ ᠴᠢᠬᠤᠯᠠᠴᠢᠯᠠᠨ ᠪᠠᠳᠠᠷᠠᠭᠤᠯᠵᠤ᠂ ᠵᠢᠱᠢᠶ᠎ᠡ ᠦᠵᠡᠭᠦᠯᠦᠨ ᠬᠥᠲᠥᠯᠥᠨ | ᠳᠠᠭᠠᠭᠤᠯᠬᠤ᠂ ᠬᠦᠴᠦ ᠪᠠᠨ ᠬᠠᠮᠲᠤᠳᠬᠠᠨ ᠨᠠᠶᠢᠳᠠᠪᠤᠷᠢᠵᠢᠭᠤᠯᠤᠯᠲᠠ ᠶᠢ ᠠᠳᠬᠤᠬᠤ ᠠᠵᠢᠯ ᠤᠨ ᠪᠠᠶᠢᠷᠢᠰᠢᠯ ᠢ ᠪᠣᠶ | ᠪᠣᠯᠭᠠᠵᠤ᠂ ᠰᠢᠯᠢᠳᠡᠭ ᠬᠢᠷᠢ ᠪᠦᠲᠦᠮᠵᠢ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠢ ᠣᠭᠳᠣᠬᠤ ᠬᠡᠷᠡᠭᠲᠡᠢ | ᠭᠡᠵᠦ ᠴᠢᠬᠤᠯᠠᠴᠢᠯᠠᠪᠠ᠃ | ᠬᠤᠷᠠᠯ ᠠᠴᠠ᠂ ᠰᠤᠮᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ ᠡᠯ᠎ᠡ ᠬᠤᠯᠪᠣᠭᠳᠠᠯ ᠪᠦᠬᠦᠢ | ᠰᠠᠯᠠᠭ᠎ᠠ ᠮᠥᠴᠢᠷ ᠨᠢᠭᠡᠴᠡ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠠᠪᠤᠷ ᠤᠨ ᠤᠯᠠᠷᠢᠯ ᠤᠨ | ᠪᠡᠯᠴᠢᠭᠡᠷ ᠰᠡᠷᠭᠦᠭᠡᠬᠦ ᠠᠵᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠣᠨᠣᠪᠴᠢᠲᠠᠶ ᠡᠵᠡᠮᠰᠢᠵᠦ᠂ ᠪᠡᠯᠴᠢᠭᠡᠷ | ᠥᠨᠵᠢᠭᠦᠯᠬᠦ ᠠᠵᠢᠯ ᠢ ᠣᠳᠣᠬᠠᠨ ᠤ ᠮᠠᠯᠵᠢᠬᠤ ᠲᠠᠷᠢᠶᠠᠯᠠᠬᠤ ᠣᠷᠣᠨ ᠤ ᠭᠤᠣᠯᠳᠠᠯᠭ᠎ᠠ ᠲᠠᠢ ᠠᠵᠢᠯ ᠤᠨ ᠨᠢᠭᠡ | ᠪᠣᠯᠭᠠᠵᠤ᠂ ᠬᠥᠮᠥᠨ ᠤ ᠬᠦᠴᠦ ᠪᠣᠳᠠᠰ ᠤᠨ ᠬᠦᠴᠦᠨ ᠢ ᠭᠦᠢᠴᠡᠳ ᠲᠥᠪᠯᠡᠷᠡᠭᠦᠯᠵᠦ᠂ ᠵᠣᠬᠢᠶᠠᠨ ᠪᠠᠶᠢᠭᠤᠯᠤᠨ | ᠬᠡᠷᠡᠭᠵᠢᠭᠦᠯᠬᠦ ᠶᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠸᠢᠴᠠᠲ᠂ ᠡᠷᠦᠬᠡ ᠳᠤ ᠬᠦᠷᠴᠦ ᠤᠬᠠᠭᠤᠯᠬᠤ | ᠪᠠ ᠢᠯᠡ ᠺᠠᠷᠲ ᠲᠠᠷᠬᠠᠭᠠᠬᠤ᠂ ᠠᠯᠪᠠᠨ ᠵᠠᠷ ᠨᠡᠶᠢᠲᠡᠯᠡᠬᠦ ᠵᠡᠷᠭᠡ ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ᠂ | ᠤᠬᠠᠭᠤᠯᠭ᠎ᠠ ᠬᠥᠮᠦᠵᠢᠯ ᠪᠠ ᠶᠠᠷᠢᠶ᠎ᠠ ᠬᠡᠯᠡᠯᠴᠡᠭᠡᠨ ᠤ ᠬᠥᠲᠥᠯᠥᠨ ᠵᠢᠯᠤᠭᠤᠳᠬᠤ ᠶᠢ ᠪᠥᠬᠦ ᠲᠠᠯ᠎ᠠ ᠪᠠᠷ ᠴᠢᠩᠭᠠᠳᠬᠠᠵᠤ | ᠂ ᠥᠷᠭᠡᠨ ᠣᠯᠠᠨ ᠮᠠᠯᠵᠢᠬᠤ ᠡᠷᠦᠬᠡ ᠳᠤ ᠬᠠᠪᠤᠷ ᠤᠨ ᠤᠯᠠᠷᠢᠯ ᠤᠨ ᠪᠡᠯᠴᠢᠭᠡᠷ ᠵᠠᠪᠰᠠᠷᠯᠠᠬᠤ ᠨᠢ ᠨᠤᠲᠤᠭ | ᠪᠡᠯᠴᠢᠭᠡᠷ ᠤᠨ ᠠᠮᠢ ᠠᠬᠤᠢ ᠶᠢ ᠬᠠᠮᠠᠭᠠᠯᠠᠬᠤ ᠪᠠ ᠮᠠᠯ ᠠᠵᠤ ᠠᠬᠤᠢ ᠶᠢ ᠬᠥᠭᠵᠢᠭᠦᠯᠬᠦ ᠳᠤ ᠴᠢᠬᠤᠯᠠ ᠠᠴᠢ | ᠬᠤᠯᠪᠣᠭᠳᠠᠯ ᠲᠠᠢ ᠭᠡᠳᠡᠭ ᠢ ᠭᠦᠢᠴᠡᠳ ᠲᠠᠨᠢᠭᠤᠯᠵᠤ᠂ ᠬᠠᠪᠤᠷ ᠤᠨ ᠤᠯᠠᠷᠢᠯ ᠤᠨ ᠪᠡᠯᠴᠢᠭᠡᠷ ᠵᠠᠪᠰᠠᠷᠯᠠᠬᠤ ᠶᠢ ᠮᠠᠯᠴᠢᠨ | ᠲᠦᠮᠡᠨ ᠤ ᠤᠬᠠᠮᠰᠠᠷᠲᠤ ᠠᠵᠢᠯᠯᠠᠭ᠎ᠠ ᠪᠣᠯᠭᠠᠬᠤ ᠬᠡᠷᠡᠭᠲᠡᠢ᠃ ᠰᠤᠮᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ | ᠵᠢᠴᠢ ᠡᠯ᠎ᠡ ᠭᠠᠴᠠᠭᠠᠨ ᠤ ︽ᠬᠤᠶᠠᠷ ᠵᠥᠪᠯᠡᠯ︾ ᠨᠢ ᠮᠠᠯᠴᠢᠳ ᠢ ᠤᠷᠢᠳᠴᠢᠯᠠᠨ ᠬᠥᠲᠥᠯᠥᠨ ᠵᠢᠯᠤᠭᠤᠳᠴᠤ | ᠪᠠᠶᠢᠭᠠᠳ ᠪᠡᠯᠴᠢᠭᠡᠷᠯᠡᠭᠦᠯᠬᠦ ᠶᠢ ᠵᠣᠭᠰᠤᠭᠠᠬᠤ ᠬᠤᠭᠤᠴᠠᠭᠠᠨ ᠳᠤ ᠬᠡᠷᠡᠭᠰᠡᠬᠦ ᠡᠪᠡᠰᠦ ᠪᠣᠷᠳᠤᠭ᠎ᠠ ᠶᠢ ᠰᠠᠶᠢᠲᠤᠷ | ᠨᠥᠭᠡᠴᠡᠯᠡᠵᠦ᠂ ᠪᠡᠯᠴᠢᠭᠡᠷᠯᠡᠭᠦᠯᠬᠦ ᠶᠢ ᠵᠣᠭᠰᠤᠭᠠᠬᠤ ᠬᠤᠭᠤᠴᠠᠭᠠᠨ ᠳᠤ ᠮᠠᠯ ᠢ ᠬᠠᠰᠢᠶᠠᠯᠠᠨ ᠲᠡᠵᠢᠭᠡᠬᠦ ᠬᠡᠷᠡᠭᠴᠡᠭᠡ ᠶᠢ | ᠪᠠᠲᠤᠯᠠᠬᠤ ᠬᠡᠷᠡᠭᠲᠡᠢ᠃ ᠡᠭᠦᠨ ᠤ ᠬᠠᠮᠲᠤ᠂ ᠮᠠᠯ ᠤᠨ ᠬᠦᠳᠡᠯᠭᠡᠭᠡᠨ ᠤ ᠣᠷᠣᠨ ᠵᠠᠢ ᠶᠢ ᠰᠢᠨᠵᠢᠯᠡᠬᠦ ᠤᠬᠠᠭᠠᠨᠴᠢ ᠪᠠᠷ | ᠵᠦᠢ ᠵᠣᠬᠢᠰᠲᠠᠢ ᠪᠠᠷ ᠪᠠᠶᠢᠭᠤᠯᠵᠤ᠂ ᠬᠠᠰᠢᠶ᠎ᠠ ᠰᠠᠷᠠᠪᠴᠢ ᠶᠢᠨ ᠲᠥᠯᠦᠪᠵᠢᠭᠦᠯᠭᠡ ᠶᠢᠨ ᠵᠣᠬᠢᠰ ᠦᠭᠡᠢ ᠠᠴᠠ ᠪᠣᠯᠵᠤ | ᠮᠠᠯ ᠤᠨ ᠬᠡᠪ ᠤᠨ ᠥᠰᠦᠯᠲᠡ ᠶᠢ ᠨᠥᠯᠥᠭᠡᠯᠡᠬᠦ ᠠᠴᠠ ᠵᠠᠶᠢᠯᠠᠰᠬᠢᠬᠦ ᠬᠡᠷᠡᠭᠲᠡᠢ᠃ ᠲᠠᠷᠢᠶᠠᠯᠠᠩ ᠮᠠᠯ ᠠᠵᠤ ᠠᠬᠤᠢ | ᠪᠣᠯᠣᠨ ᠤᠰᠤᠨ ᠤ ᠶᠠᠪᠤᠳᠠᠯ ᠤᠨ ᠲᠣᠪᠴᠢᠶ᠎ᠠ ᠨᠤᠭᠤᠳ ᠮᠠᠯ ᠤᠨ ᠬᠢᠵᠢᠭ ᠰᠡᠷᠭᠡᠶᠢᠯᠡᠬᠦ ᠠᠵᠢᠯ ᠢ ᠲᠦᠷᠦᠭᠦᠯᠡᠨ | ᠰᠠᠶᠢᠲᠤᠷ ᠬᠢᠵᠦ᠂ ᠡᠯ᠎ᠡ ᠲᠥᠷᠥᠯ ᠤᠨ ᠬᠢᠵᠢᠭ ᠰᠡᠷᠭᠡᠶᠢᠯᠡᠬᠦ ᠡᠮ ᠢ ᠤᠷᠢᠳᠴᠢᠯᠠᠨ ᠪᠦᠷᠢᠨ ᠪᠡᠯᠡᠳᠬᠡᠨ᠂ ᠮᠠᠯᠴᠢᠳ | ᠤᠨ ᠮᠠᠯ ᠤᠨ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ ᠪᠣᠯᠪᠠᠰᠤᠷᠠᠭᠤᠯᠤᠯ ᠵᠡᠷᠭᠡ ᠬᠠᠮᠢᠶ᠎ᠠ ᠪᠦᠬᠦᠢ ᠠᠵᠢᠯ ᠢ | ᠰᠠᠶᠢᠲᠤᠷ ᠬᠢᠵᠦ᠂ ᠪᠡᠯᠴᠢᠭᠡᠷ ᠥᠨᠵᠢᠭᠦᠯᠬᠦ ᠬᠤᠭᠤᠴᠠᠭᠠᠨ ᠲᠤ ᠬᠢᠵᠢᠭ ᠡᠪᠡᠳᠴᠢᠨ ᠡᠭᠦᠰᠬᠦ ᠦᠭᠡᠢ ᠪᠠᠶᠢᠬᠤ ᠶᠢ | ᠪᠠᠲᠤᠯᠠᠬᠤ ᠬᠡᠷᠡᠭᠲᠡᠢ᠃ ᠪᠠᠶᠢᠭᠠᠯᠢ ᠶᠢᠨ ᠡᠬᠢ ᠪᠠᠶᠠᠯᠢᠭ ᠤᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠬᠢᠭᠡᠳ | ᠰᠤᠮᠤ ᠶᠢᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠳ ᠤᠯᠠᠮᠵᠢᠯᠠᠯᠲᠤ ᠠᠷᠭ᠎ᠠ ᠪᠠᠷᠢᠯ ᠪᠠ ᠣᠲᠣ ᠦᠶ᠎ᠡ ᠶᠢᠨ | ᠮᠡᠷᠭᠡᠵᠢᠯ ᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠠᠤᠯᠢ ᠬᠡᠷᠡᠭᠵᠢᠭᠦᠯᠵᠦ ᠬᠢᠨᠠᠨ | ᠬᠠᠮᠢᠶᠠᠷᠬᠤ ᠤᠳᠠᠭ᠎ᠠ ᠳᠠᠷᠠᠭ᠎ᠠ ᠪᠠ ᠡᠷᠴᠢᠮ ᠢᠶᠠᠨ ᠴᠢᠩᠭᠠᠷᠠᠭᠤᠯᠵᠤ᠂ ᠪᠡᠯᠴᠢᠭᠡᠷᠯᠡᠭᠦᠯᠬᠦ ᠶᠢ ᠵᠣᠭᠰᠤᠭᠠᠬᠤ | ᠬᠤᠭᠤᠴᠠᠭᠠᠨ ᠳᠤ ᠨᠢᠭᠤᠴᠠ ᠪᠠᠷ ᠪᠡᠯᠴᠢᠭᠡᠷᠯᠡᠬᠦᠯᠬᠦ᠂ ᠠᠯᠪᠠᠳᠠᠯᠭ᠎ᠠ ᠪᠠᠷ ᠮᠠᠯᠵᠢᠬᠤ ᠵᠡᠷᠭᠡ ᠬᠠᠤᠯᠢ ᠠᠴᠠ | ᠵᠥᠷᠢᠴᠡᠭᠰᠡᠨ ᠦᠶᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠪᠡᠯᠴᠢᠭᠡᠷᠯᠡᠭᠦᠯᠬᠦ ᠶᠢ ᠵᠣᠭᠰᠤᠭᠠᠬᠤ | ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ | ᠬᠤᠷᠠᠯ ᠠᠴᠠ ︽ᠡᠷᠢᠶᠡᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ︿ᠡᠷᠢᠶᠡᠨ | ᠬᠤᠲᠠ ᠶᠢᠨ 2022 ᠣᠨ ᠤ ᠬᠠᠪᠤᠷ ᠤᠨ ᠤᠯᠠᠷᠢᠯ ᠤᠨ ᠡᠪᠡᠰᠦ ᠪᠡᠯᠴᠢᠭᠡᠷ ᠢ ᠨᠣᠭᠤᠭᠠᠷᠠᠭᠤᠯᠬᠤ | ᠬᠤᠭᠤᠴᠠᠭᠠᠨ ᠳᠠᠬᠢ ᠪᠡᠯᠴᠢᠭᠡᠷᠯᠡᠭᠦᠯᠬᠦ ᠶᠢ ᠵᠣᠭᠰᠤᠭᠠᠬᠤ ᠠᠵᠢᠯ ᠤᠨ ᠬᠡᠷᠡᠭᠵᠢᠭᠦᠯᠬᠦ ᠲᠥᠰᠥᠯ﹀ ᠢ ᠳᠠᠷᠤᠮᠠᠯᠯᠠᠨ | ᠲᠠᠷᠬᠠᠭᠠᠬᠤ ᠲᠤᠬᠠᠢ ᠮᠡᠳᠡᠭᠳᠡᠯ︾ ᠢ ᠤᠯᠠᠮᠵᠢᠯᠠᠵᠤ᠂ ︽2022 ᠣᠨ ᠤ ᠬᠠᠪᠤᠷ ᠤᠨ ᠤᠯᠠᠷᠢᠯ ᠤᠨ | ᠪᠡᠯᠴᠢᠭᠡᠷᠯᠡᠭᠦᠯᠬᠦ ᠶᠢ ᠵᠣᠭᠰᠤᠭᠠᠬᠤ ᠲᠤᠰᠬᠠᠢ ᠲᠦᠷᠦᠯ ᠤᠨ ᠠᠬᠢᠭᠤᠯᠬᠤ ᠳᠤᠭᠤᠶᠢᠯᠠᠩ ᠪᠠᠶᠢᠭᠤᠯᠬᠤ ᠲᠤᠬᠠᠢ ᠮᠡᠳᠡᠭᠳᠡᠯ | ︾ ᠢ ᠤᠩᠰᠢᠨ ᠨᠡᠶᠢᠲᠡᠯᠡᠪᠡ᠃ | |