| 4 ᠰᠠᠷ᠎ᠠ ᠶᠢᠨ 12 ᠤᠨ ᠡᠳᠦᠷ᠂ ᠳᠦᠭᠦᠷᠡᠩ ᠠᠴᠢᠶᠠᠨ ᠤ ᠮᠠᠰᠢᠨ ᠲᠡᠷᠭᠡ᠂ ᠮᠠᠰᠢᠨ ᠲᠡᠷᠭᠡᠨ ᠤ ᠰᠡᠯᠪᠢᠭ | ᠲᠣᠨᠤᠭ ᠳᠡᠭᠡᠭᠡᠪᠣᠷᠢᠯᠡᠭᠰᠡᠨ ︽ᠾᠧᠹᠧᠢ ᠶᠢᠨ ᠵᠢᠰᠢᠶᠠᠨ ᠤ ᠭᠠᠯᠲᠤ ᠲᠡᠷᠭᠡ︾ ᠡᠷᠢᠶᠡᠨ ᠬᠤᠲᠠ ᠶᠢᠨ ᠪᠣᠭᠤᠮᠲᠠ ᠳᠤ | ᠬᠦᠷᠴᠦ ᠢᠷᠡᠪᠡ᠃ ᠲᠤᠰ ᠡᠭᠡᠯᠵᠢ ᠶᠢᠨ ᠭᠠᠯᠲᠤ ᠲᠡᠷᠭᠡᠨ ᠳᠤ 50 ᠪᠠᠷᠢᠮᠵᠢᠶᠠᠲᠤ ᠴᠢᠩᠭᠡᠯᠢᠭ ᠢ ᠠᠴᠢᠵᠤ᠂ | ᠪᠠᠷᠠᠭᠠᠨ ᠤ ᠬᠦᠨᠳᠦ ᠨᠢ 246.13 ᠲᠣᠨ᠂ ᠪᠠᠷᠠᠭᠠᠨ ᠤ ᠥᠷᠲᠡᠭ ᠨᠢ 1716.45 ᠲᠦᠮᠡᠨ ᠲᠥᠭᠦᠷᠢᠭ ᠲᠤ | ᠬᠦᠷᠴᠡᠢ᠃ ᠲᠤᠰ ᠡᠭᠡᠯᠵᠢ ᠶᠢᠨ ᠵᠢᠰᠢᠶᠠᠨ ᠤ ᠭᠠᠯᠲᠤ ᠲᠡᠷᠭᠡ ᠶᠢᠨ ᠨᠡᠪᠲᠡᠷᠡᠭᠰᠡᠨ ᠨᠢ ᠡᠨᠡ ᠵᠢᠯ ᠡᠷᠢᠶᠡᠨ ᠬᠤᠳᠠ ᠶᠢᠨ | ᠪᠣᠭᠤᠮᠲᠠ ᠪᠠᠷ ᠬᠢᠯᠢ ᠪᠠᠷ ᠣᠷᠣᠵᠤ ᠭᠠᠷᠬᠤ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ | ᠪᠠᠷᠠᠭᠠᠨ ᠤ ᠦᠷᠳᠡᠭ 110 ᠳ᠋ᠦᠩᠰᠢᠭᠤᠷ ᠲᠥᠭᠦᠷᠢᠭ ᠢ ᠳᠠᠪᠠᠭᠰᠠᠨ ᠢ ᠬᠠᠷᠠᠭᠤᠯᠵᠤ ᠪᠠᠶᠢᠬᠤ ᠪᠥᠭᠡᠳ ᠲᠤᠰ | ᠪᠣᠭᠤᠮᠲᠠ ᠶᠢᠨ ᠬᠢᠯᠢ ᠪᠠᠷ ᠣᠷᠣᠵᠤ ᠭᠠᠷᠬᠤ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ | ᠪᠠᠷᠠᠭᠠᠨ ᠤ ᠦᠷᠳᠡᠭ ᠵᠢᠷᠭᠤᠭᠠᠨ ᠵᠢᠯ ᠳᠠᠷᠠᠭᠠᠯᠠᠨ ᠵᠠᠭᠤᠨ ᠳ᠋ᠦᠩᠰᠢᠭᠤᠷ ᠲᠥᠭᠦᠷᠢᠭ ᠤᠨ ᠪᠣᠭᠤᠮᠲᠠ ᠶᠢ ᠳᠠᠪᠠᠭᠰᠠᠨ ᠢ | ᠬᠠᠷᠠᠭᠤᠯᠵᠤ ᠪᠠᠶᠢᠨ᠎ᠠ᠃ | | | | | ᠡᠨᠡ ᠵᠢᠯ ᠤᠨ 4 ᠰᠠᠷ᠎ᠠ ᠶᠢᠨ 12 ᠤᠨ ᠡᠳᠦᠷ ᠪᠣᠯᠲᠠᠯ᠎ᠠ᠂ ᠡᠷᠢᠶᠡᠨ ᠪᠣᠭᠤᠮᠲᠠ ᠶᠢᠨ ᠬᠢᠨ 810 ᠣᠳᠠᠭᠠᠨ ᠤ | ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ᠂ 84000 ᠪᠠᠷᠢᠮᠵᠢᠶᠠᠲᠤ ᠠᠪᠳᠠᠷ᠎ᠠ ᠶᠢ ᠬᠢᠨᠠᠨ | ᠬᠠᠮᠢᠶᠠᠷᠴᠤ᠂ ᠪᠠᠷᠠᠭᠠᠨ ᠤ ᠬᠦᠨᠳᠦ ᠨᠢ 75.53 ᠲᠦᠮᠡᠨ ᠲᠣᠨ ᠳᠤ ᠬᠦᠷᠴᠦ᠂ ᠪᠠᠷᠠᠭᠠᠨ ᠤ ᠦᠷᠳᠡᠭ ᠨᠢ 110. | 67 ᠳ᠋ᠦᠩᠰᠢᠭᠤᠷ ᠲᠥᠭᠦᠷᠢᠭ ᠲᠤ ᠬᠦᠷᠴᠡᠢ᠃ ᠣᠳᠣᠬᠠᠨ ᠳᠤ᠂ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ | ᠲᠡᠷᠭᠡ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭᠠᠨ ᠤ ᠲᠦᠷᠦᠯ ᠵᠦᠢᠯ ᠲᠠᠰᠤᠷᠠᠯᠲᠠ | ᠦᠭᠡᠢ ᠪᠠᠶᠠᠯᠢᠭᠵᠢᠵᠤ᠂ ᠮᠣᠳᠣᠨ ᠡᠭᠡᠳᠡᠩ ᠤᠨ ᠬᠠᠪᠲᠠᠰᠤ᠂ ᠡᠳᠦᠷ ᠳᠤᠳᠤᠮ ᠤᠨ ᠬᠡᠷᠡᠭᠯᠡᠭᠡᠨ ᠤ ᠪᠦᠷᠢᠨ ᠪᠠᠷᠠᠭ᠎ᠠ᠂ | ᠭᠡᠷ ᠤᠨ ᠴᠠᠬᠢᠯᠭᠠᠨ ᠬᠡᠷᠡᠭᠰᠡᠯ ᠠᠴᠠ ᠮᠠᠰᠢᠨ ᠲᠡᠷᠭᠡᠨ ᠤ ᠰᠡᠯᠪᠢᠭ ᠲᠤᠨᠤᠭ᠂ ᠬᠢᠵᠢᠭ ᠢ ᠰᠡᠷᠭᠡᠶᠢᠯᠡᠬᠦ ᠡᠳ᠋ ᠪᠣᠳᠠᠰ᠂ | ᠡᠮᠴᠢᠯᠡᠭᠡᠨ ᠤ ᠪᠠᠭᠠᠵᠢ ᠬᠡᠷᠡᠭᠰᠡᠯ᠂ ᠲᠣᠭᠠᠴᠢᠯᠠᠭᠰᠠᠨ ᠦᠢᠯᠡᠳᠬᠦᠨ ᠵᠡᠷᠭᠡ ᠬᠦᠷᠲᠡᠯ᠎ᠡ ᠵᠠᠭᠤ ᠭᠠᠷᠤᠢ ᠵᠦᠢᠯ ᠤᠨ | ᠪᠠᠷᠠᠭ᠎ᠠ ᠳᠤ ᠬᠦᠷᠴᠡᠢ᠃ | ᠡᠭᠡᠯᠵᠢ ᠶᠢᠨ ᠭᠠᠯᠲᠤ ᠲᠡᠷᠭᠡ ᠶᠢᠨ ᠪᠣᠭᠤᠮᠲᠠ ᠪᠠᠷ ᠥᠩᠭᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ | ᠳᠣᠯᠠᠳᠠ᠂ ᠡᠷᠢᠶᠡᠨ ᠪᠣᠭᠤᠮᠲᠠ ᠶᠢᠨ ᠬᠢᠨ ᠡᠭᠡᠯᠵᠢ ᠶᠢᠨ ᠭᠠᠯᠲᠤ ᠲᠡᠷᠭᠡ ᠶᠢ ᠪᠣᠭᠤᠮᠲᠠ ᠰᠣᠯᠢᠬᠤ ᠲᠤᠬᠠᠶᠢᠯᠠᠭᠰᠠᠨ | ᠠᠵᠢᠯ ᠤᠨ ᠰᠢᠨ᠎ᠡ ᠵᠠᠭᠪᠤᠷ ᠢ ᠬᠡᠷᠡᠭᠯᠡᠨ᠂ H2010 ᠰᠢᠰᠲ᠋ᠧᠮ ᠤᠨ ᠭᠠᠳᠠᠭᠠᠳᠤ ᠠᠴᠠ ᠣᠷᠣᠭᠤᠯᠵᠤ ᠪᠣᠭᠤᠮᠲᠠ | ᠰᠣᠯᠢᠬᠤ ᠠᠦ᠋ᠲ᠋ᠣ᠋ ᠬᠢᠨᠠᠨ ᠬᠠᠷᠭᠤᠭᠤᠯᠤᠯᠲᠠ᠂ ᠭᠠᠳᠠᠭᠠᠳᠤ ᠳᠤ ᠭᠠᠷᠭᠠᠵᠤ ᠪᠣᠭᠤᠮᠲᠠ ᠰᠣᠯᠢᠬᠤ ᠠᠦ᠋ᠲ᠋ᠣ᠋ ᠬᠢᠨᠠᠨ | ᠬᠠᠷᠭᠤᠭᠤᠯᠤᠯᠲᠠ ᠶᠢᠨ ᠴᠢᠳᠠᠮᠵᠢ ᠶᠢ ᠡᠬᠢᠯᠡᠭᠦᠯᠵᠦ᠂ ᠭᠠᠳᠠᠭᠠᠳᠤ ᠠᠴᠠ ᠣᠷᠣᠭᠤᠯᠵᠤ ᠪᠣᠭᠤᠮᠲᠠ ᠰᠣᠯᠢᠬᠤ | ᠡᠭᠡᠯᠵᠢ ᠶᠢᠨ ᠭᠠᠯᠲᠤ ᠲᠡᠷᠭᠡ ᠳᠤ ᠨᠢᠭᠡ ᠣᠳᠠᠭ᠎ᠠ ᠶᠢᠨ ᠭᠠᠷ ᠭᠦᠢᠴᠡᠳᠬᠡᠯ ᠢ ᠪᠠᠭᠠᠰᠬᠠᠵᠤ᠂ ᠭᠠᠳᠠᠭᠠᠳᠤ ᠳᠤ | ᠭᠠᠷᠭᠠᠵᠤ ᠪᠣᠭᠤᠮᠲᠠ ᠰᠣᠯᠢᠬᠤ ᠡᠭᠡᠯᠵᠢ ᠶᠢᠨ ᠭᠠᠯᠲᠤ ᠲᠡᠷᠭᠡ ᠶᠢ ᠲᠡᠭᠡᠭᠡᠪᠦᠷᠢᠯᠡᠨ ᠬᠦᠷᠭᠡᠭᠰᠡᠨ ᠤ ᠳᠠᠷᠠᠭ᠎ᠠ ᠲᠡᠮᠦᠷ | ᠵᠠᠮ ᠢ ᠰᠢᠭᠤᠳ ᠵᠠᠪᠰᠠᠷ ᠦᠭᠡᠢ ᠵᠣᠯᠭᠠᠭᠤᠯᠤᠨ ᠵᠣᠬᠢᠶᠠᠨ ᠪᠠᠶᠢᠭᠤᠯᠵᠤ᠂ ᠭᠠᠳᠠᠭᠰᠢ ᠭᠠᠷᠭᠠᠵᠤ ᠲᠤᠰᠢᠶᠠᠨ᠎ᠠ᠃ | ᠪᠦᠷᠢᠳᠬᠡᠯ ᠢ ᠦᠨᠳᠦᠰᠦᠯᠡᠪᠡᠯ᠂ ᠭᠠᠳᠠᠭᠠᠳᠤ ᠳᠤ ᠭᠠᠷᠭᠠᠬᠤ ᠪᠣᠭᠤᠮᠲᠠ ᠶᠢ ᠰᠢᠯᠵᠢᠭᠦᠯᠬᠦ ᠰᠢᠨ᠎ᠡ ᠵᠠᠭᠪᠤᠷ ᠢ ᠬᠡᠷᠡᠭᠯᠡᠨ | ᠪᠣᠭᠤᠮᠲᠠ ᠪᠠᠷ ᠥᠩᠭᠡᠷᠡᠬᠦ ᠭᠠᠷ ᠭᠦᠢᠴᠡᠳᠬᠡᠯ ᠬᠢᠵᠦ ᠪᠠᠶᠢᠭ᠎ᠠ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ | ᠲᠡᠷᠭᠡ ᠨᠢ ᠬᠢᠯᠢ ᠠᠴᠠ ᠭᠠᠷᠬᠤ ᠪᠥᠬᠦ ᠵᠢᠰᠢᠶᠠᠨ ᠤ ᠭᠠᠯᠲᠤ ᠲᠡᠷᠭᠡ ᠶᠢᠨ 80 % ᠠᠴᠠ ᠳᠡᠭᠡᠭᠰᠢᠬᠢ ᠶᠢ ᠡᠵᠡᠯᠡᠵᠦ | ᠪᠠᠶᠢᠨ᠎ᠠ᠃ ᠲᠣᠰ ᠠᠷᠭ᠎ᠠ ᠬᠡᠮᠵᠢᠶ᠎ᠡ ᠶᠢ ᠬᠡᠷᠡᠭᠵᠢᠭᠦᠯᠦᠭᠰᠡᠨ ᠤ ᠳᠠᠷᠠᠭ᠎ᠠ᠂ ᠵᠢᠰᠢᠶᠠᠨ ᠤ ᠭᠠᠯᠲᠤ ᠲᠡᠷᠭᠡ ᠶᠢᠨ | ᠪᠣᠭᠤᠮᠲᠠ ᠪᠠᠷ ᠥᠩᠭᠡᠷᠡᠬᠦ ᠴᠠᠭ ᠢ ᠶᠡᠷᠦᠩᠬᠡᠢ ᠳᠤᠨᠢ 70 % ᠠᠴᠠ ᠳᠡᠭᠡᠭᠰᠢ ᠪᠠᠭᠠᠰᠬᠠᠵᠤ ᠪᠣᠯᠣᠨ᠎ᠠ᠃ | ᠡᠨᠡ ᠵᠢᠯ ᠠᠴᠠ ᠨᠠᠰᠢ᠂ ᠡᠷᠢᠶᠡᠨ ᠪᠣᠭᠤᠮᠲᠠ ᠶᠢᠨ ᠬᠢᠨ ᠵᠢᠰᠢᠶᠠᠨ ᠤ ᠭᠠᠯᠲᠤ ᠲᠡᠷᠭᠡ ᠶᠢᠨ ᠠᠶᠠᠯᠠᠯ ᠤᠨ | ᠬᠢᠵᠢᠭ ᠤᠨ ᠪᠠᠶᠢᠳᠠᠯ ᠤᠨ ᠲᠦᠭᠰᠢᠭᠦᠷᠢ ᠶᠢ ᠴᠠᠭ ᠲᠤᠬᠠᠢ ᠳᠤᠨᠢ ᠡᠮᠬᠢᠯᠡᠨ ᠪᠠᠶᠢᠴᠠᠭᠠᠵᠤ᠂ ᠵᠢᠰᠢᠶᠠᠨ ᠤ ᠭᠠᠯᠲᠤ | ᠲᠡᠷᠭᠡ ᠶᠢᠨ ᠪᠠᠷᠠᠭᠠᠨ ᠤ ᠪᠣᠭᠤᠮᠲᠠ ᠶᠢᠨ ᠪᠠᠶᠢᠴᠠᠭᠠᠨ ᠰᠢᠯᠭᠠᠬᠤ ᠲᠦᠭᠰᠢᠭᠦᠷᠢ ᠶᠢᠨ ᠴᠢᠭ ᠲᠤ ᠰᠢᠨᠵᠢᠯᠡᠬᠦ | ᠤᠬᠠᠭᠠᠨᠴᠢ ᠪᠠᠷ ᠵᠠᠳᠠᠯᠤᠯᠲᠠ ᠬᠢᠵᠦ᠂ ᠲᠡᠮᠦᠷ ᠵᠠᠮ ᠤᠨ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠲᠥᠰᠥᠯ ᠢ ᠲᠣᠭᠲᠠᠭᠠᠭᠰᠠᠨ ᠤ ᠬᠠᠮᠲᠤ ᠵᠢᠰᠢᠶᠠᠨ ᠤ ᠭᠠᠯᠲᠤ ᠲᠡᠷᠭᠡ ᠶᠢᠨ ᠬᠢᠯᠢ ᠪᠠᠷ ᠣᠷᠣᠭᠤᠯᠬᠤ | ᠪᠠᠷᠠᠭᠠᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ H986 ᠮᠠᠰᠢᠨ ᠲᠡᠷᠭᠡ ᠶᠢᠨ ᠬᠢᠨᠠᠨ ᠪᠠᠶᠢᠴᠠᠭᠠᠬᠤ | ᠵᠢᠷᠤᠭ᠂ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ ᠡᠷᠴᠢᠮ ᠵᠢᠴᠢ ᠭᠠᠳᠠᠭᠠᠳᠤ ᠠᠴᠠ ᠣᠷᠣᠭᠤᠯᠬᠤ ᠪᠣᠭᠤᠮᠲᠠ ᠳᠤ | ᠰᠢᠯᠵᠢᠭᠦᠯᠬᠦ ᠪᠠᠷᠠᠭᠠᠨ ᠤ ᠰᠢᠰᠲ᠋ᠧᠮ ᠤᠨ ᠬᠢᠨᠠᠨ ᠪᠠᠶᠢᠴᠠᠭᠠᠯᠲᠠ ᠶᠢ ᠴᠢᠩᠭᠠᠳᠬᠠᠵᠤ᠂ ᠵᠢᠰᠢᠶᠠᠨ ᠤ ᠭᠠᠯᠲᠤ | ᠲᠡᠷᠭᠡ ᠶᠢᠨ ᠰᠠᠭᠠᠳ ᠦᠭᠡᠢ ᠨᠡᠪᠲᠡᠷᠡᠬᠦ ᠶᠢ ᠪᠦᠲᠦᠮᠵᠢᠲᠡᠢ ᠪᠠᠲᠤᠯᠠᠪᠠ᠃ | | |