﹇ᠪᠣᠯᠪᠠᠰᠤᠨ ᠡᠷᠡᠭᠦᠯ᠂ ᠣᠷᠴᠢᠨ ᠳᠣᠭᠤᠷᠢᠨ ᠳᠤ ᠡᠬᠡᠯᠢᠳᠠᠢ﹈  ᠮᠠᠨ ᠤ ᠬᠤᠲᠠ ᠶᠢᠨ 34 ᠳ᠋ᠣᠭᠡᠷ ᠪᠥᠬᠦ ᠤᠯᠤᠰ ᠤᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠰᠠᠷ᠎ᠠ ᠶᠢᠨ ᠠᠵᠢᠯᠯᠠᠭ᠎ᠠ ᠡᠬᠢᠯᠡᠪᠡ
ᠨᠡᠶᠢᠲᠡᠯᠡᠭᠰᠡᠨ ᠴᠠᠭ᠄
2022/4/13
     ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠤ ᠰᠢᠯᠢᠳᠡᠭ ᠤᠯᠠᠮᠵᠢᠯᠠᠯ ᠢ ᠪᠠᠳᠠᠷᠠᠭᠤᠯᠬᠤ ᠶᠢᠨ ᠳᠣᠯᠠᠳᠠ᠂ 4 ᠰᠠᠷ᠎ᠠ ᠶᠢᠨ 12 ᠤᠨ ᠡᠳᠦᠷ᠂ ︽ᠪᠣᠯᠪᠠᠰᠤᠨ ᠡᠷᠡᠭᠦᠯ᠂ ᠣᠷᠴᠢᠨ ᠲᠣᠭᠤᠷᠢᠨ ᠳᠤ ᠡᠬᠡᠯᠢᠳᠠᠢ︾ ᠪᠠᠷ ᠭᠤᠣᠯ ᠰᠡᠳᠦᠪ ᠪᠣᠯᠭᠠᠭᠰᠠᠨ 34 ᠳ᠋ᠣᠭᠡᠷ ᠪᠦᠬᠦ ᠤᠯᠤᠰ ᠤᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠰᠠᠷ᠎ᠠ ᠶᠢᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠠᠪᠤᠷᠭᠤ ᠭᠦᠷᠪᠡᠯ ᠤᠨ ᠲᠠᠯᠠᠪᠠᠢ ᠳᠤ ᠶᠠᠪᠤᠭᠳᠠᠪᠠ᠃ ᠬᠤᠲᠠ  ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠵᠠᠩ ᠺᠠᠢ ᠳ᠋ᠦᠩ ᠰᠠᠨᠠᠭᠠᠴᠢᠯᠠᠭ᠎ᠠ   ᠶᠢᠨ ᠪᠢᠴᠢᠭ ᠢ ᠤᠩᠰᠢᠨ ᠨᠡᠶᠢᠲᠡᠯᠡᠵᠦ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠸᠠᠩ ᠵᠢᠩ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠵᠠᠩ ᠴᠦᠨ ᠬᠤᠸᠠᠨ ᠡᠬᠢᠯᠡᠯᠲᠡ   ᠶᠢᠨ ᠶᠣᠰᠣᠯᠠᠯ ᠳᠤ ᠣᠷᠣᠯᠴᠠᠪᠠ᠃
    ᠠᠵᠢᠯᠯᠠᠭ᠎ᠠ ᠳᠤ ᠡᠯ᠎ᠡ ᠬᠠᠮᠢᠶ᠎ᠠ ᠪᠦᠬᠦᠢ ᠨᠢᠭᠡᠴᠡ᠂ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠰᠠᠭᠤᠭᠠᠯᠢ ᠠᠷᠠᠳ ᠢ ᠰᠠᠨᠠᠭᠠᠴᠢᠯᠠᠵᠤ᠂ ᠪᠣᠯᠪᠠᠰᠤᠨ ᠤ ᠦᠯᠢᠭᠡᠷ ᠳᠠᠭᠤᠷᠢᠶᠠᠯ ᠪᠣᠯᠬᠤ ᠪᠠᠷ ᠴᠢᠷᠮᠠᠶᠢᠬᠤ᠂ ᠡᠷᠡᠭᠦᠯ ᠮᠡᠨᠳᠦ ᠶᠢᠨ ᠬᠠᠮᠠᠭᠠᠯᠠᠭᠴᠢ ᠪᠣᠯᠬᠤ ᠪᠠᠷ ᠴᠢᠷᠮᠠᠶᠢᠬᠤ᠂ ᠣᠷᠴᠢᠨ ᠳᠣᠭᠤᠷᠢᠨ ᠤ ᠬᠠᠮᠠᠭᠠᠯᠠᠯᠳᠠ ᠶᠢᠨ ᠵᠢᠱᠢᠶᠡᠴᠢ ᠪᠣᠯᠬᠤ ᠪᠠᠷ ᠴᠢᠷᠮᠠᠶᠢᠬᠤ᠂ ᠣᠷᠴᠢᠨ ᠳᠣᠭᠤᠷᠢᠨ ᠤ ᠬᠠᠮᠠᠭᠠᠯᠠᠯᠲᠠ ᠶᠢᠨ ᠬᠤᠰᠢᠭᠤᠴᠢ ᠪᠣᠯᠬᠤ ᠪᠠᠷ ᠴᠢᠷᠮᠠᠶᠢᠬᠤ᠂ ᠣᠷᠴᠢᠨ ᠳᠣᠭᠤᠷᠢᠨ ᠳᠤ ᠡᠬᠡᠯᠢᠳᠠᠢ ᠵᠡᠷᠭᠡ ᠲᠠᠪᠤᠨ ᠲᠠᠯ᠎ᠠ ᠠᠴᠠ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯᠯᠠᠭ᠎ᠠ ᠶᠢ ᠥᠷᠨᠢᠭᠦᠯᠵᠦ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠪᠠᠷ ᠭᠤᠣᠯ ᠪᠣᠯᠭᠠᠭᠰᠠᠨ ᠡᠪᠡᠳᠴᠢᠨ ᠤ ᠵᠠᠭᠤᠴᠢ ᠠᠮᠢᠳᠤ ᠪᠣᠳᠠᠰ ᠢ ᠰᠡᠷᠭᠡᠶᠢᠯᠡᠨ ᠵᠠᠰᠠᠬᠤ ᠲᠣᠭᠲᠠᠴᠠ ᠶᠢ ᠲᠡᠭᠦᠯᠳᠡᠷᠵᠢᠭᠦᠯᠵᠦ᠂ ᠬᠤᠳᠠ ᠬᠥᠳᠡᠭᠡ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠪᠠ ᠵᠣᠷᠯᠣᠩ ᠤᠨ ᠠᠷᠢᠭᠤᠨ ᠴᠡᠪᠡᠷ ᠢ ᠵᠡᠷᠭᠡᠪᠡᠷ ᠴᠢᠩᠭᠠᠳᠬᠠᠬᠤ ᠠᠵᠢᠯᠯᠠᠭ᠎ᠠ ᠶᠢ ᠥᠷᠨᠢᠭᠦᠯᠵᠦ᠂ ᠳᠡᠭᠡᠷ᠎ᠡ ᠠᠴᠠ ᠳᠣᠷᠣᠭᠰᠢ ᠪᠠᠨ ᠵᠠᠰᠠᠭ ᠵᠠᠬᠢᠷᠭᠠᠨ ᠤ ᠳᠠᠶᠢᠴᠢᠯᠠᠯᠲᠠ ᠬᠢᠬᠦ ᠪᠠ ᠳᠣᠣᠷ᠎ᠠ ᠠᠴᠠ ᠳᠡᠭᠡᠭᠰᠢ ᠪᠠᠨ ᠰᠠᠨᠠᠭᠠᠴᠢᠯᠠᠭ᠎ᠠ ᠠᠴᠠ ᠪᠠᠨ ᠣᠷᠤᠯᠴᠠᠬᠤ ᠤᠯᠠᠨ ᠲᠦᠮᠡᠨ ᠤ ᠳᠠᠶᠢᠴᠢᠯᠠᠯᠲᠠ ᠶᠢᠨ ᠲᠣᠭᠲᠠᠴᠠ ᠶᠢ ᠪᠤᠢ ᠪᠣᠯᠭᠠᠬᠤ ᠶᠢ ᠠᠬᠢᠭᠤᠯᠵᠤ᠂ ᠬᠠᠮᠲᠤᠪᠠᠷ ᠪᠠᠶᠢᠭᠤᠯᠵᠤ ᠬᠠᠮᠲᠤᠪᠠᠷ ᠬᠠᠮᠢᠶᠠᠷᠴᠤ ᠬᠠᠮᠲᠤᠪᠠᠷ ᠡᠳ᠋ᠯᠡᠬᠦ ᠰᠠᠶᠢᠨ ᠰᠠᠶᠢᠬᠠᠨ ᠭᠡᠷ ᠣᠷᠣᠨ ᠢ ᠪᠠᠶᠢᠭᠤᠯᠤᠨ᠎ᠠ᠃
   ᠡᠬᠢᠯᠡᠯᠲᠡ ᠶᠢᠨ ᠶᠣᠰᠣᠯᠠᠯ ᠳᠡᠭᠡᠷ᠎ᠡ᠂ ᠡᠯ᠎ᠡ ᠪᠦᠷᠢᠯᠳᠦᠭᠦᠨ ᠨᠢᠭᠡᠴᠡ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠤᠬᠠᠭᠤᠯᠭ᠎ᠠ ᠪᠠ ᠴᠡᠪᠡᠷᠯᠡᠨ ᠴᠡᠭᠴᠡᠯᠡᠬᠦ ᠠᠵᠢᠯᠯᠠᠭ᠎ᠠ ᠶᠢ ᠪᠠᠶᠢᠷᠢᠯᠠᠭᠤᠯᠤᠨ ᠥᠷᠨᠢᠭᠦᠯᠵᠦ᠂ ᠬᠤᠲᠠ ᠶᠢᠨ ᠠᠷᠠᠳ ᠲᠤ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠮᠡᠳᠡᠯᠭᠡ ᠶᠢ ᠲᠠᠶᠢᠯᠪᠤᠷᠢᠯᠠᠨ᠂ ᠵᠡᠭᠡᠯᠢ ᠭᠤᠳᠤᠮᠵᠢ᠂ ᠰᠠᠭᠤᠭᠠᠯᠢ ᠲᠣᠭᠤᠷᠢᠭ ᠢ ᠭᠦᠨᠵᠡᠭᠡᠢ ᠬᠤᠯᠪᠣᠵᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠪᠡᠷᠯᠡᠬᠦ ᠠᠵᠢᠯ ᠢ ᠥᠷᠨᠢᠭᠦᠯᠵᠦ᠂ ᠬᠥᠮᠥᠨ ᠪᠦᠬᠦᠨ ᠭᠠᠷ ᠬᠥᠳᠡᠯᠵᠦ ᠂ ᠬᠥᠮᠥᠨ ᠪᠦᠬᠦᠨ ᠠᠰᠢᠭ ᠭᠥᠷᠳᠡᠬᠦ ᠠᠵᠢᠯᠯᠠᠭ᠎ᠠ ᠶᠢᠨ ᠠᠭᠤᠷ ᠠᠮᠢᠰᠬᠤᠯ ᠤᠨ ᠳᠤᠮᠳᠠ᠂ ︽ᠪᠣᠯᠪᠠᠰᠤᠨ ᠡᠷᠡᠭᠦᠯ · ᠣᠷᠴᠢᠨ ᠲᠣᠭᠤᠷᠢᠨ ᠳᠤ ᠡᠬᠡᠯᠢᠳᠠᠢ︾ ᠶᠢ ᠪᠣᠳᠠᠲᠠᠢ ᠳᠤ ᠨᠠᠶᠢᠳᠠᠪᠤᠷᠢᠵᠢᠭᠤᠯᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号