ᠰᠢᠯᠢ ᠶᠢᠨ ᠭᠤᠤᠯ ᠠᠶᠢᠮᠠᠭ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠲᠣᠬᠤᠨᠢᠭᠤᠯᠬᠤ ᠳᠤᠭᠤᠶᠢᠯᠠᠩ ᠤᠨ ᠬᠢᠨ ᠴᠢᠰᠤ ᠲᠦᠯᠦᠵᠢᠭᠦᠯᠬᠦ  ᠡᠰ  ᠬᠠᠨᠳᠢᠪᠯᠬᠠᠴᠢ ᠰᠠᠶᠢᠨ ᠲᠤᠷᠠᠴᠢᠨ    ᠵᠠᠩ  ᠵᠢᠶᠦ᠋ᠨ  ᠢ ᠪᠤᠯᠭᠤᠭᠠᠨ ᠲᠤᠬᠤᠨᠢᠭᠤᠯᠤᠠᠠᠰᠡᠨ
ᠨᠡᠶᠢᠲᠡᠯᠡᠭᠰᠡᠨ ᠴᠠᠭ᠄
2022/4/13
ᠡᠷᠢᠶᠡᠨ  ᠬᠤᠳᠠ   ᠶᠢᠨ  ᠶᠡᠷᠦᠩᠬᠡᠶᠢᠯᠬᠠᠰᠡᠨ ᠷᠠᠳᠢᠣ᠋ ᠶᠢᠨ  ᠰᠤᠷᠪᠤᠯᠵᠢᠯᠠᠭᠴᠢ  ᠪᠦᠷᠢᠩᠭᠤᠸ᠎ᠠ   ᠶᠢᠨ  ᠮᠡᠳᠡᠭᠡᠯᠡᠭᠰᠡᠨ  ᠢᠶᠠᠷ᠄ᠰᠢᠯᠢ ᠶᠢᠨ ᠭᠤᠤᠯ ᠠᠶᠢᠮᠠᠭ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠲᠣᠬᠤᠨᠢᠭᠤᠯᠬᠤ ᠳᠤᠭᠤᠶᠢᠯᠠᠩ ᠤᠨ  ᠬᠢᠨ ᠴᠢᠰᠤ ᠲᠦᠯᠦᠵᠢᠭᠦᠯᠬᠦ  ᠡᠰ  ᠬᠠᠨᠳᠢᠪᠯᠬᠠᠴᠢ ᠰᠠᠶᠢᠨ ᠲᠤᠷᠠᠴᠢᠨ  ︱ ᠵᠠᠩ  ᠵᠢᠶᠦ᠋ᠨ  ᠢ ᠪᠤᠯᠭᠤᠭᠠᠨ ᠲᠤᠬᠤᠨᠢᠭᠤᠯᠤᠠᠠᠰᠡᠨ        4 ᠰᠠᠷ᠎ᠠ ᠶᠢᠨ 12 ᠤᠨ ᠡᠳᠦᠷ᠂ ᠰᠢᠯᠢ ᠶᠢᠨ ᠭᠤᠤᠯ ᠠᠶᠢᠮᠠᠭ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠲᠣᠬᠤᠨᠢᠭᠤᠯᠬᠤ ᠳᠤᠭᠤᠶᠢᠯᠠᠩ ᠤᠨ ᠬᠢᠨ  ᠡᠷᠢᠶᠡᠨ  ᠬᠤᠲᠠ ᠳᠤ ᠢᠷᠡᠵᠦ᠂ ᠴᠢᠰᠤ ᠲᠦᠯᠦᠵᠢᠭᠦᠯᠬᠦ  ᠡᠰ  ᠢᠶᠠᠨ ᠠᠮᠵᠢᠯᠲᠠᠲᠠᠢ ᠬᠠᠨᠳᠢᠪᠯᠡᠭ᠌ᠰᠠᠨ ᠰᠠᠶᠢᠨ ᠲᠤᠷᠠᠴᠢᠨ ᠵᠠᠩ ᠵᠢᠶᠦ᠋ᠨ ᠵᠢᠴᠢ  ᠲᠡᠭᠦᠨ ᠤ ᠭᠡᠷ ᠪᠦᠯᠢ ᠶᠢᠨ  ᠬᠢᠨ ᠢ ᠪᠣᠯᠭᠤᠭᠠᠨ ᠲᠣᠬᠤᠨᠢᠭᠤᠯᠵᠤ᠂ ᠲᠡᠳᠡᠨ ᠳᠤ ᠴᠢᠩ ᠰᠡᠳᠬᠢᠯ ᠤᠨ  ᠬᠦᠰᠡᠯ  ᠵᠥᠩᠨᠡᠯ ᠳᠡᠪᠰᠢᠭᠦᠯᠬᠦ ᠶᠢᠨ ᠬᠠᠮᠲᠤ ᠲᠣᠬᠤᠨᠢᠭᠤᠯᠬᠤ ᠪᠣᠳᠠᠰ ᠬᠦᠷᠭᠡᠪᠡ᠃       ᠲᠣᠬᠤᠨᠢᠭᠤᠯᠬᠤ ᠳᠤᠭᠤᠶᠢᠯᠠᠩ ᠤᠨ ᠬᠢᠨ ᠵᠠᠩ ᠵᠢᠶᠦ᠋ᠨ ᠤ ᠭᠡᠷ ᠲᠤ  ᠬᠦᠷᠴᠦ᠂ ᠲᠡᠭᠦᠨ ᠤ ᠪᠡᠶ᠎ᠡ ᠶᠢᠨ ᠪᠠᠶᠢᠳᠠᠯ᠂ ᠠᠵᠢᠯ ᠠᠮᠢᠳᠤᠷᠠᠯ ᠤᠨ ᠪᠠᠶᠢᠳᠠᠯ ᠢ ᠨᠠᠷᠢᠨ ᠠᠰᠠᠭᠤᠨ ᠤᠶᠢᠯᠭᠠᠵᠦ᠂ ᠲᠡᠭᠦᠨ ᠤ ᠰᠠᠶᠢᠨ ᠦᠢᠯᠡ ᠠᠵᠢᠯᠯᠠᠭ᠎ᠠ ᠳᠤ ᠡᠷᠬᠢᠮ ᠳᠡᠭᠡᠳᠦ ᠬᠦᠨᠳᠦᠳᠬᠡᠯ  ᠳᠡᠪᠰᠢᠭᠦᠯᠵᠦ᠂ ᠲᠡᠭᠦᠨ ᠤ ᠭᠡᠷ ᠪᠦᠯᠢ ᠶᠢᠨ ᠬᠢᠨ  ᠳᠤ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠢ ᠢᠲᠡᠭᠡᠵᠦ᠂ ᠬᠠᠨᠳᠢᠪᠯᠡᠬᠤ ᠠᠵᠢᠯ ᠢ  ᠳᠡᠮᠵᠢᠭᠰᠡᠨ ᠳᠤ ᠲᠠᠯᠠᠷᠬᠠᠪᠠ᠃       ᠵᠠᠩ ᠵᠢᠶᠦ᠋ᠨ 4  ᠰᠠᠷ᠎ᠠ ᠶᠢᠨ 1 ᠤ ᠡᠳᠦᠷ ᠬᠦᠬᠡᠬᠤᠳᠠ ᠳᠤ ᠬᠦᠷᠴᠦ  ᠂ 247 ᠮᠢᠯᠢᠯᠢᠲᠷ  ᠴᠢᠰᠤ ᠲᠦᠯᠦᠵᠢᠭᠦᠯᠬᠦ ᠡᠰ ᠤᠨ ᠬᠥᠪᠥᠮᠡᠯ ᠰᠢᠩᠭᠡᠨ ᠢ ᠠᠮᠵᠢᠯᠲᠠᠲᠠᠢ ᠬᠠᠨᠳᠢᠪᠯᠡᠵᠤ᠂ ᠦᠪᠡᠷ ᠤᠨ ᠬᠠᠶᠢᠷ᠎ᠠ ᠬᠠᠯᠠᠮᠵᠢ  ᠪᠠᠷ ᠵᠶ᠋ᠠᠨ‌ᠨᠢᠭᠡᠨ ᠴᠢᠰᠤᠨ ᠤ  ᠡᠪᠡᠳᠴᠢᠳᠡᠨ  ᠢ ᠲᠤᠰᠠᠯᠠᠵᠠᠢ  ᠃  ᠵᠠᠩ ᠵᠢᠶᠦ᠋ᠨ ᠥᠪᠡᠷᠲᠡᠭᠡᠨ ᠵᠠᠰᠠᠬᠤ ᠣᠷᠣᠨ ᠤ 125 ᠳ᠋ᠤᠭᠠᠷ  ᠵᠢᠱᠢᠶ᠎ᠡ᠂ ᠰᠢᠯᠢ ᠶᠢᠨ ᠭᠤᠣᠯ ᠠᠶᠢᠮᠠᠭ ᠤᠨ  ᠲᠤᠯᠤᠳᠤᠭᠠᠷ ᠵᠢᠱᠢᠶ᠎ᠡ᠂ ᠮᠠᠨ ᠤ ᠬᠤᠲᠠ ᠶᠢᠨ  ᠠᠩᠬᠠᠨ ᠤ   ᠵᠢᠱᠢᠶ᠎ᠡ ᠶᠢᠨ ᠴᠢᠰᠤ ᠲᠦᠯᠦᠵᠢᠭᠦᠯᠬᠦ ᠡᠰ  ᠬᠠᠨᠳᠢᠪᠯᠬᠠᠴᠢ ᠪᠤᠯᠤᠠᠠᠰᠡᠨ ᠪᠠᠶᠢᠨ᠎ᠠ᠃        ᠴᠢᠰᠤ ᠲᠦᠯᠦᠵᠢᠭᠦᠯᠬᠦ ᠡᠰ  ᠢᠶᠠᠨ ᠬᠠᠨᠳᠢᠪᠯᠡᠵᠤ ᠴᠢᠰᠤᠨ ᠤ  ᠡᠪᠡᠳᠴᠢᠲᠡᠨ ᠢ ᠠᠪᠤᠷᠠᠨ ᠲᠤᠰᠠᠯᠠᠬᠤ ᠳᠤ᠂ ᠬᠡᠯᠪᠡᠷᠢ  ᠲᠠᠭᠠᠷᠠᠬᠤ ᠨᠤᠷᠮ᠎ᠠ ᠨᠢ ᠲᠤᠩ ᠳᠣᠣᠷ᠎ᠠ᠂  ᠬᠢᠯᠪᠠᠷ ᠪᠤᠰᠤ  ᠪᠠᠶᠢᠳᠠᠭ  ᠃ ᠵᠠᠩ ᠵᠢᠶᠦ᠋ᠨ ᠤ ᠬᠠᠷᠠᠮ ᠦᠭᠡᠢ  ᠶᠡᠭᠡ ᠬᠠᠶᠢᠷ᠎ᠠ ᠶᠢᠨ ᠠᠵᠢᠯᠯᠠᠭ᠎ᠠ ᠨᠢ ᠨᠢᠭᠡ ᠭᠡᠷ ᠪᠦᠯᠢ ᠶᠢ ᠲᠠᠬᠢᠨ ᠠᠮᠢᠯᠠᠭᠤᠯᠵᠤ᠂ ᠥᠪᠡᠷ ᠤᠨ ᠠᠮᠢ ᠨᠠᠰᠤ ᠪᠠᠨ ᠨᠡᠩ ᠦᠨ᠎ᠡ ᠦᠷᠳᠡᠭ ᠲᠠᠢ ᠪᠣᠯᠭᠠᠵᠠᠢ᠃ ᠵᠠᠩ ᠵᠢᠶᠦ᠋ᠨ  ᠠᠴᠠ᠂ ᠥᠪᠡᠷ ᠪᠠᠨ ᠠᠨᠠᠭᠠᠬᠤ ᠤᠬᠠᠭᠠᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠶᠢᠨ  ᠥᠩᠭᠡᠷᠡᠭᠦᠯᠦᠭᠴᠢ ᠪᠠ ᠤᠬᠠᠭᠤᠯᠤᠭᠴᠢ ᠪᠣᠯᠬᠤ ᠶᠢ ᠬᠦᠰᠡᠵᠦ ᠪᠠᠶᠢᠬᠤ ᠶᠢᠨ ᠬᠠᠮᠲᠤ ᠨᠠᠩ ᠣᠯᠠᠨ ᠬᠠᠯᠠᠭᠤᠨ ᠰᠡᠳᠬᠢᠯᠲᠦ ᠬᠥᠮᠥᠰ ᠤᠨ ᠴᠢᠰᠤ ᠲᠦᠯᠦᠵᠢᠭᠦᠯᠬᠦ ᠡᠰ  ᠤᠨ ᠰᠠᠶᠢᠨ  ᠲᠤᠷᠠᠴᠢᠨ ᠤ ᠡᠩᠨᠡᠭᠡᠨ ᠳᠤ ᠣᠷᠣᠵᠤ᠂    ᠨᠠᠩ ᠤᠯᠠᠨ ᠠᠮᠢ  ᠨᠠᠰᠤᠨ ᠳᠤ ᠭᠡᠷᠡᠯ ᠭᠡᠭᠡ ᠤᠯᠭᠤᠵᠦ᠂ ᠨᠠᠩ ᠣᠯᠠᠨ ᠡᠪᠡᠳᠴᠢᠲᠡᠨ ᠳᠤ ︽ᠬᠠᠶᠢᠷ᠎ᠠ ᠶᠢᠨ ᠰᠠᠶᠢᠨ ᠰᠠᠶᠢᠬᠠᠨ︾ ᠢ ᠡᠳ᠋ᠯᠡᠭᠦᠯᠬᠦ ᠶᠢ ᠬᠦᠰᠡᠵᠦ ᠪᠠᠶᠢᠨ᠎ᠠ ᠭᠡᠯ᠎ᠡ︕
 
ᠢᠷᠡᠯᠲᠡ᠄ ᠬᠠᠮ ᠵᠢᠭᠤᠴᠢᠯᠠᠭᠤᠷ ᠤᠨ ᠶᠠᠷᠦᠩᠬᠡᠶᠢᠯᠡᠭᠰᠡᠨ ᠷᠠᠳᠢᠤ᠋
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号