ᠨᠢᠭᠤᠴᠠ ᠶᠢ ᠬᠠᠮᠠᠭᠠᠯᠠᠬᠤ ᠤᠬᠠᠮᠰᠠᠷ ᠢᠶᠠᠨ ᠴᠢᠩᠭᠠᠳᠬᠠᠵᠤ ᠠᠮᠤᠷ ᠲᠦᠪᠰᠢᠨ ᠤ ᠦᠵᠡᠯᠲᠡ ᠶᠢ ᠪᠣᠶ ᠪᠣᠯᠭᠠᠶ᠎ᠠ
ᠨᠡᠶᠢᠲᠡᠯᠡᠭᠰᠡᠨ ᠴᠠᠭ᠄
2022/4/14
   ᠨᠠᠮ ᠤᠨ ᠭᠡᠰᠢᠭᠦᠨ ᠺᠠᠳ᠋ᠷᠴᠤᠳ ᠤᠨ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠤᠯᠤᠰ ᠤᠨ ᠶᠡᠷᠦᠩᠬᠡᠢ ᠴᠣᠭᠴᠠ ᠶᠢᠨ ᠠᠮᠤᠷ ᠲᠦᠪᠰᠢᠨ ᠤ ᠦᠵᠡᠯᠲᠡ ᠶᠢ ᠪᠠᠲᠤ ᠪᠠᠬᠢ ᠪᠣᠶ ᠪᠣᠯᠭᠠᠬᠤ ᠶᠢᠨ ᠳᠣᠯᠠᠳᠠ᠂ ᠳᠣᠯᠣᠳᠤᠭᠠᠷ ᠣᠳᠠᠭᠠᠨ ᠤ ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠬᠦᠷᠴᠦ ᠢᠷᠡᠬᠦ ᠲᠠᠰᠢᠷᠠᠮ ᠢᠶᠠᠷ᠂ 4 ᠰᠠᠷ᠎ᠠ ᠶᠢᠨ 13 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠠᠯᠪᠠᠨ ᠭᠡᠷ ᠠᠴᠠ ᠺᠠᠳ᠋ᠷ ᠠᠵᠢᠯᠲᠠᠳ ᠢ ᠵᠣᠬᠢᠶᠠᠨ ᠪᠠᠶᠢᠭᠤᠯᠵᠤ ᠤᠯᠤᠰ ᠤᠨ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠤᠨ ᠰᠠᠭᠤᠷᠢᠨ ᠭᠠᠵᠠᠷ ᠲᠤ ᠲᠣᠭᠤᠷᠢᠨ ᠦᠵᠡᠭᠦᠯᠵᠦ᠂  ᠤᠯᠤᠰ ᠤᠨ ᠠᠮᠤᠷ ᠲᠦᠪᠰᠢᠨ ᠤ ᠬᠥᠮᠦᠵᠢᠯ ᠢ ᠰᠣᠷᠣᠯᠴᠠᠪᠠ᠃    ᠲᠠᠶᠢᠯᠪᠤᠷᠢᠯᠠᠭᠴᠢ ᠶᠢᠨ ᠵᠢᠯᠣᠭᠤᠳᠤᠯᠭ᠎ᠠ ᠳᠣᠣᠷ᠎ᠠ᠂ ᠣᠯᠠᠨ ᠢᠶᠠᠷ ᠢᠶᠠᠨ ᠦᠵᠡᠭᠦᠯᠦᠯᠭᠡ ᠶᠢᠨ ᠲᠢᠩᠬᠢᠮ ᠳᠠᠬᠢ ᠵᠢᠷᠤᠭ᠂ ᠥᠰᠥᠭ ᠪᠢᠴᠢᠭ᠂ ᠳᠦᠷᠰᠦ ᠵᠢᠷᠤᠭ᠂ ᠬᠠᠷᠢᠯᠴᠠᠨ ᠦᠢᠯᠡᠳᠦᠯᠴᠡᠵᠦ ᠣᠶᠢᠯᠠᠭᠠᠬᠤ ᠵᠡᠷᠭᠡ ᠪᠠᠷ ᠳᠠᠮᠵᠢᠭᠤᠯᠤᠨ᠂ ᠰᠢᠨ᠎ᠡ ᠴᠠᠭ ᠦᠶ᠎ᠡ ᠶᠢᠨ ᠤᠯᠤᠰ ᠤᠨ ᠠᠮᠤᠷ ᠲᠦᠪᠰᠢᠨ ᠤ ᠪᠠᠶᠢᠳᠠᠯ᠂ ᠨᠢᠭᠤᠴᠠ ᠹᠷᠣᠨᠲ ᠤᠨ ᠲᠡᠮᠡᠴᠡᠯ᠂ ᠪᠥᠬᠦ ᠤᠯᠤᠰ ᠤᠨ ᠨᠢᠭᠤᠴᠠ ᠶᠢ ᠬᠤᠯᠠᠭᠠᠶᠢᠯᠠᠵᠤ ᠨᠢᠭᠤᠴᠠ ᠶᠢ ᠵᠠᠳᠠᠷᠠᠭᠤᠯᠬᠤ ᠶᠢ ᠰᠡᠷᠡᠮᠵᠢᠯᠡᠭᠦᠯᠬᠦ ᠬᠥᠮᠦᠵᠢᠯ ᠤᠨ ᠬᠡᠷᠡᠭ ᠤᠨ ᠵᠢᠱᠢᠶ᠎ᠡ ᠵᠢᠴᠢ ᠮᠠᠨ ᠤ ᠤᠯᠤᠰ ᠤᠨ ᠠᠮᠤᠷ ᠲᠦᠪᠰᠢᠨ ᠤ ᠪᠠᠶᠢᠯᠳᠤᠬᠤ ᠪᠣᠳᠣᠯᠭ᠎ᠠ᠂ ᠴᠢᠭᠯᠡᠯᠲᠡ ᠲᠥᠷᠥ ᠶᠢᠨ ᠪᠣᠳᠣᠯᠭ᠎ᠠ ᠪᠠ ᠬᠤᠯᠪᠣᠭᠳᠠᠯ ᠪᠦᠬᠦᠢ ᠬᠠᠤᠯᠢ ᠴᠠᠭᠠᠵᠠ ᠶᠢ ᠤᠯᠠᠮ ᠨᠢᠭᠡ ᠠᠯᠬᠤᠮ ᠣᠶᠢᠯᠠᠭᠠᠪᠠ᠃     ᠲᠣᠰ ᠤᠳᠠᠭᠠᠨ ᠤ ᠠᠵᠢᠯᠯᠠᠭ᠎ᠠ ᠨᠢ ᠨᠢᠭᠡ ᠤᠳᠠᠭᠠᠨ ᠤ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠬᠢᠴᠢᠶᠡᠯ ᠪᠣᠯᠬᠤ ᠪᠠᠷ ᠪᠠᠷᠠᠬᠤ ᠦᠭᠡᠢ ᠨᠠᠩ ᠴᠤ ᠠᠮᠢᠳᠤᠯᠢᠭ ᠴᠣᠪᠣᠭᠤᠯᠢᠭ ᠨᠠᠮ ᠤᠨ ᠬᠢᠴᠢᠶᠡᠯ ᠪᠣᠯᠬᠤ ᠶᠤᠮ᠃ ᠤᠯᠠᠨ ᠢᠶᠠᠷ ᠢᠶᠠᠨ᠂ ᠬᠤᠶᠢᠰᠢᠳᠠ ᠶᠢᠨ ᠠᠵᠢᠯ ᠤᠨ ᠳᠤᠮᠳᠠ ᠪᠠᠨ ᠨᠢᠭᠤᠴᠠ ᠶᠢ ᠬᠠᠮᠠᠭᠠᠯᠠᠬᠤ ᠠᠵᠢᠯ ᠢ  ᠤᠯᠤᠰ ᠲᠦᠷᠦ ᠶᠢᠨ ᠴᠢᠬᠤᠯᠠ ᠡᠭᠦᠷᠭᠡ᠂ ᠴᠢᠬᠤᠯᠠ ᠶᠡᠭᠡ ᠰᠠᠬᠢᠯᠭ᠎ᠠ ᠪᠠᠲᠤ ᠶᠢᠨ ᠱᠠᠭᠠᠷᠳᠠᠯᠭ᠎ᠠ ᠪᠣᠯᠭᠠᠵᠤ᠂ ᠨᠢᠭᠤᠴᠠ ᠶᠢ ᠬᠠᠮᠠᠭᠠᠯᠠᠬᠤ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠮᠰᠠᠷ ᠠᠴᠠ ᠪᠠᠨ ᠴᠢᠩᠭ᠎ᠠ ᠵᠢᠷᠤᠮᠯᠠᠨ ᠠᠵᠢᠯᠯᠠᠵᠤ᠂ ᠨᠢᠭᠤᠴᠠ ᠶᠢ ᠬᠤᠯᠠᠭᠠᠶᠢᠯᠠᠵᠤ ᠨᠢᠭᠤᠴᠠ ᠶᠢ ᠵᠠᠳᠠᠷᠠᠭᠤᠯᠬᠤ ᠬᠡᠷᠡᠭ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ ᠭᠡᠵᠦ ᠢᠯᠡᠳᠬᠡᠵᠡᠭᠡᠪᠡ᠃
 
ᠢᠷᠡᠯᠲᠡ᠄ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号