| | 4 ᠰᠠᠷ᠎ᠠ ᠶᠢᠨ 10 ᠤ ᠡᠳᠦᠷ᠂ ᠬᠤᠲᠠ ᠶᠢᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠬᠠᠷᠢᠶ᠎ᠠ | ᠣᠷᠣᠨ ᠳᠠᠭᠠᠨ ᠭᠦᠨᠵᠡᠭᠡᠶᠢᠷᠡᠨ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠬᠢᠪᠡ᠃ | | | | | ᠪᠠᠶᠢᠴᠠᠭᠠᠬᠤ ᠬᠤᠭᠤᠴᠠᠭᠠᠨ ᠳᠤ᠂ ᠶᠡᠭᠡ ᠠᠩᠭᠢ ᠶᠢᠨ ᠵᠢᠯᠣᠭᠤᠳᠤᠭᠴᠢ ᠪᠠᠶᠢᠯᠳᠤᠭᠴᠢᠳ ᠪᠦᠷᠢᠨ ᠪᠠᠷᠠᠭᠠᠲᠤ | ᠲᠣᠮᠣ ᠠᠰᠠᠷ᠂ ᠶᠢᠨ ᠶᠧ ᠴᠢᠯᠦᠭᠡᠳᠦ ᠳᠡᠯᠭᠡᠭᠦᠷ ᠵᠡᠷᠭᠡ ᠬᠥᠮᠥᠨ ᠣᠯᠠᠨ ᠴᠤᠭᠯᠠᠷᠠᠬᠤ ᠲᠠᠯᠠᠪᠤᠷ ᠲᠤ ᠭᠦᠨᠵᠡᠭᠡᠶᠢᠷᠡᠵᠦ᠂ | ᠡᠯ᠎ᠡ ᠲᠠᠯᠠᠪᠤᠷ ᠤᠨ ᠭᠠᠯ ᠤᠨᠲᠠᠷᠠᠭᠠᠬᠤ ᠬᠡᠷᠡᠭᠰᠡᠯ ᠤᠨ ᠲᠣᠬᠢᠷᠠᠭᠤᠯᠤᠯᠲᠠ ᠶᠢᠨ ᠲᠤᠭ᠎ᠠ ᠬᠡᠮᠵᠢᠶ᠎ᠡ ᠪᠠ ᠣᠷᠣᠨ | ᠪᠠᠶᠢᠷᠢ ᠶᠢ ᠨᠠᠷᠢᠨ ᠨᠢᠮᠪᠠᠢ ᠪᠠᠶᠢᠴᠠᠭᠠᠨ ᠦᠵᠡᠵᠦ᠂ ᠭᠠᠯ ᠤᠨᠲᠠᠷᠠᠭᠠᠬᠤ ᠳᠦᠬᠦᠭᠡᠷᠦᠮᠵᠢ ᠨᠢ ᠪᠦᠷᠢᠨ ᠡᠰᠡᠬᠦ᠂ ᠠᠶᠣᠯ | ᠦᠭᠡᠢ ᠭᠠᠷᠬᠤ ᠡᠭᠦᠳᠡ ᠶᠢ ᠬᠠᠯᠬᠠᠯᠠᠭᠰᠠᠨ ᠡᠰᠡᠬᠦ᠂ ᠵᠢᠭᠠᠯᠲᠠ ᠲᠡᠮᠳᠡᠭ ᠪᠣᠯᠣᠨ ᠪᠠᠴᠢᠮ ᠪᠠᠶᠢᠳᠠᠯ ᠢ ᠠᠷᠭᠠᠴᠠᠬᠤ | ᠭᠡᠷᠡᠯᠲᠦᠭᠦᠯᠭᠡ ᠶᠢ ᠵᠦᠢ ᠵᠣᠬᠢᠰᠲᠠᠢ ᠪᠥᠭᠡᠳ ᠪᠦᠲᠦᠮᠵᠢᠲᠡᠶ ᠲᠣᠬᠢᠷᠠᠭᠤᠯᠤᠭᠰᠠᠨ ᠡᠰᠡᠬᠦ᠂ ᠭᠠᠯ ᠬᠡᠷᠡᠭᠯᠡᠬᠦ᠂ | ᠴᠠᠬᠢᠯᠭᠠᠨ ᠬᠡᠷᠡᠭᠯᠡᠬᠦ᠂ ᠬᠡᠢ ᠬᠡᠷᠡᠭᠯᠡᠬᠦ ᠳᠦᠷᠢᠮ ᠢ ᠨᠠᠶᠢᠳᠠᠪᠤᠷᠢᠵᠢᠭᠤᠯᠤᠭᠰᠠᠨ ᠡᠰᠡᠬᠦ᠂ ᠭᠠᠯ ᠤᠨᠲᠠᠷᠠᠭᠠᠬᠤ ᠠᠦ᠋ᠲ᠋ᠣ᠋ | ᠪᠡᠯᠡᠳᠬᠡᠮᠵᠢ ᠶᠢ ᠪᠦᠷᠢᠨ ᠪᠦᠲᠦᠨ ᠪᠥᠭᠡᠳ ᠪᠦᠲᠦᠮᠵᠢᠲᠡᠶ ᠪᠠᠶᠢᠯᠭᠠᠭᠰᠠᠨ ᠡᠰᠡᠬᠦ᠂ ᠲᠣᠭᠤᠷᠢᠨ ᠪᠠᠶᠢᠴᠠᠭᠠᠭᠰᠠᠨ | ᠲᠡᠮᠳᠡᠭᠯᠡᠯ ᠨᠢ ᠪᠦᠷᠢᠨ ᠭᠦᠢᠴᠡᠳ ᠪᠠᠶᠢᠬᠤ ᠡᠰᠡᠬᠦ᠂ ᠬᠤᠯᠪᠤᠭᠠᠯᠠᠨ ᠬᠥᠳᠡᠯᠦᠯᠴᠡᠭᠰᠡᠨ ᠨᠢ ᠬᠡᠪ ᠤᠨ ᠪᠠᠶᠢᠳᠠᠯ ᠪᠠᠶᠢᠬᠤ | ᠡᠰᠡᠬᠦ ᠵᠡᠷᠭᠡ ᠪᠠᠶᠢᠳᠠᠯ ᠢ ᠪᠠᠶᠢᠴᠠᠭᠠᠪᠠ᠃ | | | | | ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠲᠠᠶᠢᠱᠠᠨ ᠠᠭᠤᠯᠠᠨ ᠠᠴᠠ ᠬᠦᠨᠳᠦ᠂ ᠡᠷᠬᠡᠪᠰᠢ ᠰᠡᠷᠡᠮᠵᠢ ᠶᠢᠨ | ᠬᠤᠩᠬᠤ ᠶᠢ ᠪᠠᠶᠢᠩᠭᠤ ᠳᠤᠤᠭᠠᠷᠭᠠᠬᠤ ᠶᠢ ᠪᠠᠲᠤᠯᠠᠬᠤ ᠬᠡᠷᠡᠭᠲᠡᠢ᠃ ᠬᠤᠲᠠ ᠶᠢᠨ ᠭᠠᠯ ᠤᠨᠲᠠᠷᠠᠭᠠᠬᠤ ᠠᠪᠤᠷᠠᠨ | ᠲᠤᠰᠠᠯᠠᠬᠤ ᠶᠡᠭᠡ ᠠᠩᠭᠢ ᠶᠢᠨ ᠬᠢᠨ ︽ᠡᠷᠢᠶᠡᠨ ᠬᠤᠲᠠ ᠶᠢᠨ ᠠᠶᠤᠯ ᠦᠭᠡᠢ ᠦᠢᠯᠡᠳᠪᠦᠷᠢᠯᠡᠯ ᠤᠨ ᠶᠡᠭᠡ | ᠪᠠᠶᠢᠴᠠᠭᠠᠯᠲᠠ ᠶᠢᠨ ᠠᠵᠢᠯ ᠤᠨ ᠲᠥᠰᠥᠯ︾ ᠤᠨ ᠮᠡᠳᠡᠭᠳᠡᠯ ᠤᠨ ᠵᠣᠷᠢᠭ ᠰᠠᠨᠠᠭ᠎ᠠ ᠲᠠᠢ ᠨᠢᠭᠲᠠ ᠤᠶᠠᠯᠳᠤᠭᠤᠯᠤᠨ᠂ | ᠭᠠᠯ ᠤᠨᠲᠠᠷᠠᠭᠠᠬᠤ ᠠᠮᠤᠷ ᠲᠦᠪᠰᠢᠨ ᠤ ᠠᠵᠢᠯ ᠢ ᠦᠨᠡᠨᠬᠦ ᠰᠠᠶᠢᠲᠤᠷ ᠬᠢᠵᠦ᠂ ᠡᠯ᠎ᠡ ᠠᠵᠤ ᠠᠬᠤᠶᠢᠯᠠᠯ ᠢ | ᠰᠢᠮᠳᠠᠭᠤᠯᠵᠤ ᠪᠠᠶᠢᠭᠠᠳ ᠠᠶᠤᠯ ᠦᠭᠡᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠤᠨ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢ ᠴᠢᠩᠭᠠᠳᠬᠠᠵᠤ᠂ ᠠᠮᠤᠷ | ᠲᠦᠪᠰᠢᠨ ᠤ ᠠᠳᠡᠯ ᠭᠠᠷᠬᠤ ᠶᠢ ᠡᠬᠢ ᠡᠭᠦᠰᠦᠯ ᠠᠴᠠ ᠨᠢ ᠰᠡᠷᠭᠡᠶᠢᠯᠡᠬᠦ ᠬᠡᠷᠡᠭᠲᠡᠢ᠃ | | |