ᠰᠢ ᠶᠢᠨ ᠫᠢᠩ ᠬᠠᠶᠢᠨᠠᠨ ᠳᠤ ᠰᠢᠨᠵᠢᠯᠡᠨ ᠪᠠᠶᠢᠴᠠᠭᠠᠬᠤ ᠳᠠᠭᠠᠨ ᠦᠵᠡᠯ ᠰᠠᠨᠠᠭ᠎ᠠ ᠪᠠᠨ ᠴᠢᠯᠥᠭᠡᠯᠡᠵᠦ ᠵᠠᠮ ᠨᠡᠭᠡᠭᠡᠨ ᠰᠢᠨ᠎ᠡ ᠶᠢ ᠡᠭᠦᠳᠴᠦ ᠪᠦᠯᠬᠦᠮᠳᠡᠨ ᠲᠡᠮᠡᠴᠡᠵᠦ ᠬᠦᠴᠢᠷ ᠢ ᠲᠤᠭᠤᠯᠤᠨ ᠪᠡᠷᠬᠡ ᠶᠢ ᠳᠠᠪᠠᠵᠤ ᠳᠡᠯᠡᠬᠡᠢ ᠳ᠋ᠠᠬᠢᠨ ᠳᠤ ᠨᠥᠯᠥᠭᠡᠯᠡᠬᠦ ᠬᠦᠴᠦᠨ ᠪᠦᠬᠦᠢ ᠳᠤᠮᠳᠠᠳᠤ ᠤᠯᠤᠰ ᠤᠨ ᠣᠨᠴᠠᠯᠢᠭ ᠲᠠᠢ ᠴᠢᠯᠥᠭᠡᠲᠦ ᠠᠷᠠᠯᠵᠢᠶᠠᠨ ᠤ ᠭᠠᠷᠠᠮ ᠢ ᠲᠦᠷᠭᠡᠳᠭᠡᠨ ᠪᠦᠲᠦᠬᠡᠨ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ
ᠨᠡᠶᠢᠲᠡᠯᠡᠭᠰᠡᠨ ᠴᠠᠭ᠄
2022/4/15
     4 ᠰᠠᠷ᠎ᠠ ᠶᠢᠨ 10 ᠠᠴᠠ 13 ᠤ ᠡᠳᠦᠷ ᠪᠣᠯᠲᠠᠯ᠎ᠠ᠂ ᠨᠠᠮ ᠤᠨ ᠲᠥᠪ ᠬᠤᠷᠢᠶᠠᠨ ᠤ ᠶᠡᠷᠦᠩᠬᠡᠶ ᠱᠦᠵᠢ᠂ ᠤᠯᠣᠰ  ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠬᠠᠶᠢᠨᠠᠨ ᠳᠤ ᠰᠢᠨᠵᠢᠯᠡᠨ ᠪᠠᠶᠢᠴᠠᠭᠠᠪᠠ᠃ ᠵᠢᠷᠤᠭ ᠪᠣᠯ 11 ᠤ ᠦᠳᠡ ᠶᠢᠨ ᠬᠤᠶᠢᠨ᠎ᠠ᠂ ᠰᠢ ᠶᠢᠨ ᠫᠢᠩ ᠦ᠋ ᡁᠢ ᠱᠠᠨ ᠬᠤᠳᠠ ᠶᠢᠨ ᠱᠦᠢᠮᠠᠨ ᠰᠢᠶᠠᠩ ᠤᠨ ᠮᠤᠤᠨᠠ ᠲᠣᠰᠬᠤᠨ ᠳᠤ ᠲᠤᠬᠠᠢ ᠶᠢᠨ ᠭᠠᠵᠠᠷ ᠤᠨ ᠺᠠᠳ᠋ᠷ ᠤᠯᠠᠨ ᠲᠦᠮᠡᠨ ᠲᠠᠢ ᠳᠣᠲᠣᠨᠣ ᠪᠠᠷ ᠶᠠᠷᠢᠯᠴᠠᠵᠤ ᠪᠠᠶᠢᠭ᠎ᠠ ᠨᠢ᠃
     ᠰᠢᠨᠬᠤᠸᠠ ᠬᠤᠷᠢᠶᠠᠨ ᠤ ᠰᠤᠷᠪᠤᠯᠵᠢᠯᠠᠭᠴᠢ ᠯᠢ ᠰᠢᠤᠸᠠᠢ ᠷᠧᠨ ᠰᠡᠭᠦᠳᠡᠷᠯᠡᠪᠡ      4 ᠰᠠᠷ᠎ᠠ ᠶᠢᠨ 10 ᠠᠴᠠ 13 ᠤ ᠡᠳᠦᠷ ᠪᠣᠯᠲᠠᠯ᠎ᠠ᠂ ᠨᠠᠮ ᠤᠨ ᠲᠥᠪ ᠬᠤᠷᠢᠶᠠᠨ ᠤ ᠶᠡᠷᠦᠩᠬᠡᠶ ᠱᠦᠵᠢ᠂ ᠤᠯᠣᠰ  ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠬᠠᠶᠢᠨᠠᠨ ᠳᠤ ᠰᠢᠨᠵᠢᠯᠡᠨ ᠪᠠᠶᠢᠴᠠᠭᠠᠪᠠ᠃ ᠵᠢᠷᠤᠭ ᠪᠣᠯ 12 ᠤᠨ ᠦᠳᠡ ᠶᠢᠨ ᠡᠮᠦᠨ᠎ᠡ᠂ ᠰᠢ ᠶᠢᠨ ᠫᠢᠩ ᠶᠠᠩᠫᠦ᠋ ᠤᠯᠠᠨ ᠤᠯᠤᠰ ᠤᠨ ᠴᠢᠩᠭᠡᠯᠢᠭ ᠤᠨ ᠤᠯᠤᠮ ᠤᠨ ᠰᠢᠶᠤᠤ ᠴᠠᠨ ᠲᠠᠨ ᠭᠠᠷᠠᠮ ᠤᠨ ᠲᠣᠭᠤᠷᠢᠭ ᠲᠤ ᠲᠤᠬᠠᠢ ᠶᠢᠨ ᠲᠠᠯᠠᠪᠠᠢ ᠳᠠᠬᠢ ᠠᠵᠢᠯᠲᠡᠨ᠂ ᠲᠦᠷ ᠴᠠᠭ ᠲᠤᠰᠢᠶᠠᠯ ᠡᠭᠦᠷᠭᠡᠯᠡᠵᠦ ᠪᠠᠶᠢᠭ᠎ᠠ ᠺᠠᠳ᠋ᠷ ᠤᠨ ᠲᠥᠯᠥᠭᠡᠯᠡᠭᠴᠢ ᠨᠠᠷ ᠲᠠᠢ ᠳᠣᠲᠣᠨᠣ ᠪᠠᠷ ᠶᠠᠷᠢᠯᠴᠠᠵᠤ ᠪᠠᠶᠢᠭ᠎ᠠ ᠨᠢ᠃
     ᠰᠢᠨᠬᠤᠸᠠ ᠬᠤᠷᠢᠶᠠᠨ ᠤ ᠰᠤᠷᠪᠤᠯᠵᠢᠯᠠᠭᠴᠢ ᠶᠠᠨ ᠶᠠᠨ ᠰᠡᠭᠦᠳᠡᠷᠯᠡᠪᠡ      ᠰᠢᠨᠬᠤᠸᠠ ᠬᠤᠷᠢᠶᠠᠨ ᠤ ᠬᠠᠶᠢᠺᠸᠤ ᠶᠢᠨ 4 ᠰᠠᠷ᠎ᠠ ᠶᠢᠨ 13 ᠤ ᠴᠠᠬᠢᠯᠭᠠᠨ ᠮᠡᠳᠡᠭᠡ  ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ  ᠶᠢᠨ ᠫᠢᠩ ᠤᠢᠢᠷ᠎ᠠ ᠶᠢᠨ ᠡᠳᠦᠷ ᠬᠠᠶᠢᠨᠠᠨ ᠳᠤ ᠰᠢᠨᠵᠢᠯᠡᠨ ᠪᠠᠶᠢᠴᠠᠭᠠᠬᠤ ᠳᠠᠭᠠᠨ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠦᠪ ᠣᠨᠣᠪᠴᠢᠲᠠᠶ᠂ ᠪᠦᠬᠦ ᠲᠠᠯ᠎ᠠ ᠪᠠᠷ ᠲᠤᠭᠤᠰᠢᠯᠠᠭᠤᠯᠵᠤ᠂ ᠥᠭᠡᠷᠡᠴᠢᠯᠡᠯᠲᠡ ᠨᠡᠭᠡᠭᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠶᠢ ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠵᠦ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠵᠢᠭᠦᠯᠵᠦ᠂ ᠦᠵᠡᠯ ᠰᠠᠨᠠᠭ᠎ᠠ ᠪᠠᠨ ᠴᠢᠯᠥᠭᠡᠯᠡᠵᠦ᠂ ᠵᠡᠮ ᠨᠡᠭᠡᠭᠡᠨ ᠰᠢᠨ᠎ᠡ ᠶᠢ ᠡᠭᠦᠳᠴᠦ᠂ ᠪᠦᠯᠬᠦᠮᠳᠡᠨ ᠲᠡᠮᠡᠴᠡᠵᠦ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠳᠡᠯᠡᠬᠡᠢ ᠳ᠋ᠠᠬᠢᠨ ᠳᠤ ᠨᠥᠯᠥᠭᠡᠯᠡᠬᠦ ᠬᠦᠴᠦᠨ ᠪᠦᠬᠦᠢ ᠳᠤᠮᠳᠠᠳᠤ ᠤᠯᠤᠰ ᠤᠨ ᠣᠨᠴᠠᠯᠢᠭ ᠲᠠᠢ ᠴᠢᠯᠥᠭᠡᠲᠦ ᠠᠷᠠᠯᠵᠢᠶᠠᠨ ᠤ ᠭᠠᠷᠠᠮ ᠢ ᠲᠦᠷᠭᠡᠳᠭᠡᠨ ᠪᠦᠲᠦᠬᠡᠨ ᠪᠠᠶᠢᠭᠤᠯᠵᠤ᠂ ᠬᠠᠶᠢᠨᠠᠨ ᠢ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠥᠭᠡᠷᠡᠴᠢᠯᠡᠯᠲᠡ ᠨᠡᠭᠡᠭᠡᠯᠲᠡ ᠶᠢᠨ ᠦᠯᠢᠭᠡᠷ ᠵᠢᠱᠢᠶ᠎ᠡ ᠪᠣᠯᠭᠠᠵᠤ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠵᠦ ᠴᠢᠬᠤᠯᠠᠴᠢᠯᠠᠵᠠᠢ᠃      4 ᠰᠠᠷ᠎ᠠ ᠶᠢᠨ 10 ᠠᠴᠠ 13 ᠤ ᠡᠳᠦᠷ ᠪᠣᠯᠲᠠᠯ᠎ᠠ᠂ ᠰᠢ ᠶᠢᠨ ᠫᠢᠩ ᠬᠠᠶᠢᠨᠠᠨ ᠮᠤᠵᠢ ᠶᠢᠨ ᠨᠠᠮ ᠤᠨ ᠬᠤᠷᠢᠶᠠᠨ ᠤ ᠱᠦᠵᠢ ᠱᠧᠨ ᠰᠢᠶᠤᠤ ᠮᠢᠩ᠂ ᠮᠤᠵᠢ ᠶᠢᠨ ᠳᠠᠷᠤᠭ᠎ᠠ ᠹᠧᠩ ᠹᠸᠢ ᠶᠢᠨ ᠪᠠᠷ᠎ᠠ ᠪᠣᠯᠣᠯᠭ᠎ᠠ ᠲᠠᠢ ᠪᠠᠷ ᠤᠷᠢᠳ ᠬᠤᠵᠢᠳ ᠰᠠᠨᠶᠠ ᠂ ᠦ᠋ ᡁᠢ ᠱᠠᠨ᠂ ᠳ᠋ᠠᠨᠵᠸᠦ ᠵᠡᠷᠭᠡ ᠭᠠᠵᠠᠷ ᠲᠤ ᠬᠦᠷᠴᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠨᠢᠭᠡᠴᠢ᠂ ᠤᠯᠤᠰ ᠤᠨ ᠴᠡᠴᠡᠷᠯᠢᠭ᠂ ᠯᠢ ᠦᠨᠳᠦᠰᠦᠲᠡᠨ ᠤ ᠲᠣᠰᠬᠤᠨ᠂ ᠭᠠᠷᠠᠮ ᠤᠯᠤᠮ ᠵᠡᠷᠭᠡ ᠳᠤ ᠭᠦᠨᠵᠡᠭᠡᠶᠢᠷᠡᠵᠦ ᠪᠠᠶᠢᠴᠠᠭᠠᠨ ᠰᠤᠳᠤᠯᠪᠠ᠃      10 ᠤ ᠦᠳᠡ ᠶᠢᠨ ᠬᠤᠶᠢᠨ᠎ᠠ᠂ ᠰᠢ ᠶᠢᠨ ᠫᠢᠩ ᠡᠩ ᠲᠡᠷᠢᠭᠦᠨ ᠳᠤ ᠰᠠᠨᠶᠠ ᠬᠤᠳᠠ ᠶᠢᠨ ᠶᠠ ᠵᠧᠦ ᠸᠠᠨ ᠪᠤᠯᠤᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠳᠠ ᠳᠤ ᠪᠠᠶᠢᠷᠢᠯᠠᠭ᠎ᠠ ᠶᠠ ᠵᠧᠦ ᠸᠠᠨ ᠪᠤᠯᠤᠩ ᠤᠨ ᠦᠷ᠎ᠡ ᠶᠢᠨ ᠲᠤᠷᠰᠢᠯᠲᠠ ᠶᠢᠨ ᠲᠠᠰᠤᠭ ᠲᠤ ᠬᠦᠷᠴᠦ ᠰᠢᠨᠵᠢᠯᠡᠨ ᠪᠠᠶᠢᠴᠠᠭᠠᠪᠠ᠃ ᠰᠢ ᠶᠢᠨ ᠫᠢᠩ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠳᠠ ᠶᠢᠨ ᠲᠥᠯᠥᠪᠵᠢᠭᠦᠯᠭᠡ ᠪᠦᠳᠦᠭᠡᠨ ᠪᠠᠶᠢᠭᠤᠯᠤᠯᠲᠠ ᠪᠠ ᠲᠤᠷᠰᠢᠯᠲᠠ ᠶᠢᠨ ᠲᠠᠰᠤᠭ ᠤᠨ ᠶᠡᠷᠦᠩᠬᠡᠢ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠴᠤ᠂ ᠲᠤᠷᠰᠢᠯᠲᠠ ᠶᠢᠨ ᠲᠠᠰᠤᠭ ᠤᠨ ᠲᠠᠪᠴᠠᠩ ᠪᠠᠶᠢᠭᠤᠯᠵᠤ ᠦᠷ᠎ᠡ ᠶᠢᠨ ᠦᠢᠯᠡᠰ ᠤᠨ ᠰᠢᠨ᠎ᠡ ᠶᠢ ᠡᠭᠦᠳᠬᠦ ᠶᠢ ᠳᠡᠮᠵᠢᠭᠰᠡᠨ ᠦᠷ᠎ᠡ ᠪᠦᠲᠦᠭᠡᠯ ᠤᠨ ᠦᠵᠡᠭᠦᠯᠭᠡ ᠶᠢ ᠪᠠᠶᠢᠴᠠᠭᠠᠨ ᠦᠵᠡᠵᠦ ᠂ ᠬᠠᠶᠢᠨᠠᠨ ᠮᠤᠵᠢ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠵᠠᠭᠪᠤᠷ ᠢ ᠬᠠᠶᠢᠨ ᠰᠦᠪᠡᠭᠴᠢᠯᠡᠵᠦ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠨ ᠲᠤᠯᠭᠠᠭᠤᠷᠢᠯᠠᠵᠦ ᠪᠠᠶᠢᠭ᠎ᠠ ᠠᠷᠭ᠎ᠠ ᠬᠢᠳᠡᠯ ᠢ ᠨᠤᠲᠠᠯᠠᠵᠤ ᠪᠠᠶᠢᠬᠤ ᠪᠠᠨ ᠢᠯᠡᠳᠭᠡᠪᠡ᠃ ᠰᠢ ᠶᠢᠨ ᠫᠢᠩ ᠤᠷᠢᠳ ᠬᠤᠵᠢᠳ ᠲᠤᠮᠤ ᠬᠡᠯᠪᠡᠷᠢ ᠶᠢᠨ ᠬᠡᠮᠵᠢᠭᠦᠷᠯᠢᠭ ᠤᠨ ᠤᠯᠠᠨ ᠨᠡᠶᠢᠲᠡ ᠶᠢᠨ ᠦᠢᠯᠡᠴᠢᠯᠡᠭᠡᠨ ᠤ ᠲᠥᠪ᠂ ᠨᠠᠷᠢᠯᠢᠭ ᠣᠨᠣᠴᠠᠲᠠᠢ ᠮᠣᠯᠧᠺᠦ᠋ᠯ ᠤᠨ ᠵᠢᠷᠤᠭ ᠲᠥᠯᠥᠪᠯᠡᠭᠡᠨ ᠤ ᠦᠷ᠎ᠡ ᠪᠣᠶᠢᠵᠢᠭᠤᠯᠬᠤ ᠲᠥᠪ ᠲᠤ ᠬᠦᠷᠴᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠲᠠᠢ ᠰᠠᠨᠠᠯ ᠢᠶᠠᠨ ᠭᠦᠨᠵᠡᠭᠡᠢ ᠰᠣᠯᠢᠯᠴᠠᠪᠠ᠃ ᠰᠢ ᠶᠢᠨ ᠫᠢᠩ᠂ ᠳᠤᠮᠳᠠᠳᠤᠴᠤᠳ ᠠᠮᠤ ᠪᠤᠳᠠᠭᠠᠨ ᠤ ᠠᠰᠠᠭᠤᠳᠠᠯ ᠢ ᠦᠪᠡᠷ ᠲᠡᠭᠡᠨ ᠰᠢᠢᠳᠪᠦᠷᠢᠯᠡᠶ᠎ᠠ ᠭᠡᠪᠡᠯ ᠡᠷᠬᠡᠪᠰᠢ ᠦᠷ᠎ᠡ ᠶᠢ ᠭᠠᠷ ᠲᠠᠭᠠᠨ ᠯᠠᠪᠳᠠᠭᠤᠨ ᠠᠳᠬᠤᠬᠤ ᠬᠡᠷᠡᠭᠲᠡᠢ᠃ ᠠᠮᠤ ᠪᠤᠳᠠᠭᠠᠨ ᠤ ᠠᠮᠤᠷ ᠲᠦᠪᠰᠢᠨ ᠪᠠ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢ ᠪᠠᠲᠤᠯᠠᠬᠤ ᠲᠠᠢ ᠤᠶᠠᠯᠳᠤᠭᠤᠯᠵᠦ ᠲᠥᠪᠯᠡᠷᠡᠭᠦᠯᠦᠨ ᠪᠤᠭᠤᠮᠲᠠ ᠰᠢᠪᠲᠤᠯᠵᠤ᠂ ᠦᠷ᠎ᠡ ᠶᠢᠨ ᠦᠢᠯᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠵᠤ ᠥᠪᠡᠷ ᠢ ᠪᠠᠨ ᠬᠦᠴᠦᠷᠬᠡᠭᠵᠢᠭᠦᠯᠬᠦ᠂ ᠦᠷ᠎ᠡ ᠶᠢᠨ ᠢᠷᠡᠯᠳᠡ ᠶᠢ ᠪᠡᠶ᠎ᠡ ᠪᠠᠨ ᠳᠠᠭᠠᠭᠠᠵᠤ ᠡᠵᠡᠮᠳᠡᠬᠦ ᠶᠢ ᠪᠡᠶᠡᠯᠡᠭᠦᠯᠵᠦ᠂ ᠳᠤᠮᠳᠠᠳᠤ ᠤᠯᠤᠰ ᠤᠨ ᠦᠷ᠎ᠡ ᠪᠠᠷ ᠳᠤᠮᠳᠠᠳᠤ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠬᠡᠷᠡᠭᠲᠡᠢ᠃ ᠠᠬᠠᠮᠠᠳ ᠨᠢᠭᠡ ᠦᠶ᠎ᠡ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠤᠨ ᠬᠡᠬᠦᠳᠡᠭ ᠴᠡᠭᠡᠵᠢᠨ ᠳᠡᠭᠡᠨ ᠡᠭᠡ ᠤᠯᠤᠰ ᠢᠶᠠᠨ ᠪᠠᠭᠲᠠᠭᠠᠵᠤ᠂ ᠠᠷᠠᠳ ᠲᠦᠮᠡᠨ ᠳᠤ ᠦᠢᠯᠡᠴᠢᠯᠡᠬᠦ ᠰᠢᠯᠢᠳᠡᠭ ᠵᠠᠩ ᠴᠢᠨᠠᠷ ᠢ ᠵᠠᠯᠭᠠᠮᠵᠢᠯᠠᠨ ᠪᠠᠳᠠᠷᠠᠭᠤᠯᠵᠤ᠂ ᠠᠷᠪᠠᠨ ᠵᠢᠯ ᠰᠢᠷᠭᠠᠭᠤ ᠴᠢᠷᠮᠠᠶᠢᠯᠭ᠎ᠠ ᠭᠠᠷᠭᠠᠬᠤ ᠡᠷᠴᠢ ᠵᠤᠷᠢᠭ ᠢᠶᠠᠷ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠣᠶᠠᠨ ᠤᠷᠬᠢᠯ ᠳᠤ ᠵᠣᠷᠢᠭᠲᠠᠢ ᠪᠠᠷ ᠠᠪᠠᠷᠢᠬᠤ ᠬᠡᠷᠡᠭᠲᠡᠢ ᠭᠡᠵᠦ ᠵᠢᠭᠠᠵᠤ ᠭᠠᠷᠭᠠᠵᠠᠢ᠃      ᠲᠠᠷᠠᠭ᠎ᠠ ᠨᠢ᠂ ᠰᠢ ᠶᠢᠨ ᠫᠢᠩ ᠳᠤᠮᠳᠠᠳᠤ ᠤᠯᠤᠰ ᠤᠨ ᠲᠠᠯᠠᠢ ᠲᠠᠩᠭᠢᠰ ᠤᠨ ᠶᠡᠭᠡ ᠰᠤᠷᠭᠠᠭᠤᠯᠢ ᠶᠢᠨ ᠰᠠᠨᠶᠠ ᠳᠠᠬᠢ ᠲᠠᠯᠠᠢ ᠲᠠᠩᠭᠢᠰ ᠤᠨ ᠰᠤᠳᠤᠯᠭᠠᠨ ᠤ ᠬᠦᠷᠢᠶᠡᠯᠡᠩ ᠳᠤ ᠬᠦᠷᠴᠦ᠂ ᠲᠠᠯᠠᠢ ᠲᠠᠩᠭᠢᠰ ᠢ ᠠᠵᠢᠭᠯᠠᠨ ᠬᠡᠮᠵᠢᠬᠦ ᠲᠥᠬᠦᠭᠡᠷᠦᠮᠵᠢ ᠪᠣᠯᠤᠨ ᠮᠡᠳᠡᠭᠡ ᠵᠠᠩᠭᠢ ᠶᠢᠨ ᠦᠢᠯᠡᠴᠢᠯᠡᠭᠡᠨ ᠤ ᠰᠢᠰᠲ᠋ᠧᠮ ᠢ ᠰᠤᠳᠤᠯᠤᠨ ᠨᠡᠭᠡᠭᠡᠵᠦ ᠬᠡᠷᠡᠭᠯᠡᠭᠰᠡᠨ ᠪᠠᠶᠢᠳᠠᠯ ᠢ ᠣᠶᠢᠯᠠᠭᠠᠵᠤ᠂ ︽ᠭᠦᠨ ᠲᠠᠯᠠᠢ ᠨᠢᠭᠡᠳᠦᠭᠡᠷ ᠨᠡᠷᠡᠮᠵᠢᠳᠤ︾ ᠠᠵᠢᠯᠯᠠᠬᠤ ᠲᠠᠪᠴᠠᠩ ᠲᠠᠢ ᠬᠤᠯᠪᠤᠭ᠎ᠠ ᠠᠪᠤᠪᠠ᠃ ᠡᠮᠦᠨ᠎ᠡ ᠹᠷᠣᠨᠲ ᠤᠨ ᠠᠵᠢᠯᠲᠠᠳ ᠶᠡᠷᠦᠩᠬᠡᠢ ᠱᠦᠵᠢ ᠳᠤ ᠡᠮᠦᠨ᠎ᠡ ᠹᠷᠣᠨᠲ ᠤᠨ ᠠᠵᠢᠯ ᠤᠨ ᠪᠠᠶᠢᠳᠠᠯ ᠢ ᠬᠠᠷᠢᠭᠤ ᠮᠡᠳᠡᠭᠦᠯᠪᠡ᠃ ᠰᠢ ᠶᠢᠨ ᠫᠢᠩ ᠳᠡᠳᠡᠨ ᠳᠤ ᠴᠢᠩ ᠰᠡᠳᠭᠢᠯ ᠤᠨ ᠮᠡᠨᠳᠦᠴᠢᠯᠡᠯ ᠳᠡᠪᠰᠢᠭᠦᠯᠵᠦ᠂ ᠳᠡᠳᠡᠨ ᠢ ᠠᠮᠤᠷ ᠲᠦᠪᠰᠢᠨ ᠢ ᠠᠩᠬᠠᠷᠴᠤ᠂ ᠪᠡᠶ᠎ᠡ ᠪᠠᠨ ᠰᠠᠶᠢᠳᠤᠷ ᠭᠠᠮᠨᠠᠭᠠᠷᠠᠢ ᠭᠡᠵᠦ ᠵᠠᠬᠢᠪᠠ᠃ ᠰᠢ ᠶᠢᠨ ᠫᠢᠩ᠂ ᠲᠠᠯᠠᠢ ᠲᠠᠩᠭᠢᠰ ᠤᠨ ᠬᠦᠴᠦᠷᠬᠡᠭ ᠤᠯᠤᠰ ᠢ ᠪᠦᠳᠦᠭᠡᠨ ᠪᠠᠶᠢᠭᠤᠯᠬᠤ ᠪᠣᠯ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠡᠭᠦᠷᠭᠡ ᠮᠥᠨ᠃ ᠲᠠᠯᠠᠢ ᠲᠠᠩᠭᠢᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠥᠨᠳᠥᠷ ᠲᠦᠪᠰᠢᠨ ᠪᠦᠬᠦᠢ ᠪᠡᠶ᠎ᠡ ᠪᠠᠨ ᠳᠠᠭᠠᠭᠠᠵᠤ ᠥᠪᠡᠷ ᠢ ᠪᠠᠨ ᠬᠦᠴᠦᠷᠬᠡᠭᠵᠢᠭᠦᠯᠬᠦ ᠶᠢ ᠠᠬᠢᠭᠤᠯᠵᠤ᠂ ᠤᠤᠭᠠᠯ ᠡᠭᠦᠳᠦᠯᠲᠡ ᠶᠢᠨ ᠴᠢᠨᠠᠷᠲᠠᠢ᠂ ᠬᠦᠲᠦᠯᠦᠨ ᠳᠠᠭᠠᠭᠤᠯᠬᠤ ᠴᠢᠨᠠᠷᠲᠠᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠣᠭᠤᠮᠲᠠ ᠰᠢᠪᠲᠤᠯᠤᠯᠲᠠ ᠶᠢ ᠴᠢᠩᠭᠠᠳᠬᠠᠵᠤ᠂ ᠮᠠᠰᠢᠨ ᠲᠣᠨᠣᠭᠯᠠᠯ ᠦᠢᠯᠡᠳᠬᠦ ᠠᠵᠢᠯ ᠢ ᠥᠪᠡᠷ ᠲᠡᠭᠡᠨ ᠰᠠᠶᠢᠳᠤᠷ ᠡᠵᠡᠮᠳᠡᠵᠦ᠂ ᠥᠪᠡᠷ ᠤᠨ ᠮᠠᠰᠢᠨ ᠲᠣᠨᠣᠭᠯᠠᠯ ᠢᠶᠠᠷ ᠢᠶᠠᠨ ᠴᠢᠯᠠᠭᠤᠨ ᠲᠤᠰᠤ ᠰᠢᠲᠠᠮᠠᠬᠠᠢ ᠬᠡᠢ ᠶᠢᠨ ᠡᠬᠢ ᠪᠠᠶᠠᠯᠢᠭ ᠢ ᠴᠢᠷᠮᠠᠶᠢᠨ ᠨᠡᠭᠡᠭᠡᠨ ᠬᠥᠭᠵᠢᠭᠦᠯᠵᠦ᠂ ᠡᠨᠧᠷᠭᠢ ᠶᠢᠨ ᠥᠪᠡᠷ ᠢ ᠪᠠᠨ ᠬᠠᠩᠭᠠᠬᠤ ᠨᠤᠷᠮ᠎ᠠ ᠶᠢ ᠳᠡᠭᠡᠭᠰᠢᠯᠡᠭᠦᠯᠵᠦ᠂ ᠤᠯᠤᠰ ᠤᠨ ᠡᠨᠧᠷᠭᠢ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠵᠠᠢ᠃      ᠰᠢᠨᠵᠢᠯᠡᠨ ᠪᠠᠶᠢᠴᠠᠭᠠᠬᠤ ᠵᠠᠮ ᠲᠠᠭᠠᠤ᠂ ᠰᠢ ᠶᠢᠨ ᠫᠢᠩ ᠲᠡᠷᠭᠡᠨ ᠠᠴᠠ ᠪᠠᠭᠤᠵᠤ ᠲᠠᠯᠠᠢ ᠳᠠᠭᠠᠤ ᠶᠢᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠪᠠᠶᠢᠴᠠᠭᠠᠨ ᠦᠵᠡᠭᠰᠡᠨ ᠪᠥᠭᠡᠳ ᠲᠡᠭᠦᠨ ᠤ 12 ᠵᠢᠯ ᠤᠨ ᠡᠮᠦᠨ᠎ᠡ ᠲᠠᠷᠢᠭᠰᠠᠠ ᠨᠢᠭᠡ ᠰᠠᠭᠤᠷᠢ ᠮᠦᠩᠭᠡ ᠨᠠᠷᠠᠰᠤᠨ ᠳᠤ ᠪᠣᠷᠳᠤᠭᠤᠷ ᠣᠷᠣᠭᠤᠯᠵᠤ ᠤᠰᠤᠯᠠᠭᠰᠠᠨ ᠪᠠᠶᠢᠨ᠎ᠠ᠃ ᠰᠢ ᠶᠢᠨ ᠫᠢᠩ ᠲᠤᠬᠠᠢ ᠶᠢᠨ ᠭᠠᠵᠠᠷ ᠤᠨ ᠬᠠᠷᠢᠭᠤᠴᠠᠯᠭᠠᠲᠠᠨ ᠳᠤ ᠡᠬᠡ ᠬᠠᠭᠤᠷᠠᠢ ᠳᠠᠯᠠᠢ ᠲᠠᠩᠭᠢᠰ ᠢ ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠳᠬᠠᠵᠤ᠂ ᠠᠮᠢ ᠠᠬᠤᠢ ᠶᠢᠨ ᠬᠠᠮᠠᠭᠠᠯᠠᠯᠲᠠ ᠶᠢᠨ ᠠᠵᠢᠯ ᠢ ᠨᠢᠭᠡᠨ ᠴᠢᠬᠤᠯᠠ ᠡᠭᠦᠷᠭᠡ ᠪᠣᠯᠭᠠᠨ ᠴᠢᠩᠭ᠎ᠠ ᠠᠳᠬᠤᠵᠤ ᠰᠠᠶᠢᠲᠤᠷ ᠠᠳᠬᠤᠬᠤ ᠬᠡᠷᠡᠭᠲᠡᠢ ᠭᠡᠵᠦ ᠵᠠᠬᠢᠪᠠ᠃      ᠬᠠᠶᠢᠨᠠᠨ ᠮᠤᠵᠢ 2011 ᠣᠨ ᠤ 4 ᠰᠠᠷ᠎ᠠ ᠶᠢᠨ 20 ᠤ ᠡᠳᠦᠷ ᠠᠷᠠᠯ ᠠᠴᠠ ᠰᠠᠯᠬᠤ ᠭᠠᠶᠢᠯᠢ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ ᠲᠤᠷᠰᠢᠨ ᠬᠡᠷᠡᠭᠵᠢᠭᠦᠯᠪᠡ᠃ 11 ᠤ ᠦᠳᠡ ᠶᠢᠨ ᠡᠮᠦᠨ᠎ᠡ᠂ ᠰᠢ ᠶᠢᠨ ᠫᠢᠩ ᠰᠠᠨᠶᠠ ᠶᠢᠨ ᠣᠯᠠᠨ ᠤᠯᠤᠰ ᠤᠨ ᠭᠠᠶᠢᠯᠢ ᠬᠡᠯᠲᠦᠷᠢᠭᠦᠯᠬᠦ ᠬᠤᠲᠠ ᠳᠤ ᠬᠦᠷᠴᠦ᠂ ᠠᠷᠠᠯ ᠠᠴᠠ ᠰᠠᠯᠬᠤ ᠭᠠᠶᠢᠯᠢ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ ᠬᠡᠷᠡᠭᠵᠢᠭᠦᠯᠦᠭᠰᠡᠨ ᠪᠠᠶᠢᠳᠠᠯ ᠵᠡᠷᠭᠡ ᠶᠢ ᠲᠤᠬᠠᠢ ᠶᠢᠨ ᠭᠠᠵᠠᠷ ᠲᠤᠨᠢ ᠣᠶᠢᠯᠠᠭᠠᠪᠠ᠃ ᠰᠢ ᠶᠢᠨ ᠫᠢᠩ᠂ ᠬᠡᠷᠡᠭᠯᠡᠭᠡ ᠶᠢᠨ ᠠᠵᠤ ᠠᠬᠤᠶ ᠶᠢᠨ ᠬᠥᠭᠵᠢᠯᠲᠡ ᠳᠤ ᠦᠵᠡᠭᠦᠯᠬᠦ ᠰᠠᠭᠤᠷᠢ ᠴᠢᠨᠠᠷᠲᠠᠶ ᠦᠶᠯᠡᠳᠦᠯ ᠢ ᠨᠠᠩ ᠰᠠᠶᠢᠲᠤᠷ ᠪᠠᠳᠠᠷᠠᠭᠤᠯᠵᠤ᠂ ᠤᠯᠤᠰ ᠤᠨ ᠳᠣᠲᠣᠭᠠᠳᠤ ᠶᠢᠨ ᠬᠡᠲᠦ ᠶᠡᠭᠡ ᠬᠡᠪᠴᠢᠶᠡᠨ ᠤ ᠵᠠᠬ᠎ᠠ ᠳᠡᠯᠭᠡᠭᠦᠷ ᠤᠨ ᠳᠠᠪᠠᠭᠤᠯᠢᠭ ᠲᠤ ᠲᠦᠰᠢᠭᠯᠡᠨ᠂ ᠰᠠᠶᠢᠨ ᠰᠠᠶᠢᠬᠠᠨ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠪᠠ ᠬᠠᠤᠯᠢᠵᠢᠯ ᠤᠨ ᠣᠷᠴᠢᠨ ᠲᠣᠭᠤᠷᠢᠨ ᠢ ᠪᠣᠶ ᠪᠣᠯᠭᠠᠵᠤ᠂ ᠦᠨᠡᠨᠴᠢ ᠢᠲᠡᠭᠡᠮᠵᠢᠲᠡᠶ ᠡᠵᠡᠩᠨᠡᠯᠲᠡ᠂ ᠴᠢᠨᠠᠷ ᠰᠠᠶᠢᠲᠠᠶ ᠦᠶᠯᠡᠴᠢᠯᠡᠭᠡ ᠪᠠᠷ ᠬᠡᠷᠡᠭᠯᠡᠭᠴᠢᠳ ᠢ ᠲᠡᠳᠡᠨ ᠠᠪᠴᠢᠷᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠴᠢᠯᠥᠭᠡᠲᠦ ᠠᠷᠠᠯᠵᠢᠶᠠᠨ ᠤ ᠭᠠᠷᠠᠮ ᠢ ᠪᠥᠲᠥᠭᠡᠨ ᠪᠠᠶᠢᠭᠤᠯᠬᠤ ᠳᠤ ᠨᠠᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠵᠦ ᠵᠢᠭᠠᠵᠤ ᠭᠠᠷᠭᠠᠪᠠ᠃      11 ᠤ ᠦᠳᠡ ᠶᠢᠨ ᠬᠤᠶᠢᠨ᠎ᠠ᠂ ᠰᠢ ᠶᠢᠨ ᠫᠢᠩ ᠬᠠᠶᠢᠨᠠᠨ ᠠᠷᠠᠯ ᠤᠨ ᠳᠤᠮᠳᠠ ᠡᠮᠦᠨ᠎ᠡ ᠬᠡᠰᠡᠭ ᠤᠨ ᠦ᠋ ᡁᠢ ᠱᠠᠨ ᠬᠤᠳᠠ ᠳᠤ ᠰᠢᠨᠵᠢᠯᠡᠨ ᠪᠠᠶᠢᠴᠠᠭᠠᠪᠠ᠃ ᠬᠠᠶᠢᠨᠠᠨ ᠤ ᠬᠠᠯᠠᠭᠤᠨ ᠪᠦᠰᠡᠨ ᠤ ᠪᠣᠷᠣᠭᠠᠨᠲᠤ ᠣᠶ ᠶᠢᠨ ᠤᠯᠤᠰ ᠤᠨ ᠴᠡᠴᠡᠷᠯᠢᠭ ᠪᠣᠯ ᠮᠠᠨ ᠤ ᠤᠯᠤᠰ ᠤᠨ ᠲᠦᠷᠦᠭᠦᠦ ᠪᠦᠯᠦᠭ ᠤᠨ 5 ᠤᠯᠤᠰ ᠤᠨ ᠴᠡᠴᠡᠷᠯᠢᠭ ᠤᠨ ᠨᠢᠭᠡ ᠪᠣᠯᠤᠨ᠎ᠠ᠃ ᠰᠢ ᠶᠢᠨ ᠫᠢᠩ ᠦ᠋ ᡁᠢ ᠱᠠᠨ ᠠᠭᠤᠯᠠ ᠶᠢᠨ ᠣᠷᠣᠨ ᠢᠶᠠᠷ ᠭᠦᠨᠵᠡᠭᠡᠶᠢᠷᠡᠵᠦ᠂ ᠮᠣᠳᠣᠨ ᠬᠥᠭᠦᠷᠭᠡᠨ ᠵᠠᠮ ᠢᠶᠠᠷ ᠠᠯᠬᠤᠯᠠᠨ ᠴᠡᠴᠡᠷᠯᠢᠭ ᠤᠨ ᠠᠮᠢ ᠠᠬᠤᠢ ᠣᠷᠴᠢᠨ ᠲᠣᠭᠤᠷᠢᠨ ᠢ ᠪᠠᠶᠢᠴᠠᠭᠠᠨ ᠦᠵᠡᠵᠦ᠂ ᠪᠠᠶᠢᠨ ᠪᠠᠶᠢᠨ ᠵᠣᠭᠰᠣᠵᠤ᠂ ᠤᠢ ᠮᠣᠳᠣᠨ ᠤ ᠤᠷᠭᠤᠴᠠ᠂ ᠤᠰᠤᠨ ᠤ ᠡᠬᠢ ᠰᠤᠷᠪᠤᠯᠵᠢ ᠶᠢᠨ ᠬᠠᠳᠠᠭᠠᠯᠠᠯᠲᠠ᠂ ᠠᠮᠢᠳᠠᠨ ᠤᠷᠭᠤᠮᠠᠯ ᠤᠨ ᠡᠬᠢ ᠪᠠᠶᠠᠯᠢᠭ ᠤᠨ ᠬᠠᠮᠠᠭᠠᠯᠠᠯᠲᠠ ᠵᠡᠷᠭᠡ ᠪᠠᠶᠢᠳᠠᠯ ᠢ ᠯᠠᠪᠯᠠᠨ ᠠᠰᠠᠭᠤᠪᠠ᠃ ᠲᠡᠷᠡ᠂ ᠬᠠᠶᠢᠨᠠᠨ ᠠᠮᠢ ᠠᠬᠤᠶ ᠪᠠᠷ ᠮᠤᠵᠢ ᠪᠠᠶᠢᠭᠤᠯᠬᠤ ᠶᠢ ᠭᠤᠶᠢᠪᠢᠰᠢ ᠥᠬᠡᠶ ᠪᠠᠷᠢᠮᠲᠠᠯᠠᠵᠤ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠭᠤᠤᠯᠳᠠᠯᠭ᠎ᠠ ᠶᠢᠨ ᠭᠤᠤᠯᠳᠠᠯᠭ᠎ᠠ ᠪᠣᠯᠭᠠᠵᠤ᠂ ᠬᠠᠯᠠᠭᠤᠨ ᠪᠦᠰᠡᠨ ᠤ ᠪᠣᠷᠣᠭᠠᠨᠲᠤ ᠣᠶ ᠶᠢ ᠴᠢᠩᠭ᠎ᠠ ᠬᠠᠮᠠᠭᠠᠯᠠᠵᠤ᠂ ᠠᠮᠢ ᠠᠬᠤᠶ ᠶᠢ ᠬᠠᠮᠠᠭᠠᠯᠠᠬᠤ᠂ ᠪᠣᠬᠢᠷᠲᠤᠯ ᠥᠬᠡᠶ ᠬᠥᠭᠵᠢᠭᠦᠯᠬᠦ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠢ ᠬᠠᠷᠢᠯᠴᠠᠨ ᠨᠢᠭᠡᠳᠭᠡᠬᠦ ᠶᠢ ᠪᠡᠶᠡᠯᠡᠭᠦᠯᠵᠦ᠂ ᠳᠡᠯᠡᠬᠡᠶ ᠳ᠋ᠠᠬᠢᠨ ᠳᠤ ᠳᠤᠮᠳᠠᠳᠤ ᠤᠯᠤᠰ ᠤᠨ ᠤᠯᠤᠰ ᠤᠨ ᠴᠡᠴᠡᠷᠯᠢᠭ ᠤᠨ ᠪᠥᠲᠥᠭᠡᠨ ᠪᠠᠶᠢᠭᠤᠯᠤᠯᠲᠠ ᠪᠠ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠤᠨ ᠬᠠᠮᠠᠭᠠᠯᠠᠯᠲᠠ ᠶᠢᠨ ᠡᠯᠪᠡᠭ ᠦᠷ᠎ᠡ ᠪᠦᠲᠦᠭᠡᠯ ᠢ ᠲᠡᠯᠭᠡᠨ ᠦᠵᠡᠭᠦᠯᠬᠦ ᠬᠡᠷᠡᠭᠲᠡᠶ ᠭᠡᠵᠦ ᠵᠢᠭᠠᠵᠤ ᠭᠠᠷᠭᠠᠪᠠ᠃      ᠱᠦᠢᠮᠠᠨ ᠰᠢᠶᠠᠩ ᠤᠨ ᠮᠤᠤᠨᠠ ᠲᠣᠰᠬᠤᠨ ᠪᠣᠯ ᠦ᠋ ᡁᠢ ᠱᠠᠨ ᠬᠤᠳᠠ ᠶᠢᠨ ᠯᠢ ᠦᠨᠳᠦᠰᠦᠲᠡᠨ ᠤ ᠨᠢᠭᠡᠨ ᠲᠣᠰᠬᠤᠨ ᠪᠣᠯᠤᠨ᠎ᠠ᠂ ᠤᠢᠢᠷ᠎ᠠ ᠶᠢᠨ ᠵᠢᠯ ᠠᠴᠠ ᠦᠵᠡᠰᠭᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠬᠥᠳᠡᠭᠡ ᠲᠣᠰᠬᠤᠨ ᠤ ᠵᠢᠭᠤᠯᠴᠢᠯᠠᠯ ᠤᠨ ᠦᠢᠯᠡᠰ ᠢ ᠶᠡᠭᠡ ᠪᠠᠷ ᠬᠥᠭᠵᠢᠭᠦᠯᠪᠡ᠃ ᠶᠡᠷᠦᠩᠬᠡᠢ ᠱᠦᠵᠢ ᠰᠢ ᠶᠢᠨ ᠫᠢᠩ ᠲᠣᠰᠬᠤᠨ ᠳᠤ ᠬᠦᠷᠴᠦ ᠪᠠᠶᠢᠴᠠᠭᠠᠨ ᠰᠤᠳᠤᠯᠵᠤ᠂ ᠲᠣᠰᠬᠤᠨ ᠤ ᠵᠠᠮ ᠳᠠᠭᠠᠤ ᠲᠤᠭᠤᠷᠢᠨ ᠦᠵᠡᠪᠡ ᠃ ᠯᠢ ᠦᠨᠳᠦᠰᠦᠲᠡᠨ ᠤ ᠲᠣᠰᠬᠤᠨ ᠤ ᠠᠷᠠᠳ ᠸᠠᠩ ᠪᠠᠢ ᠾᠧ ᠶᠢᠨ ᠬᠢᠨ ᠶᠡᠷᠦᠩᠬᠡᠢ ᠱᠦᠵᠢ ᠶᠢ ᠬᠠᠯᠠᠭᠤᠮᠰᠤᠭ ᠢᠶᠠᠷ ᠭᠡᠷ ᠲᠡᠭᠡᠨ ᠵᠠᠯᠠᠪᠠ᠃ ᠰᠢ ᠶᠢᠨ ᠫᠢᠩ ᠬᠦᠷᠢᠶ᠎ᠡ ᠬᠠᠰᠢᠶ᠎ᠠ᠂ ᠵᠣᠴᠢᠨ ᠤ ᠥᠷᠥᠭᠡ᠂ ᠤᠨᠲᠠᠬᠤ ᠥᠷᠥᠭᠡ ᠵᠡᠷᠭᠡ ᠶᠢ ᠪᠠᠶᠢᠴᠠᠭᠠᠨ ᠦᠵᠡᠵᠦ᠂ ᠴᠠᠶ ᠶᠢᠨ ᠦᠢᠯᠡᠳᠭᠡᠯ ᠳᠤᠨᠢ ᠴᠠᠶ ᠬᠠᠭᠤᠷᠬᠤ ᠬᠥᠳᠡᠯᠮᠦᠷᠢ ᠳᠤ ᠣᠷᠣᠯᠴᠠᠭᠰᠠᠨ ᠪᠥᠭᠡᠳ ᠬᠤᠶᠠᠷ ᠤᠭᠤᠲᠠ ᠴᠠᠶ ᠬᠤᠳᠠᠯᠳᠤᠨ ᠠᠪᠴᠠᠶ᠃ ᠰᠢ ᠶᠢᠨ ᠫᠢᠩ ᠲᠡᠳᠡᠨ ᠢ ᠴᠠᠶ ᠪᠠᠨ ᠰᠠᠶᠢᠲᠤᠷ ᠡᠵᠡᠩᠨᠡᠵᠦ᠂ ᠠᠮᠢᠳᠤᠷᠠᠯ ᠢᠶᠠᠨ ᠨᠠᠩ ᠥᠭᠡᠳᠡ ᠡᠰᠡᠷᠡᠭ ᠪᠣᠯᠭᠠᠭᠠᠷᠠᠶ ᠭᠡᠵᠦ ᠵᠣᠷᠢᠭᠵᠢᠭᠤᠯᠪᠠ᠃      ᠲᠣᠰᠬᠤᠨ ᠤ ᠰᠡᠷᠢᠭᠦᠨ ᠲᠢᠩᠰᠡ ᠳᠤ᠂ ᠰᠢ ᠶᠢᠨ ᠫᠢᠩ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ᠂ ᠰᠢᠶᠠᠩ ᠪᠠᠯᠭᠠᠰᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯᠯᠠᠬᠤ ᠠᠩᠬᠢ ᠶᠢᠨ ᠳᠠᠷᠤᠭ᠎ᠠ᠂ ᠲᠣᠰᠬᠤᠨ ᠤ ᠨᠠᠮ ᠤᠨ ᠡᠭᠦᠷ ᠤᠨ ᠱᠦᠵᠢ᠂ ᠠᠬᠠᠮᠠᠳ ᠨᠠᠮ ᠤᠨ ᠭᠡᠰᠢᠭᠦᠨ᠂ ᠪᠠᠶᠠᠵᠢᠯ ᠤᠨ ᠲᠠᠭᠠᠭᠤᠯᠤᠬᠴᠢ ᠶᠢᠨ ᠲᠥᠯᠥᠭᠡᠯᠡᠭᠴᠢᠳ ᠲᠠᠢ ᠳᠣᠲᠣᠨᠣ ᠪᠠᠷ ᠶᠠᠷᠢᠯᠴᠠᠵᠤ᠂ ᠲᠤᠬᠠᠢ ᠶᠢᠨ ᠭᠠᠵᠠᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠤᠨᠴᠠᠯᠢᠬᠳᠤ ᠠᠵᠤ ᠦᠢᠯᠡᠰ ᠢ ᠬᠥᠭᠵᠢᠭᠦᠯᠵᠦ᠂ ᠦᠨᠳᠦᠰᠦᠲᠡᠨ ᠤ ᠤᠯᠠᠮᠵᠢᠯᠠᠯᠲᠤ ᠰᠣᠶᠣᠯ ᠢ ᠬᠠᠮᠠᠭᠠᠯᠠᠵᠤ ᠤᠯᠠᠮᠵᠢᠯᠠᠬᠤ ᠶᠢ ᠴᠢᠩᠭᠠᠳᠬᠠᠭᠰᠠᠨ ᠵᠡᠷᠭᠡ ᠪᠠᠶᠢᠳᠠᠯ ᠢ ᠣᠶᠢᠯᠠᠭᠠᠪᠠ᠃ ᠰᠢ ᠶᠢᠨ ᠫᠢᠩ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤ ᠵᠠᠩᠭᠢᠯᠠᠭ᠎ᠠ ᠨᠢ ᠬᠥᠮᠦᠨ ᠳᠤ ᠲᠦᠰᠢᠭᠯᠡᠬᠦ ᠳᠤ ᠪᠠᠶᠢᠨ᠎ᠠ᠃ ᠤᠯᠤᠰ ᠲᠦᠷᠦ ᠶᠢᠨ ᠲᠠᠯ᠎ᠠ ᠪᠠᠷ ᠴᠠᠭᠤᠷᠬᠠᠢ᠂ ᠡᠷᠳᠡᠮ ᠴᠢᠳᠠᠪᠤᠷᠢ ᠨᠢ ᠭᠠᠷᠮᠠᠭᠠᠢ᠂ ᠣᠪᠣᠷ ᠰᠤᠷᠲᠠᠯ ᠨᠢ ᠪᠠᠳᠤ ᠴᠢᠩᠭ᠎ᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠺᠠᠳ᠋ᠷ ᠤᠨ ᠡᠩᠨᠡᠭᠡ ᠶᠢ ᠪᠠᠶᠢᠭᠤᠯᠵᠤ᠂ ᠪᠠᠶᠠᠵᠢᠯ ᠤᠨ ᠲᠠᠭᠠᠭᠤᠯᠤᠬᠴᠢ᠂ ᠨᠤᠲᠤᠭ ᠲᠠᠭᠠᠨ ᠪᠤᠴᠠᠵᠤ ᠦᠢᠯᠡᠰ ᠪᠤᠰᠬᠠᠬᠤ ᠣᠶᠤᠲᠠᠨ᠂ ᠴᠡᠷᠢᠭ ᠠᠴᠠ ᠬᠠᠯᠠᠭᠳᠠᠭᠰᠠᠳ ᠵᠡᠷᠭᠡ ᠶᠢ ᠪᠠᠭᠲᠠᠭᠠᠭᠰᠠᠨ ᠡᠯ᠎ᠡ ᠲᠦᠷᠦᠯ ᠤᠨ ᠴᠢᠳᠠᠪᠤᠷᠢᠲᠠᠨ ᠢ ᠤᠷᠢᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤᠮᠳᠠ ᠭᠠᠪᠢᠶ᠎ᠠ ᠵᠢᠳᠬᠦᠯ ᠦᠵᠡᠭᠦᠯᠬᠦ ᠬᠡᠷᠡᠭᠲᠡᠢ᠃ ᠬᠥᠳᠡᠭᠡ ᠲᠣᠰᠬᠤᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠴᠢᠩᠭᠠᠳᠬᠠᠵᠤ ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠶᠢᠴᠢᠨ ᠪᠠᠬᠢᠯᠡᠯᠲᠡ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ ᠭᠡᠵᠤ ᠴᠢᠬᠤᠯᠠᠴᠢᠯᠠᠵᠠᠢ᠃      ᠰᠢ ᠶᠢᠨ ᠫᠢᠩ ᠬᠤᠩᠭᠢᠯ ᠳᠠᠭᠠᠤ ᠯᠢ ᠦᠨᠳᠦᠰᠦᠲᠡᠨ ᠤ ᠤᠨᠴᠠᠯᠢᠬᠳᠤ ᠲᠠᠷᠢᠶᠠᠯᠠᠩ ᠤᠨ ᠪᠦᠲᠦᠭᠡᠭᠳᠡᠬᠦᠨ ᠪᠣᠯᠤᠨ ᠯᠢ ᠦᠨᠳᠦᠰᠦᠳᠡᠨ ᠤ ᠬᠡᠮᠡᠷᠯᠢᠭ᠂ ᠣᠷᠢᠶᠠᠩᠭᠤ ᠶᠢᠨ ᠭᠦᠷᠦᠮᠡᠯ ᠵᠡᠷᠭᠡ ᠪᠣᠳᠠᠰ ᠤᠨ ᠪᠤᠰᠤ ᠰᠣᠶᠣᠯ ᠤᠨ ᠥᠪ ᠤᠨ ᠦᠵᠡᠭᠦᠯᠭᠡ ᠶᠢ ᠦᠵᠡᠪᠡ᠃ ᠠᠭᠤᠳᠠᠮ ᠲᠠᠯᠠᠪᠠᠢ ᠳᠡᠭᠡᠷ᠎ᠡ᠂ ᠤᠶᠠᠩᠭᠠᠳᠤ ᠳᠠᠭᠤᠤ ᠬᠠᠩᠭᠢᠨᠠᠵᠤ᠂ ᠬᠡᠩᠭᠡᠷᠭᠡ ᠴᠠᠩ ᠲᠦᠴᠢᠬᠢᠨᠠᠵᠦ᠂ ᠲᠣᠰᠬᠤᠨ ᠤ ᠠᠷᠠᠳ ᠬᠤᠯᠤᠰᠤᠨ ᠪᠥᠵᠢᠭ ᠪᠥᠵᠢᠭᠯᠡᠵᠦ ᠠᠯᠤᠰ ᠤᠨ ᠵᠣᠴᠢᠨ ᠢᠶᠠᠨ ᠤᠭᠲᠤᠪᠠ᠃ ᠰᠢ ᠶᠢᠨ ᠫᠢᠩ᠂ ᠯᠢ ᠦᠨᠳᠦᠰᠦᠲᠡᠨ ᠤ ᠠᠬ᠎ᠠ ᠳᠡᠭᠦᠦ ᠨᠡᠷ ᠢ ᠡᠷᠬᠢᠨ ᠦᠵᠡᠭᠡᠳ ᠮᠠᠰᠢ ᠪᠠᠶᠠᠷᠯᠠᠵᠤ ᠪᠠᠶᠢᠨ᠎ᠠ᠂ ᠲᠠ ᠨᠠᠷ ᠤᠨ ᠵᠣᠯ ᠵᠢᠷᠭᠠᠯ ᠲᠠᠢ ᠠᠮᠢᠳᠤᠷᠠᠯ ᠢ ᠬᠠᠷᠠᠭᠠᠳ ᠪᠢ ᠪᠠᠶᠠᠰᠤᠯ᠎ᠠ᠃ ᠪᠢᠳᠡ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠦᠭᠰᠡᠨ ᠤ ᠲᠠᠷᠠᠭ᠎ᠠ ᠪᠠᠰᠠ ᠦᠷᠭᠦᠯᠵᠢᠯᠡᠨ ᠪᠦᠬᠦ ᠠᠷᠠᠳ ᠲᠦᠮᠡᠨ ᠤ ᠬᠠᠮᠲᠤ ᠶᠢᠨ ᠪᠠᠶᠠᠵᠢᠯ ᠵᠦᠭ ᠤᠷᠤᠭᠰᠢᠯᠠᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠳᠦᠭᠡᠨ ᠪᠠᠶᠢᠭᠤᠯᠤᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠠᠵᠤ ᠦᠢᠯᠡᠰ ᠢ ᠠᠮᠢ ᠠᠬᠤᠶᠢᠵᠢᠭᠤᠯᠬᠤ ᠪᠠ ᠠᠮᠢ ᠠᠬᠤᠢ ᠶᠢ ᠠᠵᠤ ᠦᠢᠯᠡᠰᠵᠢᠭᠦᠯᠬᠦ ᠳᠡᠭᠡᠷ᠎ᠡ ᠬᠦᠴᠦ ᠲᠠᠯᠪᠢᠵᠤ᠂ ᠣᠷᠭᠠᠨᠢᠭ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ᠂ ᠬᠥᠳᠡᠭᠡ ᠲᠣᠰᠬᠤᠨ ᠤ ᠵᠢᠭᠤᠯᠴᠢᠯᠠᠯ᠂ ᠰᠡᠯᠡᠭᠦᠴᠡᠯ ᠲᠠᠷᠢᠶᠠᠯᠠᠩ ᠵᠡᠷᠭᠡ ᠠᠵᠤ ᠦᠢᠯᠡᠰ ᠢ ᠦᠷᠭᠦᠯᠵᠢᠯᠡᠨ ᠬᠦᠴᠦᠷᠬᠡᠭᠵᠢᠭᠦᠯᠦᠨ ᠪᠤᠵᠠᠭᠠᠶᠢᠷᠠᠭᠤᠯᠵᠤ᠂ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠬᠤ ᠠᠵᠢᠯ ᠢ ᠰᠠᠶᠢᠲᠤᠷ ᠬᠢᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠭᠡᠬᠦ ᠶᠢ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠶᠢ ᠠᠬᠢᠭᠤᠯᠬᠤ ᠬᠡᠷᠡᠭᠲᠡᠢ᠃ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠨᠠᠮ ᠤᠨ ᠤᠯᠠᠨ ᠲᠦᠮᠡᠨᠴᠢ ᠱᠤᠭᠤᠮ ᠢ ᠲᠤᠭᠤᠰᠢᠯᠠᠭᠤᠯᠵᠤ᠂ ᠨᠠᠮ ᠤᠨ ᠦᠨᠳᠦᠰᠦᠨ ᠵᠣᠷᠢᠯᠲᠠ ᠶᠢ ᠪᠠᠲᠤ ᠴᠡᠭᠡᠵᠢᠯᠡᠵᠦ᠂ ᠤᠯᠠᠨ ᠲᠦᠮᠡᠨ ᠤ ᠪᠤᠳᠤᠵᠦ ᠪᠠᠶᠢᠭ᠎ᠠ ᠵᠦᠢᠯ ᠢ ᠪᠤᠳᠤᠵᠦ᠂ ᠤᠯᠠᠨ ᠲᠦᠮᠡᠨ ᠤ ᠪᠠᠴᠢᠮᠳᠠᠵᠤ ᠪᠠᠶᠢᠭ᠎ᠠ ᠶᠠᠪᠤᠳᠠᠯ ᠳᠤ ᠰᠠᠨᠠᠭᠠᠰᠢᠷᠠᠵᠤ᠂ ᠪᠦᠬᠦ ᠬᠦᠴᠦᠨ ᠴᠢᠳᠠᠯ ᠢᠶᠠᠨ ᠠᠷᠠᠳ ᠲᠦᠮᠡᠨ ᠢ ᠰᠠᠶᠢᠨ ᠰᠠᠶᠢᠬᠠᠨ ᠠᠮᠢᠳᠤᠷᠠᠭᠤᠯᠬᠤ ᠳᠡᠭᠡᠷ᠎ᠡ ᠬᠡᠷᠡᠭᠯᠡᠬᠦ ᠬᠡᠷᠡᠭᠲᠡᠢ ᠭᠡᠵᠤ ᠤᠯᠠᠨ ᠲᠦᠮᠡᠨ ᠳᠤ ᠳᠤᠳᠤᠨᠤᠰᠤᠭ ᠢᠶᠠᠷ ᠬᠡᠯᠡᠪᠡ᠃      12 ᠤᠨ ᠦᠳᠡ ᠶᠢᠨ ᠡᠮᠦᠨ᠎ᠡ᠂ ᠰᠢ ᠶᠢᠨ ᠫᠢᠩ ᠬᠠᠶᠢᠨᠠᠨ ᠠᠷᠠᠯ ᠤᠨ ᠪᠠᠷᠠᠭᠤᠨ ᠬᠤᠶᠢᠲᠤ ᠬᠡᠰᠡᠭ ᠲᠤ ᠪᠠᠶᠢᠭ᠎ᠠ ᠳ᠋ᠠᠨᠵᠧᠦ ᠬᠤᠳᠠ ᠳᠤ ᠰᠢᠨᠵᠢᠯᠡᠨ ᠪᠠᠶᠢᠴᠠᠭᠠᠪᠠ᠃ ᠦᠵᠡᠭᠦᠯᠭᠡ ᠶᠢᠨ ᠣᠷᠳᠣᠨ ᠳᠤ᠂ ᠰᠢ ᠶᠢᠨ ᠫᠢᠩ ᠶᠠᠩᠫᠦ᠋ ᠠᠵᠤ ᠠᠬᠤᠢ ᠶᠢᠨ ᠨᠡᠭᠡᠭᠡᠯᠳᠡ ᠶᠢᠨ ᠣᠷᠣᠨ ᠤ ᠪᠦᠳᠦᠭᠡᠨ ᠪᠠᠶᠢᠭᠤᠯᠤᠯᠲᠠ ᠬᠥᠭᠵᠢᠯᠲᠡ ᠶᠢᠨ ᠶᠡᠷᠦᠩᠬᠡᠢ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠤᠭᠰᠠᠨ ᠪᠥᠭᠡᠳ ᠨᠡᠭᠡᠭᠡᠯᠳᠡ ᠶᠢᠨ ᠣᠷᠣᠨ ᠤ ᠬᠥᠭᠵᠢᠯᠲᠡ ᠶᠢᠨ ᠶᠠᠪᠤᠴᠠ᠂ ᠪᠦᠳᠦᠭᠡᠨ ᠪᠠᠶᠢᠭᠤᠯᠤᠯᠲᠠ ᠶᠢᠨ ᠠᠮᠵᠢᠯᠲᠠ ᠪᠦᠲᠦᠮᠵᠢ᠂ ᠢᠷᠡᠭᠡᠳᠦᠢ ᠶᠢᠨ ᠲᠥᠯᠥᠪᠵᠢᠭᠦᠯᠭᠡ ᠵᠢᠴᠢ ᠣᠷᠣᠵᠤ ᠰᠠᠭᠤᠭᠰᠠᠨ ᠠᠵᠤ ᠠᠬᠤᠶᠢᠯᠠᠯ ᠤᠨ ᠦᠷ᠎ᠡ ᠪᠦᠲᠦᠭᠡᠯ ᠵᠡᠷᠭᠡ ᠦᠵᠡᠭᠦᠯᠭᠡ ᠶᠢ ᠨᠠᠷᠢᠨ ᠬᠢᠨᠠᠮᠠᠭᠠᠢ ᠦᠵᠡᠪᠡ᠃ ᠰᠢ ᠶᠢᠨ ᠫᠢᠩ᠂ ᠶᠠᠩᠫᠦ᠋ ᠠᠵᠤ ᠠᠬᠤᠢ ᠶᠢᠨ ᠨᠡᠬᠡᠬᠡᠯᠳᠡ ᠶᠢᠨ ᠣᠷᠣᠨ ᠨᠢ ᠬᠠᠶᠢᠨᠠᠨ ᠤ ᠴᠢᠯᠥᠭᠡᠲᠦ ᠠᠷᠠᠯᠵᠢᠶᠠᠨ ᠤ ᠭᠠᠷᠠᠮ ᠤᠨ ᠤᠷᠢᠳ ᠢᠶᠠᠷ ᠬᠡᠷᠡᠭᠵᠢᠭᠦᠯᠬᠦ ᠣᠷᠣᠨ᠂ ᠵᠢᠱᠢᠶ᠎ᠡ ᠦᠵᠡᠭᠦᠯᠬᠦ ᠣᠷᠣᠨ ᠪᠣᠯᠤᠭᠰᠠᠨ ᠤ ᠬᠤᠪᠢ ᠳᠤ᠂ ᠬᠠᠶᠢᠨᠠᠨ ᠤ ᠠᠵᠤ ᠠᠬᠤᠢ ᠶᠢᠨ ᠣᠨᠴᠠᠭᠠᠢ ᠣᠷᠣᠨ ᠪᠠᠶᠢᠭᠤᠯᠤᠭᠰᠠᠨ ᠲᠤᠷᠰᠢᠯᠭ᠎ᠠ ᠶᠢ ᠰᠠᠶᠢᠲᠤᠷ ᠳ᠋ᠦᠩᠨᠡᠵᠦ᠂ ︽ᠳᠤᠮᠳᠠᠳᠤ ᠤᠯᠤᠰ ᠤᠨ ᠶᠠᠩᠫᠦ᠋ ᠭᠠᠷᠠᠮ︾ ᠤᠨ ᠣᠩᠭᠤᠴᠠ ᠳᠠᠩᠰᠠᠯᠠᠬᠤ ᠭᠠᠷᠠᠮ ᠤᠨ ᠲᠦᠷᠦ ᠶᠢᠨ ᠪᠤᠳᠤᠯᠭ᠎ᠠ ᠶᠢᠨ ᠳᠠᠪᠠᠭᠤᠯᠢᠭ ᠢ ᠰᠠᠶᠢᠲᠤᠷ ᠠᠰᠢᠭᠯᠠᠵᠤ᠂ ᠵᠣᠷᠢᠭᠲᠠᠢ ᠪᠠᠷ ᠰᠢᠨ᠎ᠡ ᠶᠢ ᠡᠭᠦᠳᠴᠦ᠂ ᠤᠷᠢᠳ ᠢᠶᠠᠷ ᠬᠢᠵᠦ ᠤᠷᠢᠳ ᠢᠶᠠᠷ ᠲᠤᠷᠰᠢᠬᠤ ᠬᠡᠷᠡᠭᠲᠡᠢ ᠭᠡᠵᠤ ᠵᠢᠭᠠᠵᠤ ᠭᠠᠷᠭᠠᠵᠠᠢ᠃      ᠳᠠᠷᠠᠭ᠎ᠠ ᠨᠢ᠂ ᠰᠢ ᠶᠢᠨ ᠫᠢᠩ ᠶᠠᠩᠫᠦ᠋ ᠤᠯᠠᠨ ᠤᠯᠤᠰ ᠤᠨ ᠴᠢᠩᠭᠡᠯᠢᠭ ᠤᠨ ᠤᠯᠤᠮ ᠤᠨ ᠰᠢᠶᠤᠤ ᠴᠠᠨ ᠲᠠᠨ ᠭᠠᠷᠠᠮ ᠤᠨ ᠲᠣᠭᠤᠷᠢᠭ ᠲᠤ ᠬᠦᠷᠴᠦ᠂ ᠭᠠᠷᠠᠮ ᠤᠨ ᠪᠦᠲᠦᠭᠡᠨ ᠪᠠᠶᠢᠭᠤᠯᠤᠯᠲᠠ ᠬᠥᠭᠵᠢᠯᠲᠡ ᠶᠢᠨ ᠪᠠᠶᠢᠳᠠᠯ ᠢ ᠣᠶᠢᠯᠠᠭᠠᠵᠤ᠂ ᠲᠤᠬᠠᠢ ᠶᠢᠨ ᠲᠠᠯᠠᠪᠠᠢ ᠳᠠᠬᠢ ᠠᠵᠢᠯᠳᠠᠨ᠂ ᠲᠦᠷ ᠴᠠᠭ ᠲᠤᠰᠢᠶᠠᠯ ᠡᠭᠦᠷᠭᠡᠯᠡᠵᠤ ᠪᠠᠶᠢᠭ᠎ᠠ ᠺᠠᠳ᠋ᠷ ᠤᠨ ᠲᠥᠯᠥᠭᠡᠯᠡᠭᠴᠢ ᠨᠡᠷ ᠲᠠᠢ ᠳᠣᠲᠣᠨᠣ ᠪᠠᠷ ᠶᠠᠷᠢᠯᠴᠠᠪᠠ᠃ ᠰᠢ ᠶᠢᠨ ᠫᠢᠩ᠂ ᠭᠠᠷᠠᠮ ᠢ ᠬᠥᠭᠵᠢᠭᠦᠯᠦᠨ ᠮᠠᠨᠳᠤᠭᠤᠯᠵᠤ᠂ ᠲᠡᠭᠡᠭᠡᠪᠦᠷᠢ ᠶᠢᠨ ᠦᠢᠯᠡᠰ ᠢ ᠬᠥᠭᠵᠢᠭᠦᠯᠬᠦ ᠳᠤ ᠪᠠᠶᠢᠷᠢ ᠲᠣᠭᠲᠠᠭᠠᠯᠲᠠ ᠶᠢ ᠰᠠᠶᠢᠲᠤᠷ ᠡᠵᠡᠮᠳᠡᠵᠦ᠂ ᠵᠣᠬᠢᠴᠠᠬᠤ ᠴᠢᠨᠠᠷ ᠢ ᠴᠢᠩᠭᠠᠳᠬᠠᠵᠤ᠂ ᠪᠣᠬᠢᠷᠲᠤᠯ ᠦᠭᠡᠢ ᠬᠥᠭᠵᠢᠬᠦᠯᠬᠦ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ ᠶᠢ ᠪᠠᠷᠢᠮᠲᠠᠯᠠᠵᠤ᠂ ᠭᠠᠷᠠᠮ ᠤᠨ ᠬᠥᠭᠵᠢᠯᠲᠡ ᠪᠣᠯᠤᠨ ᠶᠠᠩᠫᠦ᠋ ᠠᠵᠤ ᠠᠬᠤᠢ ᠶᠢᠨ ᠨᠡᠭᠡᠭᠡᠯᠳᠠ ᠶᠢᠨ ᠣᠷᠣᠨ᠂ ᠴᠢᠯᠥᠭᠡᠲᠦ ᠠᠷᠠᠯᠵᠢᠶᠠᠨ ᠤ ᠭᠠᠷᠠᠮ ᠤᠨ ᠪᠦᠳᠦᠭᠡᠨ ᠪᠠᠶᠢᠭᠤᠯᠤᠯᠲᠠ ᠶᠢᠨ ᠬᠠᠷᠢᠯᠴᠠᠨ ᠬᠠᠪᠰᠤᠷᠤᠯᠴᠠᠵᠤ ᠬᠠᠷᠢᠯᠴᠠᠨ ᠲᠦᠰᠢᠭᠯᠡᠯᠴᠡᠵᠤ᠂ ᠬᠠᠷᠢᠯᠴᠠᠨ ᠠᠬᠢᠭᠤᠯᠵᠤ ᠬᠠᠮᠲᠤ ᠪᠠᠷ ᠳᠠᠪᠰᠢᠬᠤ ᠶᠢ ᠴᠢᠩᠭᠠᠳᠬᠠᠵᠤ᠂ ᠪᠠᠷᠠᠭᠤᠨ ᠣᠷᠣᠨ ᠤ ᠡᠬᠡ ᠬᠠᠭᠤᠷᠠᠢ ᠪᠠ ᠲᠠᠯᠠᠢ ᠶᠢᠨ ᠰᠢᠨ᠎ᠡ ᠵᠠᠮ ᠢ ᠪᠦᠳᠦᠭᠡᠨ ᠪᠠᠶᠢᠭᠤᠯᠬᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠳᠦᠭᠡᠨ ᠪᠠᠶᠢᠭᠤᠯᠬᠤ ᠳᠤ ᠨᠡᠩ ᠰᠠᠶᠢᠨ ᠦᠢᠯᠡᠴᠢᠯᠡᠬᠦ ᠬᠡᠷᠡᠭᠲᠡᠢ ᠭᠡᠵᠤ ᠴᠢᠬᠤᠯᠠᠴᠢᠯᠠᠪᠠ᠃ ᠲᠡᠷᠡ᠂ ᠨᠠᠮ ᠤᠨ ᠲᠥᠪ ᠬᠤᠷᠢᠶ᠎ᠠ ᠠᠴᠠ ᠺᠠᠳ᠋ᠷ ᠢ ᠲᠣᠮᠢᠯᠠᠨ ᠢᠷᠡᠭᠦᠯᠵᠤ ᠴᠢᠯᠥᠭᠡᠲᠦ ᠠᠷᠠᠯᠵᠢᠶᠠᠨ ᠤ ᠭᠠᠷᠠᠮ ᠳᠤ ᠲᠦᠷ ᠴᠠᠭ ᠲᠤᠰᠢᠶᠠᠯ ᠡᠭᠦᠷᠭᠡᠯᠡᠭᠦᠯᠵᠤ ᠪᠠᠶᠢᠬᠤ ᠨᠢ ᠨᠠᠮ ᠤᠨ ᠲᠥᠪ ᠬᠤᠷᠢᠶ᠎ᠠ ᠠᠴᠠ ᠴᠢᠯᠥᠭᠡᠲᠦ ᠠᠷᠠᠯᠵᠢᠶᠠᠨ ᠤ ᠭᠠᠷᠠᠮ ᠤᠨ ᠪᠦᠳᠦᠭᠡᠨ ᠪᠠᠶᠢᠭᠤᠯᠤᠯᠲᠠ ᠶᠢ ᠬᠠᠯᠠᠮᠵᠢᠯᠠᠨ ᠲᠡᠮᠵᠢᠵᠤ ᠪᠠᠶᠢᠬᠤ ᠶᠢ ᠢᠯᠡᠷᠡᠭᠦᠯᠦᠭᠰᠡᠨ ᠪᠦᠭᠡᠳ ᠪᠠᠰᠠ ᠺᠠᠳ᠋ᠷ ᠢ ᠬᠥᠮᠦᠵᠢᠭᠦᠯᠦᠨ ᠪᠣᠯᠪᠠᠰᠤᠷᠠᠭᠤᠯᠵᠤ ᠪᠠᠶᠢᠭ᠎ᠠ ᠶᠠᠪᠤᠳᠠᠯ ᠪᠣᠯᠤᠨ᠎ᠠ᠂ ᠲᠦᠷ ᠴᠠᠭ ᠲᠤᠰᠢᠶᠠᠯ ᠡᠭᠦᠷᠭᠡᠯᠡᠵᠤ ᠪᠠᠶᠢᠭ᠎ᠠ ᠺᠠᠳ᠋ᠷ ᠤᠨ ᠢᠳᠡᠪᠬᠢ ᠦᠢᠯᠡᠳᠦᠯ ᠢ ᠪᠠᠳᠠᠷᠠᠭᠤᠯᠵᠤ᠂ ᠲᠡᠳᠡᠨ ᠢ ᠦᠨᠳᠦᠰᠦᠨ ᠱᠠᠲᠤᠨ ᠤ ᠡᠮᠦᠨ᠎ᠡ ᠹᠷᠣᠨᠲ ᠲᠤ ᠠᠪᠢᠶᠠᠰ ᠴᠢᠳᠠᠪᠤᠷᠢ ᠶᠢ ᠨᠢ ᠨᠡᠮᠡᠭᠳᠡᠭᠦᠯᠬᠦ ᠬᠡᠷᠡᠭᠲᠡᠢ ᠭᠡᠵᠤ ᠵᠢᠭᠠᠵᠤ ᠭᠠᠷᠭᠠᠪᠠ᠃      13 ᠤ ᠦᠳᠡ ᠶᠢᠨ ᠡᠮᠦᠨ᠎ᠡ᠂ ᠰᠢ ᠶᠢᠨ ᠫᠢᠩ ᠬᠠᠶᠢᠨᠠᠨ ᠤ ᠥᠭᠡᠷᠡᠴᠢᠯᠡᠯᠲᠡ ᠨᠡᠭᠡᠭᠡᠯᠳᠠ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠪᠠ ᠳᠤᠮᠳᠠᠳᠤ ᠤᠯᠤᠰ ᠤᠨ ᠣᠨᠴᠠᠯᠢᠭ ᠲᠠᠢ ᠴᠢᠯᠥᠭᠡᠲᠦ ᠠᠷᠠᠯᠵᠢᠶᠠᠨ ᠤ ᠭᠠᠷᠠᠮ ᠤᠨ ᠪᠦᠳᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠤᠨ ᠦᠵᠡᠭᠦᠯᠭᠡ ᠶᠢ ᠲᠣᠭᠤᠷᠢᠨ ᠦᠵᠡᠭᠰᠡᠨ ᠤ ᠲᠠᠷᠠᠭ᠎ᠠ᠂ ᠬᠠᠶᠢᠨᠠᠨ ᠮᠤᠵᠢ ᠶᠢᠨ ᠨᠠᠮ ᠤᠨ ᠬᠤᠷᠢᠶ᠎ᠠ ᠪᠣᠯᠤᠨ ᠮᠤᠵᠢ ᠶᠢᠨ ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠶᠢᠨᠠᠨ ᠤ ᠡᠯ᠎ᠡ ᠵᠦᠢᠯ ᠤᠨ ᠠᠵᠢᠯ ᠳᠤ ᠣᠯᠤᠭᠰᠠᠨ ᠠᠮᠵᠢᠯᠲᠠ ᠪᠦᠲᠦᠮᠵᠢ ᠶᠢ ᠨᠤᠲᠠᠯᠠᠵᠤ᠂ ᠬᠠᠶᠢᠨᠠᠨ ᠤ ︽ᠠᠮᠵᠢᠯᠲᠠ ᠠᠨᠤ ᠭᠠᠭᠴᠠ ᠮᠢᠨᠦ ᠭᠠᠪᠢᠶ᠎ᠠ ᠪᠤᠰᠤ︾ ᠭᠡᠬᠦ ᠵᠣᠷᠢᠭ ᠰᠠᠨᠠᠭᠠᠨ ᠤ ᠪᠠᠶᠢᠳᠠᠯ ᠪᠣᠯᠤᠨ ︽ᠠᠮᠵᠢᠯᠲᠠ ᠤᠯᠬᠤ ᠳᠤ ᠯᠠᠪᠲᠠᠢ ᠪᠢ ᠵᠢᠳᠭᠦᠨ᠎ᠠ︾ ᠭᠡᠬᠦ ᠲᠡᠦᠬᠡᠲᠦ ᠡᠭᠦᠷᠭᠡᠯᠡᠯ ᠢᠶᠠᠷ ᠬᠠᠶᠢᠨᠠᠨ ᠤ ᠴᠢᠯᠥᠭᠡᠲᠦ ᠠᠷᠠᠯᠵᠢᠶᠠᠨ ᠤ ᠭᠠᠷᠠᠮ ᠢ ᠳᠤᠮᠳᠠᠳᠤ ᠤᠯᠤᠰ ᠤᠨ ᠬᠡᠪ ᠨᠠᠮᠪᠠ ᠶᠢ ᠢᠯᠡᠷᠡᠭᠦᠯᠬᠦ ᠢᠷᠠᠭᠤ ᠰᠠᠶᠢᠬᠠᠨ ᠨᠡᠷ᠎ᠡ ᠶᠢᠨ ᠬᠠᠭᠤᠳᠠᠰᠤ ᠪᠣᠯᠭᠠᠬᠤ ᠶᠢ ᠬᠦᠰᠡᠪᠡ᠃      ᠰᠢ ᠶᠢᠨ ᠫᠢᠩ᠂ ᠴᠢᠯᠥᠭᠡᠲᠦ ᠠᠷᠠᠯᠵᠢᠶᠠᠨ ᠤ ᠭᠠᠷᠠᠮ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠪᠣᠯ ᠨᠠᠷᠢᠨ ᠪᠤᠳᠤᠯᠢᠶᠠᠨᠲᠠᠢ ᠰᠢᠰᠲ᠋ᠧᠮᠲᠦ ᠢᠨᠵᠧᠨᠧᠷᠢᠩ ᠮᠥᠨ᠂ ᠤᠷᠳᠤ ᠬᠤᠭᠤᠴᠠᠭ᠎ᠠ ᠪᠠᠷ ᠲᠡᠮᠡᠴᠡᠬᠦ ᠦᠵᠡᠯ ᠰᠠᠨᠠᠭᠠᠨ ᠤ ᠪᠡᠯᠡᠳᠭᠡᠯ ᠪᠣᠯᠤᠨ ᠠᠵᠢᠯ ᠤᠨ ᠪᠡᠯᠡᠳᠭᠡᠯ ᠢ ᠰᠠᠶᠢᠲᠤᠷ ᠬᠢᠬᠦ ᠬᠡᠷᠡᠭᠲᠡᠢ᠃ ᠬᠠᠶᠢᠨᠠᠨ ᠤ ᠴᠢᠯᠥᠭᠡᠲᠦ ᠠᠷᠠᠯᠵᠢᠶᠠᠨ ᠤ ᠭᠠᠷᠠᠮ ᠤᠨ ᠪᠦᠳᠦᠭᠡᠨ ᠪᠠᠶᠢᠭᠤᠯᠤᠯᠲᠠ ᠶᠢᠨ ᠶᠡᠷᠦᠩᠬᠡᠢ ᠲᠥᠰᠦᠯ ᠪᠣᠯᠤᠨ ᠬᠠᠶᠢᠨᠠᠨ ᠤ ᠴᠢᠯᠥᠭᠡᠲᠦ ᠠᠷᠠᠯᠵᠢᠶᠠᠨ ᠤ ᠭᠠᠷᠠᠮ ᠤᠨ ᠬᠠᠤᠯᠢ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠦᠷᠭᠦᠯᠵᠢᠯᠡᠨ ᠰᠠᠶᠢᠲᠤᠷ ᠠᠳᠬᠤᠵᠤ᠂ ᠲᠦᠷᠢᠮ ᠤᠨ ᠰᠢᠨ᠎ᠡ ᠡᠭᠦᠳᠦᠯᠲᠡ ᠶᠢ ᠲᠤᠪᠤᠶᠢᠮ᠎ᠠ ᠪᠠᠶᠢᠷᠢᠨ ᠳᠤ ᠲᠠᠯᠪᠢᠵᠤ᠂ ︽ᠲᠥᠪ ᠠᠴᠠ ᠨᠢᠭᠡᠳᠦᠯᠲᠡᠢ ᠲᠥᠯᠥᠪᠵᠢᠭᠦᠯᠬᠦ᠂ ᠰᠠᠯᠠᠭ᠎ᠠ ᠮᠥᠴᠢᠷ ᠠᠴᠠ ᠳᠡᠮᠵᠢᠬᠦ᠂ ᠮᠤᠵᠢ ᠠᠴᠠ ᠨᠠᠶᠢᠳᠠᠪᠤᠷᠢᠵᠢᠭᠤᠯᠬᠤ︾ ᠠᠵᠢᠯ ᠤᠨ ᠲᠣᠭᠲᠡᠴᠡ ᠶᠢ ᠴᠢᠩᠭᠠᠳᠬᠠᠵᠤ᠂ ᠬᠠᠶᠢᠨᠠᠨ ᠤ ᠴᠢᠯᠥᠭᠡᠲᠦ ᠠᠷᠠᠯᠵᠢᠶᠠᠨ ᠤ ᠭᠠᠷᠠᠮ ᠤᠨ ᠲᠣᠭᠲᠠᠭᠰᠠᠨ ᠬᠤᠭᠤᠴᠠᠭᠠᠨ ᠳᠤ ᠤᠷᠤᠭᠰᠢᠲᠠᠢ ᠠᠵᠢᠯᠯᠠᠬᠤ ᠶᠢ ᠪᠠᠲᠤᠯᠠᠬᠤ ᠬᠡᠷᠡᠭᠲᠡᠢ᠃ ᠨᠠᠮ ᠤᠨ ᠤᠳᠤᠷᠢᠳᠤᠯᠭ᠎ᠠ ᠶᠢ ᠭᠤᠶᠢᠪᠢᠰᠢ ᠦᠭᠡᠢ ᠪᠠᠷᠢᠮᠲᠠᠯᠠᠵᠤ᠂ ᠤᠬᠠᠮᠰᠠᠷ ᠠᠴᠠ ᠪᠠᠨ ᠨᠠᠮ ᠪᠣᠯᠤᠨ ᠤᠯᠤᠰ ᠤᠨ ᠶᠡᠭᠡ ᠲᠠᠯ᠎ᠠ ᠳᠤ ᠵᠣᠭᠰᠣᠨ ᠠᠰᠠᠭᠤᠳᠠᠯ ᠢ ᠪᠣᠳᠣᠯᠬᠢᠯᠠᠵᠤ᠂ ᠤᠴᠢᠷ ᠶᠠᠪᠤᠳᠠᠯ ᠢ ᠬᠢᠵᠤ᠂ ᠢᠮᠠᠭᠲᠠ ᠵᠥᠪ ᠤᠯᠤᠰ ᠲᠦᠷᠦ ᠶᠢᠨ ᠴᠢᠭᠯᠡᠯ ᠢ ᠪᠠᠷᠢᠮᠲᠠᠯᠠᠬᠤ ᠬᠡᠷᠡᠭᠲᠡᠢ᠃ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠢ ᠭᠤᠶᠢᠪᠢᠰᠢ ᠦᠭᠡᠢ ᠪᠠᠷᠢᠮᠲᠠᠯᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠡᠨᠡ ᠬᠦ ᠰᠢᠨᠵᠢ ᠴᠢᠨᠠᠷ ᠢ ᠪᠠᠲᠤ ᠡᠵᠡᠮᠳᠡᠬᠦ ᠬᠡᠷᠡᠭᠲᠡᠢ᠃ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠶᠢ ᠭᠤᠶᠢᠪᠢᠰᠢ ᠦᠭᠡᠢ ᠪᠠᠷᠢᠮᠲᠠᠯᠠᠵᠤ᠂ ᠬᠦᠨᠳᠦ ᠶᠡᠭᠡ ᠠᠶᠤᠯ ᠲᠦᠭᠰᠢᠭᠦᠷᠢ ᠶᠢ ᠢᠯᠭᠠᠨ ᠲᠠᠨᠢᠬᠤ ᠪᠠ ᠰᠡᠷᠭᠡᠶᠢᠯᠡᠬᠦ ᠶᠢ ᠴᠢᠩᠭᠠᠳᠬᠠᠵᠤ᠂ ᠥᠭᠡᠷᠡᠴᠢᠯᠡᠯᠲᠡ ᠬᠥᠭᠵᠢᠯᠲᠡ ᠲᠣᠭᠲᠠᠭᠤᠨ ᠢ ᠨᠢᠭᠡᠳᠦᠯᠲᠡᠢ ᠲᠥᠯᠥᠪᠵᠢᠭᠦᠯᠵᠦ᠂ ᠤᠷᠢᠳ ᠢᠶᠠᠷ ᠪᠠᠶᠢᠭᠤᠯᠵᠤ ᠳᠠᠷᠠᠭ᠎ᠠ ᠨᠢ ᠡᠪᠳᠡᠬᠦ᠂ ᠪᠠᠶᠢᠭᠤᠯᠬᠤ ᠦᠭᠡᠢ ᠪᠣᠯ ᠡᠪᠳᠡᠬᠦ ᠦᠭᠡᠢ ᠪᠠᠶᠢᠬᠤ ᠶᠢ ᠪᠠᠷᠢᠮᠲᠠᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠬᠠᠶᠢᠨᠠᠨ ᠤ ᠨᠡᠩ ᠰᠠᠶᠢᠨ ᠬᠥᠭᠵᠢᠯᠲᠡ ᠶᠢ ᠠᠬᠢᠭᠤᠯᠬᠤ ᠳᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠯ ᠦᠨᠳᠦᠰᠦᠨ ᠭᠠᠷᠬᠤ ᠵᠠᠮ ᠮᠥᠨ᠃ ᠵᠢᠭᠤᠯᠴᠢᠯᠠᠯ ᠤᠨ ᠦᠢᠯᠡᠰ᠂ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ᠂ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ᠂ ᠬᠠᠯᠠᠭᠤᠨ ᠪᠦᠰᠡ ᠶᠢᠨ ᠣᠨᠴᠠᠯᠢᠭᠳᠤ ᠥᠨᠳᠥᠷ ᠦᠷ᠎ᠡ ᠠᠰᠢᠭᠲᠤ ᠲᠠᠷᠢᠶᠠᠯᠠᠩ ᠢ ᠬᠥᠭᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠤᠳᠤ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠲᠦᠷᠭᠡᠳᠭᠡᠨ ᠪᠠᠶᠢᠭᠤᠯᠬᠤ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠶᠢ ᠲᠦᠷᠭᠡᠳᠭᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠦᠷ᠎ᠡ ᠪᠦᠲᠦᠭᠡᠯ ᠢ ᠤᠨᠳᠤᠤᠰᠢᠭᠤᠯᠬᠤ ᠡᠷᠴᠢᠮ ᠢ ᠴᠢᠩᠭᠠᠷᠠᠭᠤᠯᠬᠤ ᠬᠡᠷᠡᠭᠲᠡᠢ᠃ ᠡᠬᠡ ᠬᠠᠭᠤᠷᠠᠢ ᠳᠠᠯᠠᠢ ᠲᠠᠩᠭᠢᠰ ᠢ ᠨᠢᠭᠡᠳᠦᠯᠲᠡᠢ ᠲᠥᠯᠥᠪᠵᠢᠭᠦᠯᠬᠦ᠂ ᠠᠭᠤᠯᠠ ᠳᠠᠯᠠᠢ ᠬᠤᠯᠪᠣᠭᠠᠯᠠᠨ ᠬᠥᠳᠡᠯᠦᠯᠴᠡᠬᠦ᠂ ᠡᠬᠢ ᠪᠠᠶᠠᠯᠢᠭ ᠢ ᠠᠭᠤᠰᠤᠯᠴᠠᠭᠤᠯᠤᠨ ᠨᠡᠪᠲᠡᠷᠡᠭᠦᠯᠬᠦ ᠶᠢ ᠳᠤᠪᠤᠶᠢᠯᠭᠠᠵᠤ᠂ ᠬᠤᠳᠠ ᠬᠥᠳᠡᠭᠡ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠡᠯ᠎ᠡ ᠲᠠᠯ᠎ᠠ ᠶᠢᠨ ᠪᠠᠶᠢᠭᠤᠯᠤᠮᠵᠢ ᠲᠣᠭᠲᠠᠴᠠ ᠶᠢᠨ ᠬᠡᠮ ᠰᠣᠭᠤᠭ ᠢ ᠬᠦᠴᠦᠯᠡᠨ ᠠᠷᠢᠯᠭᠠᠵᠤ᠂ ᠨᠠᠩ ᠶᠡᠭᠡ ᠬᠡᠪᠴᠢᠶ᠎ᠡ᠂ ᠨᠠᠩ ᠥᠷᠭᠡᠨ ᠬᠦᠷᠢᠶ᠎ᠡ᠂ ᠨᠠᠩ ᠭᠦᠨ ᠳᠠᠪᠬᠤᠷᠭ᠎ᠠ ᠶᠢᠨ ᠭᠠᠳᠠᠭᠠᠳᠤ ᠨᠡᠭᠡᠭᠡᠯᠲᠡ ᠶᠢᠨ ᠪᠠᠶᠢᠷᠢᠰᠢᠯ ᠢ ᠪᠦᠷᠢᠯᠳᠦᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃      ᠰᠢ ᠶᠢᠨ ᠫᠢᠩ᠂ ᠬᠥᠳᠡᠭᠡ ᠠᠵᠤ ᠠᠬᠤᠢ ᠶᠢᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ ᠬᠥᠳᠡᠭᠡ ᠠᠵᠤ ᠠᠬᠤᠢ ᠶᠢᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ ᠡᠭᠦᠷᠢᠳᠡ ᠶᠢᠨ ᠴᠢᠨᠠᠷᠳᠠᠢ ᠦᠨᠳᠦᠰᠦᠨ ᠲᠠᠷᠢᠶᠠᠨ ᠭᠠᠵᠠᠷ᠂ ᠬᠤᠳᠠ ᠪᠠᠯᠭᠠᠰᠤᠨ ᠤ ᠨᠡᠭᠡᠭᠡᠨ ᠬᠥᠭᠵᠢᠭᠦᠯᠦᠯᠲᠡ ᠶᠢᠨ ᠵᠠᠭᠠᠭ ᠬᠢᠵᠠᠭᠠᠷ ᠵᠡᠷᠭᠡ ᠭᠤᠷᠪᠠᠨ ᠬᠢᠵᠠᠭᠠᠷᠯᠠᠬᠤ ᠱᠤᠭᠤᠮ ᠢ ᠪᠠᠳᠦ ᠰᠠᠬᠢᠬᠤ ᠬᠡᠷᠡᠭᠲᠡᠢ᠃ ᠬᠤᠲᠠ ᠬᠥᠳᠡᠭᠡ ᠵᠢᠴᠢ ᠠᠲᠠᠷ ᠬᠠᠭᠠᠯᠪᠤᠷᠢᠯᠠᠯᠲᠠ ᠶᠢᠨ ᠣᠷᠣᠨ ᠤ ᠨᠢᠭᠡ ᠴᠣᠭᠴᠠᠵᠢᠭᠰᠠᠨ ᠵᠣᠬᠢᠴᠠᠩᠭᠤᠶ ᠬᠥᠭᠵᠢᠯᠲᠡ ᠶᠢ ᠠᠬᠢᠭᠤᠯᠵᠤ᠂ ᠤᠯᠤᠰ ᠤᠨ ᠡᠮᠦᠨᠡᠲᠦ ᠣᠷᠣᠨ ᠳᠤ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠣᠶᠢᠵᠢᠭᠤᠯᠬᠤ ᠰᠠᠭᠤᠷᠢᠨ ᠤ ᠪᠥᠲᠥᠭᠡᠨ ᠪᠠᠶᠢᠭᠤᠯᠤᠯᠲᠠ ᠶᠢ ᠲᠦᠷᠭᠡᠳᠭᠡᠨ ᠠᠬᠢᠭᠤᠯᠵᠤ᠂ ᠪᠠᠶᠢᠭᠠᠯᠢ ᠶᠢᠨ ᠭᠤᠮ ᠤᠨ ᠠᠵᠤ ᠦᠶᠯᠡᠰ ᠢ ᠲᠡᠳᠬᠦᠬᠦ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠬᠦ ᠬᠡᠷᠡᠭᠲᠡᠶ᠃ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠭᠦᠨᠵᠡᠭᠡᠢ ᠰᠠᠶᠢᠲᠤᠷ ᠬᠢᠵᠦ᠂ ᠲᠠᠯᠠᠢ ᠶᠢ ᠬᠦᠷᠢᠶᠡᠯᠡᠨ ᠪᠥᠭᠯᠡᠬᠦ ᠶᠢ ᠬᠠᠮᠢᠶᠠᠷᠤᠨ ᠡᠵᠡᠮᠳᠡᠬᠦ ᠪᠠ ᠡᠷᠭᠢ ᠳᠠᠭᠠᠤ ᠶᠢᠨ ᠨᠡᠭᠡᠭᠡᠨ ᠬᠥᠭᠵᠢᠭᠦᠯᠦᠯᠲᠡ ᠶᠢ ᠬᠠᠮᠢᠶᠠᠷᠤᠨ ᠡᠵᠡᠮᠳᠡᠬᠦ ᠬᠠᠮᠤᠭ ᠤᠨ ᠴᠢᠩᠭ᠎ᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠢ᠃ ᠤᠯᠤᠰ ᠤᠨ ᠠᠮᠢ ᠠᠬᠤᠢ ᠶᠢᠨ ᠪᠣᠯᠪᠠᠰᠤᠨ ᠤ ᠲᠤᠷᠰᠢᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠬᠠᠯᠠᠭᠤᠨ ᠪᠦᠰᠡᠨ ᠤ ᠪᠣᠷᠣᠭᠠᠨᠲᠤ ᠣᠶ ᠶᠢᠨ ᠤᠯᠤᠰ ᠤᠨ ᠴᠡᠴᠡᠷᠯᠢᠭ ᠪᠣᠯ ᠤᠯᠤᠰ ᠤᠨ ᠡᠷᠳᠡᠨᠢ ᠮᠥᠨ᠂ ᠤᠰᠤᠨ ᠴᠥᠭᠦᠷᠥᠮ᠂ ᠠᠮᠤ ᠪᠤᠳᠠᠭᠠᠨ ᠤ ᠬᠥᠮᠥᠷᠭᠡ᠂ ᠵᠣᠭᠤᠰᠣᠨ ᠬᠥᠮᠥᠷᠭᠡ ᠮᠥᠨ᠂ ᠨᠠᠩ ᠴᠤ ᠨᠡᠭᠦᠷᠡᠰᠦᠲᠥ᠋ᠷᠥᠭᠴᠢ ᠶᠢᠨ ᠬᠥᠮᠥᠷᠭᠡ ᠮᠥᠨ᠂ ᠲᠡᠭᠦᠨ ᠤ ᠤᠯᠤᠰ ᠲᠤ ᠦᠵᠡᠭᠦᠯᠬᠦ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠢ ᠭᠦᠶᠴᠡᠳ ᠲᠠᠨᠢᠵᠤ᠂ ᠡᠯᠪᠡᠭ ᠪᠠᠶᠠᠯᠢᠭ ᠦᠷ᠎ᠡ ᠪᠦᠲᠦᠭᠡᠯ ᠭᠠᠷᠭᠠᠬᠤ ᠪᠠᠷ ᠴᠢᠷᠮᠠᠶᠢᠬᠤ ᠬᠡᠷᠡᠭᠲᠡᠶ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠨᠡᠭᠡᠭᠡᠯᠳᠠ ᠶᠢ ᠥᠷᠭᠡᠳᠭᠡᠬᠦ ᠲᠤᠳᠤᠮ ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠤᠯᠠᠮ ᠴᠢᠩᠭᠠᠳᠬᠠᠬᠤ ᠬᠡᠷᠡᠭᠲᠡᠢ᠃ ᠬᠦᠰᠡᠯᠡᠩ ᠢᠲᠡᠭᠡᠯ ᠪᠢᠰᠢᠷᠡᠯ ᠤᠨ ᠬᠥᠮᠦᠵᠢᠯ ᠢ ᠴᠥᠬᠦᠷᠡᠰᠢ ᠥᠬᠡᠶ ᠰᠠᠶᠢᠲᠤᠷ ᠠᠳᠬᠤᠵᠤ᠂ ᠨᠡᠶᠢᠭᠡᠮ ᠵᠢᠷᠤᠮ ᠤᠨ ᠭᠤᠤᠯᠯᠠᠭᠴᠢ ᠥᠷᠲᠡᠭ ᠤᠨ ᠦᠵᠡᠯᠲᠡ ᠶᠢ ᠪᠣᠶᠢᠵᠢᠭᠤᠯᠤᠨ ᠪᠠᠳᠠᠷᠠᠭᠤᠯᠵᠤ᠂ ᠣᠯᠠᠨ ᠲᠦᠮᠡᠨᠴᠢ ᠴᠢᠨᠠᠷᠲᠠᠶ ᠣᠶᠤᠨ ᠤ ᠪᠣᠯᠪᠠᠰᠤᠨ ᠢ ᠡᠭᠦᠳᠦᠨ ᠪᠠᠶᠢᠭᠤᠯᠬᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠠᠷᠠᠳ ᠲᠦᠮᠡᠨ ᠤ ᠪᠣᠯᠪᠠᠰᠤᠨ ᠬᠡᠪ ᠪᠣᠯᠪᠠᠰᠤᠷᠠᠯ ᠪᠣᠯᠤᠨ ᠨᠡᠶᠢᠭᠡᠮ ᠤᠨ ᠪᠣᠯᠪᠠᠰᠤᠨ ᠤ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ ᠦᠨᠡᠨᠴᠢ ᠢᠲᠡᠭᠡᠮᠵᠢᠲᠡᠢ ᠪᠠᠶᠢᠬᠤ ᠪᠠᠶᠢᠭᠤᠯᠤᠯᠲᠠ ᠶᠢ ᠴᠢᠩᠭᠠᠳᠬᠠᠵᠤ᠂ ᠰᠠᠬᠢᠯᠭ᠎ᠠ ᠪᠠᠲᠤ ᠶᠢ ᠵᠢᠷᠤᠮᠯᠠᠨ ᠬᠠᠤᠯᠢ ᠴᠠᠭᠠᠵᠠ ᠶᠢ ᠰᠠᠬᠢᠬᠤ᠂ ᠦᠨᠡᠨᠴᠢ ᠢᠲᠡᠭᠡᠮᠵᠢᠲᠡᠢ ᠪᠠᠶᠢᠬᠤ ᠨᠡᠶᠢᠭᠡᠮ ᠤᠨ ᠬᠡᠪ ᠰᠤᠷᠲᠠᠯ ᠢ ᠰᠠᠨᠠᠭᠠᠴᠢᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠰᠢ ᠶᠢᠨ ᠫᠢᠩ᠂ ᠨᠡᠩ ᠤᠯᠠᠨ ᠬᠠᠶᠢᠷ᠎ᠠ ᠰᠡᠳᠭᠢᠯᠭᠡ ᠲᠠᠢ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠨᠡᠩ ᠤᠯᠠᠨ ᠠᠷᠠᠳ ᠤᠨ ᠰᠡᠳᠭᠢᠯ ᠢ ᠳᠤᠯᠠᠭᠠᠴᠠᠭᠤᠯᠬᠤ ᠠᠵᠢᠯᠯᠠᠭ᠎ᠠ ᠶᠢ ᠨᠠᠶᠢᠳᠠᠪᠤᠷᠢᠵᠢᠭᠤᠯᠵᠤ᠂ ᠠᠷᠠᠳ ᠤᠯᠠᠨ ᠤ ᠪᠠᠴᠢᠮᠳᠠᠵᠤ᠂ ᠲᠦᠪᠡᠭᠳᠡᠵᠦ᠂ ᠵᠣᠪᠠᠨᠢᠵᠤ᠂ ᠬᠦᠰᠡᠵᠦ ᠪᠠᠶᠢᠭ᠎ᠠ ᠠᠰᠠᠭᠤᠳᠠᠯ ᠢ ᠰᠡᠳᠭᠢᠯ ᠲᠠᠯᠪᠢᠨ ᠬᠦᠴᠦ ᠣᠷᠣᠭᠤᠯᠤᠨ ᠰᠠᠶᠢᠲᠤᠷ ᠰᠢᠢᠳᠪᠦᠷᠢᠯᠡᠵᠦ᠂ ᠬᠠᠮᠲᠤ ᠪᠠᠷ ᠪᠠᠶᠠᠵᠢᠬᠤ ᠶᠢ ᠪᠡᠶᠡᠯᠡᠭᠦᠯᠬᠦ ᠠᠷᠭ᠎ᠠ ᠵᠠᠮ ᠢ ᠢᠳᠡᠪᠬᠢᠲᠡᠢ ᠰᠦᠪᠡᠭᠴᠢᠯᠡᠬᠦ ᠬᠡᠷᠡᠭᠲᠡᠢ᠃ ᠳᠠᠷᠤᠭᠠᠰᠤ ᠶᠢ ᠬᠥᠩᠭᠡᠷᠡᠭᠦᠯᠵᠦ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠣᠯᠭᠤᠯᠲᠠ ᠶᠢ ᠥᠷᠭᠡᠳᠭᠡᠬᠦ ᠲᠦᠷᠦ ᠶᠢᠨ ᠪᠤᠳᠤᠯᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠠᠷᠠᠳ ᠤᠨ ᠠᠮᠢᠳᠤᠷᠠᠯ ᠤᠨ ᠴᠢᠬᠤᠯᠠ ᠲᠠᠸᠠᠷ ᠤᠨ ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ ᠲᠣᠭᠲᠠᠪᠤᠷᠢᠵᠢᠭᠤᠯᠬᠤ ᠲᠣᠭᠲᠠᠴᠠ ᠶᠢ ᠪᠦᠷᠢᠨᠰᠢᠬᠦᠯᠬᠦ ᠬᠡᠷᠡᠭᠲᠡᠢ᠃ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠡᠩᠴᠡᠭᠦᠷᠢᠲᠡᠢ ᠬᠥᠭᠵᠢᠯᠲᠡ ᠪᠠ ᠬᠤᠳᠠ ᠬᠥᠳᠡᠭᠡ ᠶᠢᠨ ᠨᠢᠭᠡ ᠴᠤᠭᠴᠠᠵᠢᠯᠳᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠢ᠃ ᠨᠡᠶᠢᠭᠡᠮ ᠤᠨ ᠵᠠᠰᠠᠯᠲᠠ ᠶᠢᠨ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠵᠦ᠂ ᠠᠶᠤᠯᠭᠦᠢ ᠦᠶᠯᠡᠳᠪᠦᠷᠢᠯᠡᠯ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤᠵᠢᠭᠤᠯᠤᠨ ᠥᠷᠨᠢᠭᠦᠯᠵᠦ᠂ ᠲᠡᠯᠡᠶ ᠲᠠᠩᠬᠢᠰ ᠲᠤ ᠬᠤᠯᠪᠣᠭᠳᠠᠭᠰᠠᠨ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠶ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠴᠢᠩᠭ᠎ᠠ ᠭᠤᠣᠯ ᠬᠦᠭ ᠠᠶᠠᠰ ᠢ ᠪᠠᠷᠢᠮᠲᠠᠯᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠵᠤ᠂ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠪᠠᠷ ᠨᠢᠭᠡᠳᠦᠯᠲᠡᠢ ᠵᠢᠯᠤᠭᠤᠳᠤᠭᠤᠯᠤᠨ ᠨᠠᠮ ᠤᠨ ᠡᠯ᠎ᠡ ᠲᠠᠯ᠎ᠠ ᠶᠢᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ᠃ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠭᠡᠵᠦ᠂ ᠨᠠᠮ ᠪᠠᠶᠢᠭᠤᠯᠬᠤ ᠠᠭᠤᠤ ᠶᠡᠭᠡ ᠵᠣᠷᠢᠭ ᠰᠠᠨᠠᠭ᠎ᠠ ᠶᠢ ᠪᠠᠳᠠᠷᠠᠭᠤᠯᠵᠤ᠂ ᠬᠠᠶᠢᠨᠠᠨ ᠤ ᠴᠢᠶᠦ᠋ᠩ ᠶᠠ ᠶᠢᠨ ᠴᠤᠪᠤᠭ᠎ᠠ ᠠᠩᠬᠢ ᠶᠢᠨ ᠳᠤᠷᠠᠰᠬᠠᠯ ᠤᠨ ᠲᠠᠯᠠᠪᠤᠷ᠂ ᠬᠤᠪᠢᠰᠬᠠᠯᠲᠤ ᠡᠮᠡᠭᠲᠡᠢ ᠴᠡᠷᠢᠭ ᠤᠨ ᠳᠤᠷᠠᠰᠬᠠᠯ ᠤᠨ ᠬᠦᠷᠢᠶᠡᠯᠡᠩ ᠵᠡᠷᠭᠡ ᠬᠤᠪᠢᠰᠬᠠᠯ ᠤᠨ ᠡᠬᠢ ᠪᠠᠶᠠᠯᠢᠭ ᠢ ᠰᠠᠶᠢᠲᠤᠷ ᠠᠰᠢᠭᠯᠠᠵᠤ᠂ ᠥᠷᠭᠡᠨ ᠤᠯᠠᠨ ᠨᠠᠮ ᠤᠨ ᠭᠡᠰᠢᠭᠦᠨ᠂ ᠺᠠᠳ᠋ᠷ ᠢ ᠬᠦᠳᠦᠯᠦᠨ ᠵᠢᠯᠣᠭᠤᠳᠴᠤ ᠪᠠᠶᠢᠭᠠᠳ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠬᠤᠪᠢᠰᠬᠠᠯ ᠤᠨ ᠤᠳᠤᠮᠰᠢᠯ ᠢ ᠵᠠᠯᠭᠠᠮᠵᠢᠯᠠᠵᠤ᠂ ᠬᠤᠪᠢᠰᠬᠠᠯ ᠤᠨ ᠤᠳᠤᠮᠰᠢᠯ ᠢ ᠦᠷᠭᠦᠯᠵᠢᠯᠡᠭᠦᠯᠬᠦ ᠬᠡᠷᠡᠭᠲᠡᠢ᠃ ᠺᠠᠳ᠋ᠷ ᠤᠨ ᠬᠥᠮᠦᠵᠢᠯ ᠪᠣᠯᠪᠠᠰᠤᠷᠠᠯ ᠢ ᠴᠢᠩᠭᠠᠳᠬᠠᠵᠤ᠂ ᠥᠷᠭᠡᠨ ᠤᠯᠠᠨ ᠨᠠᠮ ᠤᠨ ᠭᠡᠰᠢᠭᠦᠨ᠂ ᠺᠠᠳ᠋ᠷ ᠢ ᠬᠦᠳᠦᠯᠦᠨ ᠵᠢᠯᠣᠭᠤᠳᠴᠤ ᠪᠠᠶᠢᠭᠠᠳ ᠨᠠᠮ ᠤᠨ ᠰᠢᠨ᠎ᠡ ᠶᠢ ᠡᠭᠦᠳᠬᠦ ᠤᠨᠤᠯ ᠢᠶᠠᠷ ᠲᠠᠷᠢᠬᠢ ᠲᠣᠯᠣᠭᠠᠢ ᠪᠠᠨ ᠵᠡᠪᠰᠡᠭᠯᠡᠵᠦ᠂ ᠤᠬᠠᠮᠰᠠᠷ ᠠᠴᠠ ᠪᠠᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠵᠦ᠂ ︽ᠴᠢᠳᠠᠪᠤᠷᠢ ᠶᠢᠨ ᠮᠡᠭᠦᠰᠳᠡᠯ︾᠂ ᠴᠢᠳᠠᠪᠤᠷᠢ ᠬᠦᠷᠦᠯᠴᠡᠬᠦ ᠦᠭᠡᠢ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠬᠦᠴᠦᠯᠡᠨ ᠲᠡᠪᠴᠢᠬᠦ ᠬᠡᠷᠡᠭᠲᠡᠢ᠃ ᠦᠨᠳᠦᠰᠦᠨ ᠱᠠᠲᠤᠨ ᠤ ᠰᠠᠭᠤᠷᠢ ᠶᠢ ᠪᠠᠬᠢᠵᠢᠭᠦᠯᠵᠦ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠪᠦᠲᠦᠮᠵᠢᠲᠡᠢ ᠪᠦᠷᠬᠦᠴᠡ ᠶᠢ ᠦᠷᠭᠦᠯᠵᠢᠯᠡᠨ ᠥᠷᠭᠡᠳᠭᠡᠵᠦ᠂ ᠡᠯ᠎ᠡ ᠬᠦᠷᠢᠶᠡᠨ ᠳᠠᠬᠢ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠪᠠᠲᠤ ᠴᠢᠩᠭ᠎ᠠ ᠲᠠᠶᠢᠴᠢᠨ ᠪᠠᠬᠢᠯᠡᠯᠲᠡ ᠪᠣᠯᠭᠠᠨ ᠪᠠᠶᠢᠭᠤᠯᠬᠤ ᠬᠡᠷᠡᠭᠲᠡᠢ᠃ ᠢᠯᠵᠠᠷᠡᠯ ᠢ ᠡᠰᠡᠷᠭᠦᠴᠡᠬᠦ ᠰᠦᠷ ᠬᠦᠴᠦᠲᠦ ᠪᠠᠶᠢᠳᠠᠯ ᠢ ᠪᠠᠲᠤᠯᠠᠵᠤ᠂ ᠢᠯᠵᠠᠷᠠᠯ ᠢ ᠡᠰᠡᠷᠭᠦᠴᠡᠬᠦ ᠲᠡᠮᠡᠴᠡᠯ ᠤᠨ ᠰᠢᠨ᠎ᠡ ᠱᠠᠳᠤᠴᠢ ᠴᠢᠨᠠᠷᠲᠠᠢ ᠣᠨᠴᠠᠯᠢᠭ ᠢ ᠣᠨᠣᠪᠴᠢᠲᠠᠢ ᠡᠵᠡᠮᠳᠡᠵᠦ᠂ ᠢᠯᠵᠠᠷᠠᠬᠤ ᠠᠴᠠ ᠵᠢᠷᠦᠬᠡᠰᠢᠶᠡᠬᠦ᠂ ᠢᠯᠵᠠᠷᠠᠵᠤ ᠪᠣᠯᠬᠤ ᠦᠭᠡᠢ᠂ ᠢᠯᠵᠠᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ ᠴᠤᠬᠴᠠᠵᠢᠭᠤᠯᠤᠨ ᠠᠬᠢᠭᠤᠯᠵᠤ᠂ ᠭᠠᠵᠠᠷ ᠰᠢᠷᠣᠢ ᠶᠢ ᠲᠦᠷᠢᠶᠡᠰᠦᠯᠡᠬᠦ ᠶᠢ ᠵᠥᠪᠰᠢᠶᠡᠷᠡᠬᠦ ᠂ ᠭᠡᠷ ᠭᠠᠵᠠᠷ ᠤᠨ ᠬᠦᠷᠦᠩᠭᠡ ᠶᠢ ᠨᠡᠭᠡᠭᠡᠨ ᠠᠰᠢᠭᠯᠠᠬᠤ᠂ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠵᠡᠷᠭᠡ ᠲᠠᠯ᠎ᠠ ᠪᠠᠷ ᠲᠦᠷᠢᠮ ᠢ ᠪᠦᠷᠢᠨᠰᠢᠬᠦᠯᠵᠤ᠂ ᠠᠯᠳᠠᠰᠢ ᠭᠠᠷᠬᠤ ᠶᠢ ᠬᠤᠷᠢᠭᠯᠠᠵᠤ᠂ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠶᠢ ᠪᠤᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃      ᠰᠢ ᠶᠢᠨ ᠫᠢᠩ᠂ ᠣᠳᠣᠬᠠᠨ ᠳᠤ ᠪᠦᠬᠦ ᠪᠥᠮᠪᠥᠷᠴᠡᠭ ᠤᠨ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠮᠥᠨ ᠬᠦ ᠲᠤᠶᠢᠯ ᠤᠨ ᠬᠦᠨᠳᠦ ᠨᠣᠴᠢᠲᠠᠢ ᠪᠠᠶᠢᠨ᠎ᠠ᠂ ᠢᠯᠠᠩᠭᠤᠶ᠎ᠠ ᠰᠡᠷᠭᠡᠶᠢᠯᠡᠨ ᠡᠵᠡᠮᠳᠡᠬᠦ ᠠᠵᠢᠯ ᠢ ᠰᠤᠯᠠᠷᠠᠭᠤᠯᠵᠤ ᠪᠣᠯᠬᠤ ᠦᠭᠡᠢ᠃ ᠪᠠᠷᠢᠮᠲᠠᠯᠠᠯ ᠪᠣᠯ ᠳᠠᠷᠤᠢ ᠢᠯᠠᠯᠲᠠ ᠮᠦᠨ᠃ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ᠂ ᠳᠣᠲᠣᠭᠠᠳᠤ ᠳᠠᠭᠠᠨ ᠲᠠᠬᠢᠨ ᠲᠡᠯᠭᠡᠷᠡᠬᠦ ᠶᠢ ᠰᠡᠷᠭᠡᠶᠢᠯᠡᠬᠦ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨᠴᠢ ᠣᠨᠣᠴᠠᠲᠠᠢ ᠪᠠᠶᠢᠬᠤ᠂ ᠡᠪᠡᠳᠴᠢᠨ ᠤ ᠵᠢᠱᠶᠶ᠎ᠡ ᠶᠢ ᠳᠠᠷᠤᠢ ᠲᠦᠷᠭᠡᠨ ᠦᠭᠡᠢ ᠪᠤᠯᠭᠠᠬᠤ ᠶᠢ ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠷᠢᠯᠢᠭ ᠪᠣᠳᠠᠲᠠᠢ ᠠᠳᠬᠤᠬᠤ ᠬᠡᠷᠡᠭᠲᠡᠢ᠃ ᠲᠠᠶᠢᠪᠤᠰᠢᠷᠠᠬᠤ ᠪᠤᠳᠤᠯ᠂ ᠬᠠᠯᠠᠰᠢᠷᠠᠬᠤ ᠰᠡᠳᠭᠢᠯᠭᠡ᠂ ᠭᠤᠷᠢᠳᠠᠬᠤ ᠪᠤᠳᠤᠯ᠂ ᠰᠤᠯᠠᠷᠠᠬᠤ ᠰᠡᠳᠭᠢᠯᠭᠡ ᠶᠢ ᠢᠯᠠᠨ ᠳᠠᠪᠠᠵᠤ᠂ ᠸᠢᠷᠦ᠋ᠰ ᠤᠨ ᠣᠨᠳᠣᠣᠰᠢᠯ ᠤᠨ ᠰᠢᠨ᠎ᠡ ᠣᠨᠴᠠᠯᠢᠭ ᠲᠤ ᠴᠢᠭᠯᠡᠭᠦᠯᠦᠨ᠂ ᠰᠢᠨᠵᠢᠯᠡᠬᠦ ᠤᠬᠠᠭᠠᠨᠴᠢ ᠪᠠᠷ ᠣᠨᠣᠴᠠᠲᠠᠢ ᠪᠠᠷ ᠰᠡᠷᠭᠡᠶᠢᠯᠡᠨ ᠡᠵᠡᠮᠳᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠡᠯ᠎ᠡ ᠵᠦᠢᠯ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠭᠡᠯ ᠲᠥᠰᠦᠯ ᠢ ᠲᠡᠭᠦᠯᠳᠡᠷᠵᠢᠭᠦᠯᠦᠨ᠂ ᠪᠠᠶᠢᠩᠭᠤᠵᠢᠬᠰᠠᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠵᠡᠭᠦᠯᠬᠦ ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠳ᠋ᠢᠩ ᠰᠢᠤᠸᠠᠢ ᠰᠢᠶᠠᠩ᠂ ᠯᠢᠦ ᠾᠧ᠂ ᠴᠧᠨ ᠰᠢ᠂ ᠾᠧ ᠯᠢ ᠹᠧᠩ ᠪᠣᠯᠤᠨ ᠲᠥᠪ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠤ ᠰᠢᠨᠵᠢᠯᠡᠨ ᠪᠠᠶᠢᠴᠠᠭᠠᠪᠠ᠃
 
ᠢᠷᠡᠯᠲᠡ᠄ ᠦᠪᠣᠷ ᠮᠣᠩᠭᠤᠯ ᠤᠨ ᠦᠪᠡᠷᠳᠡᠬᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠨᠠᠶᠢᠳᠡᠯᠡᠯ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号