ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠤᠯᠤᠰ ᠤᠨ ᠡᠭᠦᠳᠡᠨ ᠤ ᠠᠮᠢᠳᠤ ᠪᠣᠳᠠᠰ ᠤᠨ ᠠᠮᠤᠷ ᠲᠦᠪᠰᠢᠨ ᠤ ᠬᠠᠤᠯᠢᠵᠢᠯ ᠤᠨ ᠤᠬᠠᠭᠤᠯᠭ᠎ᠠ ᠬᠥᠮᠦᠵᠢᠯ ᠤᠨ ᠰᠠᠭᠤᠷᠢᠨ ᠡᠷᠢᠶᠡᠨ ᠳᠤ ᠪᠠᠶᠢᠭᠤᠯᠣᠭᠳᠠᠪᠠ
ᠨᠡᠶᠢᠲᠡᠯᠡᠭᠰᠡᠨ ᠴᠠᠭ᠄
2022/4/18
    ᠳᠣᠯᠣᠳᠤᠭᠠᠷ ᠠᠷᠠᠳ ᠨᠡᠶᠢᠲᠡ ᠶᠢᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠵᠢᠴᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠢᠳᠤ ᠪᠣᠳᠠᠰ ᠤᠨ ᠠᠮᠤᠷ ᠲᠦᠪᠰᠢᠨ ᠤ ᠬᠠᠤᠯᠢ︾ ᠶᠢ ᠬᠡᠷᠡᠭᠵᠢᠭᠦᠯᠦᠭᠰᠡᠨ ᠨᠢᠭᠡ ᠵᠢᠯ ᠤᠨ ᠣᠶ ᠶᠢᠨ ᠲᠠᠰᠢᠷᠠᠮ ᠳᠤ᠂ 4 ᠰᠠᠷ᠎ᠠ ᠶᠢᠨ 15 ᠤ ᠡᠳᠦᠷ᠂ ᠬᠥᠬᠡᠬᠤᠲᠠ ᠶᠢᠨ ᠪᠣᠭᠤᠮᠲᠠ ᠶᠢᠨ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠤᠨ ᠰᠠᠭᠤᠷᠢᠨ ᠭᠠᠵᠠᠷ ᠡᠷᠢᠶᠡᠨ ᠬᠤᠲᠠ ᠳᠤ ᠪᠠᠶᠢᠭᠤᠯᠣᠭᠳᠠᠪᠠ᠂ ᠡᠨᠡ ᠨᠢ ᠮᠥᠨ ᠴᠦ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠤᠯᠤᠰ ᠤᠨ ᠡᠭᠦᠳᠡᠨ ᠤ ᠠᠮᠢᠳᠤ ᠪᠣᠳᠠᠰ ᠤᠨ ᠠᠮᠤᠷ ᠲᠦᠪᠰᠢᠨ ᠢᠶᠠᠷ ᠭᠤᠣᠯ ᠰᠡᠳᠦᠪ ᠪᠣᠯᠭᠠᠭᠰᠠᠨ ᠬᠠᠤᠯᠢ ᠪᠠᠷ ᠵᠠᠰᠠᠬᠤ ᠰᠣᠶᠣᠯ ᠤᠨ ᠵᠢᠭᠰᠠᠭᠠᠯ ᠤᠨ ᠭᠠᠵᠠᠷ ᠪᠣᠯᠣᠨ᠎ᠠ᠃
    ᠨᠡᠶᠢᠭᠡᠮ ᠨᠡᠶᠢᠲᠡ ᠳᠤ ᠤᠯᠤᠰ ᠤᠨ ᠡᠭᠦᠳᠡᠨ ᠤ ᠠᠮᠢᠳᠤ ᠪᠣᠳᠠᠰ ᠤᠨ ᠠᠮᠤᠷ ᠲᠦᠪᠰᠢᠨ ᠤ ᠮᠡᠳᠡᠯᠭᠡ ᠶᠢ ᠨᠡᠩ ᠰᠠᠶᠢᠨ ᠳᠦᠭᠡᠮᠡᠯᠵᠢᠬᠦᠯᠵᠦ᠂ ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠤᠬᠠᠮᠰᠠᠷ ᠪᠠ ᠬᠠᠤᠯᠢ ᠪᠠᠷ ᠵᠠᠰᠠᠬᠤ ᠬᠡᠪ ᠪᠣᠯᠪᠠᠰᠤᠷᠠᠯ ᠢ  ᠳᠡᠭᠡᠭᠰᠢᠯᠡᠬᠦᠯᠬᠦ ᠶᠢᠨ ᠳᠣᠯᠠᠳᠠ᠂ ᠬᠥᠬᠡᠬᠤᠲᠠ ᠶᠢᠨ ᠪᠣᠭᠤᠮᠲᠠ ᠨᠢ ᠬᠠᠷᠢᠶ᠎ᠠ ᠡᠷᠢᠶᠡᠨ ᠬᠤᠲᠠ ᠶᠢᠨ ᠪᠣᠭᠤᠮᠲᠠ ᠶᠢᠨ ᠠᠮᠢᠲᠠᠨ ᠤᠷᠭᠤᠮᠠᠯ ᠢ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠵᠠᠭᠪᠤᠷ ᠤᠨ ᠲᠠᠰᠤᠭ ᠲᠤ ᠲᠦᠰᠢᠭᠯᠡᠨ᠂ ᠵᠠᠭᠪᠤᠷ ᠤᠨ ᠦᠵᠡᠭᠦᠯᠦᠯᠭᠡ᠂ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠤ ᠰᠤᠳᠤᠯᠤᠯ ᠢ ᠨᠢᠭᠡ ᠴᠣᠭᠴᠠᠵᠢᠭᠤᠯᠤᠭᠰᠠᠨ ᠶᠡᠷᠦᠩᠬᠡᠶᠢᠯᠡᠭᠰᠡᠨ ᠴᠢᠨᠠᠷᠲᠠᠢ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠵᠢᠭᠰᠠᠭᠠᠯ ᠤᠨ ᠭᠠᠵᠠᠷ ᠢ ᠪᠠᠶᠢᠭᠤᠯᠤᠭᠰᠠᠨ ᠪᠥᠭᠡᠳ ᠡᠷᠢᠶᠡᠨ ᠬᠤᠲᠠ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠪᠠ ᠤᠯᠤᠰ ᠤᠨ ᠡᠭᠦᠳᠡᠨ ᠳᠠᠬᠢ ᠠᠮᠢᠳᠤ ᠪᠣᠳᠠᠰ ᠤᠨ ᠠᠮᠤᠷ ᠲᠦᠪᠰᠢᠨ ᠤ ᠬᠥᠮᠦᠵᠢᠯ ᠤᠨ ᠰᠠᠭᠤᠷᠢᠨ ᠭᠠᠵᠠᠷ ᠢᠶᠠᠷ ᠲᠣᠭᠲᠠᠭᠠᠭᠳᠠᠪᠠ᠃
   ᠤᠯᠠᠨ ᠨᠡᠶᠢᠲᠡ ᠳᠤ ᠬᠠᠨᠳᠤᠭᠤᠯᠤᠨ ᠤᠯᠤᠰ ᠤᠨ ᠡᠭᠦᠳᠡᠨ ᠤ ᠠᠮᠢᠳᠤ ᠪᠣᠳᠠᠰ ᠤᠨ ᠠᠮᠤᠷ ᠲᠦᠪᠰᠢᠨ ᠤ ᠬᠥᠮᠦᠵᠢᠯ ᠤᠨ ᠰᠠᠭᠤᠷᠢᠨ ᠢ ᠨᠡᠭᠡᠭᠡᠬᠦ ᠶᠢᠨ ᠬᠠᠮᠲᠤ᠂ ᠡᠷᠢᠶᠡᠨ ᠪᠣᠭᠤᠮᠲᠠ ᠶᠢᠨ ᠬᠢᠨ ᠪᠠᠰᠠ ᠰᠤᠷᠭᠠᠭᠤᠯᠢ᠂ ᠨᠡᠶᠢᠭᠡᠮ ᠲᠣᠭᠤᠷᠢᠭ᠂ ᠠᠵᠤ ᠠᠬᠤᠶᠢᠯᠠᠯ᠂ ᠠᠭᠤᠳᠠᠮ ᠲᠠᠯᠠᠪᠠᠢ ᠳᠤ ᠬᠦᠷᠴᠦ ᠤᠯᠤᠰ ᠤᠨ ᠡᠭᠦᠳᠡᠨ ᠤ ᠠᠮᠢᠳᠤ ᠪᠣᠳᠠᠰ ᠤᠨ ᠠᠮᠤᠷ ᠲᠦᠪᠰᠢᠨ ᠤ ᠰᠢᠷᠢᠰ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠡᠢ᠃ ᠬᠤᠲᠠ ᠶᠢᠨ ᠭᠤᠷᠪᠠᠳᠤᠭᠠᠷ ᠪᠠᠭ᠎ᠠ ᠰᠤᠷᠭᠠᠭᠤᠯᠢ ᠶᠢᠨ ᠡᠷᠭᠢᠯᠡᠭᠰᠡᠨ ︽ᠤᠯᠤᠰ ᠤᠨ ᠡᠭᠦᠳᠡᠨ ᠤ ᠠᠮᠢᠳᠤ ᠪᠣᠳᠠᠰ ᠤᠨ ᠠᠮᠤᠷ ᠲᠦᠪᠰᠢᠨ ᠢᠶᠠᠷ ᠰᠤᠷᠭᠠᠭᠤᠯᠢ ᠶᠢᠨ ᠬᠦᠷᠢᠶᠡᠨ ᠳᠤ ᠣᠷᠣᠬᠤ︾ ᠠᠵᠢᠯᠯᠠᠭ᠎ᠠ ᠳᠤᠮᠳᠠ᠂ ᠪᠣᠭᠤᠮᠲᠠ ᠶᠢᠨ ᠠᠵᠢᠯᠲᠠᠳ ᠰᠤᠷᠤᠭᠴᠢᠳ ᠲᠤ ᠨᠢᠭᠡ ᠤᠳᠠᠭᠠᠨ ᠤ ᠥᠪᠡᠷᠮᠢᠴᠡ ᠣᠨᠴᠠᠯᠢᠭ ᠲᠠᠢ ︽ᠤᠯᠤᠰ ᠤᠨ ᠡᠭᠦᠳᠡᠨ ᠤ ᠠᠮᠢᠳᠤ ᠪᠣᠳᠠᠰ ᠤᠨ ᠠᠮᠤᠷ ᠲᠦᠪᠰᠢᠨ ᠤ ᠰᠣᠨᠢᠷᠬᠠᠯ ᠤᠨ ᠬᠢᠴᠢᠶᠡᠯ︾ ᠢ ᠠᠪᠴᠢᠷᠠᠨ ᠥᠭᠴᠦ᠂ ᠺᠠᠷᠲ᠋ᠣᠨ ᠵᠢᠷᠤᠭ ᠦᠵᠡᠬᠦ᠂ ᠠᠮᠢᠲᠠᠨ ᠤᠷᠭᠤᠮᠠᠯ ᠤᠨ ᠬᠡᠪ ᠵᠠᠭᠪᠤᠷ ᠢ ᠠᠵᠢᠭᠯᠠᠬᠤ᠂ ᠬᠠᠷᠢᠯᠴᠠᠨ ᠬᠥᠳᠡᠯᠦᠯᠴᠡᠬᠦ ᠲᠣᠭᠯᠠᠭᠠᠮ ᠵᠡᠷᠭᠡ ᠬᠡᠯᠪᠡᠷᠢ ᠪᠠᠷ ᠳᠠᠮᠵᠢᠭᠤᠯᠤᠨ᠂ ᠰᠤᠷᠤᠭᠴᠢᠳ ᠢ ᠬᠥᠲᠥᠯᠥᠨ ᠵᠢᠯᠤᠭᠤᠳᠴᠤ ᠪᠠᠶᠢᠭᠠᠳ ᠤᠯᠤᠰ ᠤᠨ ᠡᠭᠦᠳᠡᠨ ᠳᠠᠬᠢ ᠠᠮᠢᠳᠤ ᠪᠣᠳᠠᠰ ᠤᠨ ᠠᠮᠤᠷ ᠲᠦᠪᠰᠢᠨ ᠤ ᠵᠥᠪ ᠣᠶᠢᠯᠠᠭᠠᠭᠳᠠᠬᠤᠨ ᠢ ᠪᠣᠶ ᠪᠣᠯᠭᠠᠵᠤ᠂ ᠭᠠᠳᠠᠨ᠎ᠠ ᠠᠴᠠ ᠢᠷᠡᠭᠰᠡᠨ ᠠᠮᠢᠳᠤ ᠪᠣᠳᠠᠰ ᠤᠨ ᠲᠦᠷᠢᠮᠡᠬᠡᠶᠢᠯᠡᠯ ᠢ ᠬᠠᠮᠲᠤ ᠪᠠᠷ ᠰᠡᠷᠭᠡᠶᠢᠯᠡᠨ᠂ ᠤᠯᠤᠰ ᠤᠨ ᠡᠭᠦᠳᠡᠨ ᠳᠠᠬᠢ ᠠᠮᠢᠳᠤ ᠪᠣᠳᠠᠰ ᠤᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠪᠡ᠃     ᠡᠷᠢᠶᠡᠨ ᠪᠣᠭᠤᠮᠲᠠ ᠶᠢᠨ ᠮᠡᠷᠭᠡᠵᠢᠯ ᠤᠨ ᠲᠥᠪ ᠤᠨ ᠰᠤᠳᠤᠯᠤᠭᠴᠢ ᠵᠠᠩ ᠶᠦᠩ ᠬᠤᠩ᠂ ᠪᠣᠭᠤᠮᠲᠠ ᠶᠢᠨ ᠬᠢᠨ ᠤᠯᠤᠰ ᠤᠨ ᠡᠭᠦᠳᠡᠨ ᠤ ᠠᠮᠢᠳᠤ ᠪᠣᠳᠠᠰ ᠤᠨ ᠠᠮᠤᠷ ᠲᠦᠪᠰᠢᠨ ᠤ ᠬᠥᠮᠦᠵᠢᠯ ᠤᠨ ᠰᠠᠭᠤᠷᠢᠨ ᠭᠠᠵᠠᠷ ᠤᠨ ᠬᠠᠤᠯᠢᠵᠢᠯ ᠤᠨ ᠤᠬᠠᠭᠤᠯᠭ᠎ᠠ ᠬᠥᠮᠦᠵᠢᠯ ᠤᠨ ᠴᠢᠳᠠᠪᠬᠢ ᠶᠢ ᠦᠷᠭᠦᠯᠵᠢᠯᠡᠨ ᠪᠠᠳᠠᠷᠠᠭᠤᠯᠵᠤ᠂ ᠡᠯ᠎ᠡ ᠳᠤᠮᠳᠠᠳᠤ ᠪᠠᠭ᠎ᠠ ᠰᠤᠷᠭᠠᠭᠤᠯᠢ ᠯᠤᠭ᠎ᠠ ᠶᠢᠨ ᠬᠠᠮᠲᠤᠷᠠᠯᠴᠠᠭ᠎ᠠ ᠪᠠᠨ ᠴᠢᠨᠠᠭᠰᠢᠳᠠ ᠴᠢᠩᠭᠠᠳᠬᠠᠵᠤ᠂ ᠤᠯᠤᠰ ᠤᠨ ᠡᠭᠦᠳᠡᠨ ᠳᠠᠬᠢ ᠠᠮᠢᠳᠤ ᠪᠣᠳᠠᠰ ᠤᠨ ᠠᠮᠤᠷ ᠲᠦᠪᠰᠢᠨ ᠤ ᠨᠡᠶᠢᠲᠡ ᠶᠢᠨ ᠠᠰᠠᠷᠠᠮᠵᠢ ᠶᠢᠨ ᠬᠢᠴᠢᠶᠡᠯ ᠤᠨ ᠲᠠᠩᠬᠢᠮ᠂ ᠠᠮᠢᠳᠤ ᠪᠣᠳᠠᠰ ᠤᠨ ᠦᠯᠢᠭᠡᠷ ᠤᠨ ᠦᠵᠡᠭᠦᠯᠦᠯᠭᠡ᠂ ᠪᠣᠭᠤᠮᠲᠠ ᠶᠢᠨ ᠨᠡᠭᠡᠭᠡᠯᠲᠡᠲᠤ ᠡᠳᠦᠷ ᠵᠡᠷᠭᠡ ᠠᠵᠢᠯᠯᠠᠭ᠎ᠠ ᠶᠢ ᠪᠠᠶᠢᠩᠭᠤ ᠶᠢᠨ ᠴᠢᠨᠠᠷᠲᠠᠢ ᠵᠣᠬᠢᠶᠠᠨ ᠪᠠᠶᠢᠭᠤᠯᠤᠨ ᠥᠷᠨᠢᠭᠦᠯᠵᠦ᠂ ᠤᠯᠤᠰ ᠤᠨ ᠡᠭᠦᠳᠡᠨ ᠳᠠᠬᠢ ᠠᠮᠢᠳᠤ ᠪᠣᠳᠠᠰ ᠤᠨ ᠠᠮᠤᠷ ᠲᠦᠪᠰᠢᠨ ᠤ ᠮᠡᠳᠡᠯᠭᠡ ᠶᠢ ᠲᠦᠭᠡᠮᠡᠯᠵᠢᠭᠦᠯᠬᠦ ᠳᠤ ᠨᠡᠩ ᠶᠡᠭᠡ ᠴᠢᠷᠮᠠᠶᠢᠯᠭ᠎ᠠ ᠭᠠᠷᠭᠠᠨ᠎ᠠ ᠭᠡᠵᠦ ᠭᠡᠯᠡᠪᠡ᠃
 
ᠢᠷᠡᠯᠲᠡ᠄ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号