﹇ᠠᠮᠤᠷ ᠲᠦᠪᠰᠢᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ ᠠᠮᠤᠷ ᠲᠦᠪᠰᠢᠨ ᠬᠥᠭᠵᠢᠯᠲᠡ ᠶᠢ ᠠᠬᠢᠭᠤᠯᠤᠨ᠎ᠠ﹈ ᠠᠶᠢᠮᠠᠭ ᠤᠨ ᠱᠠᠭᠠᠷᠳᠠᠨ ᠪᠠᠶᠢᠴᠠᠭᠠᠬᠤ ᠳᠤᠭᠤᠶᠢᠯᠠᠩ ᠮᠠᠨ ᠤ ᠬᠤᠲᠠ ᠳᠤ ᠢᠷᠡᠵᠦ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠵᠢᠴᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠴᠠᠭᠠᠨ ᠵᠢᠯᠣᠭᠤᠳᠪᠠ
ᠨᠡᠶᠢᠲᠡᠯᠡᠭᠰᠡᠨ ᠴᠠᠭ᠄
2022/4/14
   4 ᠰᠠᠷ᠎ᠠ ᠶᠢᠨ 13 ᠤ ᠡᠳᠦᠷ᠂ ᠠᠶᠢᠮᠠᠭ ᠤᠨ ᠱᠠᠭᠠᠷᠳᠠᠨ ᠪᠠᠶᠢᠴᠠᠭᠠᠬᠤ ᠳᠤᠭᠤᠶᠢᠯᠠᠩ ᠮᠠᠨ ᠤ ᠬᠤᠲᠠ ᠳᠤ ᠢᠷᠡᠵᠦ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠵᠢᠴᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ  ᠪᠠᠶᠢᠴᠠᠭᠠᠨ ᠵᠢᠯᠣᠭᠤᠳᠪᠠ᠃
   ᠬᠤᠲᠠ ᠶᠢᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠧᠨᠢᠭ ᠮᠡᠷᠭᠡᠵᠢᠯ ᠤᠨ ᠲᠣᠪᠴᠢᠶ᠎ᠠ ᠶᠢᠨ ᠬᠠᠷᠢᠭᠤᠴᠠᠯᠭᠠᠲᠠᠨ ᠰᠤᠷᠭᠠᠭᠤᠯᠢ ᠶᠢᠨ ᠬᠦᠷᠢᠶᠡᠨ ᠤ ᠲᠦᠭᠰᠢᠭᠦᠷᠢ ᠶᠢᠨ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ᠂ ᠰᠤᠷᠭᠠᠭᠤᠯᠢ ᠶᠢᠨ ᠬᠦᠷᠢᠶᠡᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠰᠤᠷᠭᠠᠭᠤᠯᠢ ᠶᠢᠨ ᠬᠦᠷᠢᠶᠡᠨ ᠤ ᠭᠠᠯ ᠤᠨᠲᠠᠷᠠᠭᠠᠬᠤ ᠶᠢ ᠴᠡᠭᠴᠡᠯᠡᠨ ᠵᠠᠰᠠᠬᠤ᠂ ᠲᠤᠷᠰᠢᠯᠲᠠ ᠶᠢᠨ ᠲᠠᠰᠤᠭ ᠵᠢᠴᠢ ᠠᠶᠤᠯᠲᠠᠢ ᠬᠢᠮᠢ ᠶᠢᠨ ᠪᠣᠳᠠᠰ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠵᠡᠷᠭᠡ ᠲᠠᠯ᠎ᠠ ᠪᠠᠷ ᠠᠶᠢᠮᠠᠭ ᠤᠨ ᠱᠠᠭᠠᠷᠳᠠᠨ ᠪᠠᠶᠢᠴᠠᠭᠠᠬᠤ ᠳᠤᠭᠤᠶᠢᠯᠠᠩ ᠳᠤ ᠬᠠᠷᠢᠭᠤ ᠮᠡᠳᠡᠭᠦᠯᠦᠯᠲᠡ ᠬᠢᠪᠡ᠃     ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠲᠠᠷᠠᠭ᠎ᠠ᠂  ᠱᠠᠭᠠᠷᠳᠠᠨ ᠪᠠᠶᠢᠴᠠᠭᠠᠬᠤ ᠳᠤᠭᠤᠶᠢᠯᠠᠩ ᠠᠴᠠ ᠮᠠᠨ ᠤ ᠬᠤᠳᠠ ᠶᠢᠨ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠵᠢᠴᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠭᠦᠢᠴᠡᠳ ᠨᠤᠲᠠᠯᠠᠪᠠ᠃  ᠱᠠᠭᠠᠷᠳᠠᠨ ᠪᠠᠶᠢᠴᠠᠭᠠᠬᠤ ᠳᠤᠭᠤᠶᠢᠯᠠᠩ ᠠᠴᠠ᠂ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠣᠯᠣᠨ ᠯᠠᠪᠳᠠᠭᠤᠨ ᠪᠠᠲᠤᠲᠠᠢ ᠬᠠᠲᠠᠭᠤ ᠰᠤᠷᠲᠠᠯ ᠢᠶᠠᠷ ᠰᠤᠷᠭᠠᠭᠤᠯᠢ ᠶᠢᠨ ᠠᠮᠤᠷ ᠲᠦᠪᠰᠢᠨ ᠤ ᠡᠯ᠎ᠡ ᠵᠦᠢᠯ ᠤᠨ ᠠᠵᠢᠯ ᠢ ᠪᠦᠬᠦ ᠲᠠᠯ᠎ᠠ ᠪᠠᠷ ᠨᠠᠷᠢᠨ ᠨᠢᠮᠪᠠᠢ ᠰᠠᠶᠢᠲᠤᠷ ᠬᠢᠵᠦ ᠂ ᠠᠷᠭ᠎ᠠ ᠪᠦᠬᠦᠨ ᠢ ᠰᠦᠪᠡᠭᠴᠢᠯᠡᠨ ᠥᠷᠭᠡᠨ ᠤᠯᠠᠨ ᠪᠠᠭᠰᠢ ᠰᠤᠷᠤᠭᠴᠢᠳ ᠤᠨ ᠠᠮᠤᠷ ᠲᠦᠪᠰᠢᠨ ᠪᠣᠯᠣᠨ ᠰᠤᠷᠭᠠᠭᠤᠯᠢ ᠶᠢᠨ ᠲᠣᠭᠲᠠᠭᠤᠨ ᠢ ᠪᠠᠲᠤᠯᠠᠵᠤ᠂ ᠠᠮᠤᠷ ᠲᠦᠪᠰᠢᠨ ᠪᠣᠯᠪᠠᠰᠤᠨ ᠡᠶ᠎ᠡ ᠵᠣᠬᠢᠴᠠᠩᠭᠤᠢ ᠰᠤᠷᠭᠠᠭᠤᠯᠢ ᠶᠢᠨ ᠬᠦᠷᠢᠶᠡᠨ ᠤ ᠣᠷᠴᠢᠨ ᠲᠣᠭᠤᠷᠢᠨ ᠢ ᠪᠦᠬᠦ ᠬᠦᠴᠦᠨ ᠢᠶᠠᠷ ᠢᠶᠠᠨ ᠡᠭᠦᠳᠬᠦ ᠬᠡᠷᠡᠭᠲᠡᠢ ᠭᠡᠵᠦ ᠵᠢᠭᠠᠵᠤ ᠭᠠᠷᠭᠠᠪᠠ᠃ ᠬᠤᠷᠢᠭ᠎ᠠ ᠱᠤᠭᠤᠮ ᠤᠨ ᠰᠡᠳᠬᠢᠬᠦᠢ ᠪᠠ ᠤᠯᠠᠭᠠᠨ ᠱᠤᠭᠤᠮ ᠤᠨ ᠤᠬᠠᠮᠰᠠᠷ ᠢ ᠪᠠᠲᠤ ᠪᠤᠢ ᠪᠣᠯᠭᠠᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠠᠮᠢᠶᠠᠷᠤᠯᠲᠠ ᠶᠢ ᠴᠠᠭ ᠢᠮᠠᠭᠲᠠ ᠴᠢᠩᠭᠠᠳᠬᠠᠵᠦ᠂ ᠥᠷᠭᠡᠨ ᠤᠯᠠᠨ ᠪᠠᠭᠰᠢ ᠰᠤᠷᠤᠭᠴᠢᠳ ᠤᠨ ᠠᠮᠢ ᠨᠠᠰᠤᠨ ᠤ ᠠᠮᠤᠷ ᠲᠦᠪᠰᠢᠨ ᠢ ᠲᠡᠷᠢᠭᠦᠨ ᠪᠠᠶᠢᠷᠢᠨ ᠳᠤ ᠲᠠᠯᠪᠢᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠡᠮ ᠰᠣᠭᠤᠭ ᠢ ᠪᠠᠶᠢᠴᠠᠭᠠᠬᠤ ᠵᠢᠴᠢ ᠲᠤᠰᠬᠠᠢ ᠴᠡᠭᠴᠡᠯᠡᠨ ᠵᠠᠰᠠᠬᠤ ᠠᠵᠢᠯ ᠢ ᠮᠥᠷᠥᠨ ᠳᠡᠭᠡᠷ᠎ᠡ ᠪᠠᠨ ᠡᠭᠦᠷᠭᠡᠯᠡᠵᠦ᠂ ᠭᠠᠷ ᠲᠠᠭᠠᠨ ᠠᠳᠬᠤᠵᠤ᠂ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠤᠨ ᠬᠦᠨᠳᠦ ᠬᠡᠴᠡᠭᠦᠦ ᠴᠢᠨᠠᠷ ᠪᠠ ᠪᠤᠳᠤᠯᠢᠶᠠᠨᠲᠤ ᠴᠢᠨᠠᠷ ᠢ ᠭᠦᠢᠴᠡᠳ ᠲᠠᠨᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠰᠤᠷᠭᠠᠨ ᠬᠥᠮᠥᠵᠢᠭᠦᠯᠬᠦ ᠵᠢᠭᠠᠨ ᠰᠤᠷᠭᠠᠬᠤ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠬᠤ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠲᠣᠭᠲᠠᠭᠠᠯ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠦᠨ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠡᠳ᠋ ᠪᠣᠳᠠᠰ ᠢ ᠭᠦᠢᠴᠡᠳ ᠪᠡᠯᠡᠳᠬᠡᠵᠦ᠂ ᠰᠤᠷᠭᠠᠭᠤᠯᠢ ᠶᠢᠨ ᠬᠦᠷᠢᠶᠡᠨ ᠤ ᠭᠤᠣᠯᠳᠠᠯᠭ᠎ᠠ ᠲᠠᠢ ᠣᠷᠣᠨ ᠪᠦᠰᠡ ᠶᠢ ᠲᠣᠭᠲᠠᠮᠠᠯ ᠬᠤᠭᠤᠴᠠᠭ᠎ᠠ ᠲᠠᠢ ᠪᠠᠷ ᠠᠷᠢᠭᠤᠳᠬᠠᠵᠦ᠂ ᠰᠤᠷᠭᠠᠭᠤᠯᠢ ᠶᠢᠨ ᠬᠦᠷᠢᠶᠡᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠣᠯᠠᠮ ᠪᠠᠬᠢᠵᠢᠬᠦᠯᠬᠦ ᠭᠡᠷᠡᠭᠳᠠᠢ ᠭᠡᠪᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号