﹇ᠰᠢᠨ᠎ᠡ ᠠᠶᠠᠨ ᠵᠠᠮ ᠳᠤ ᠡᠷᠡᠯᠬᠡᠭᠯᠡᠨ ᠤᠷᠤᠭᠰᠢᠯᠠᠵᠤ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠰᠤᠭᠠᠢ ﹈ ᠡᠷᠢᠶᠡᠨ ᠪᠣᠭᠤᠮᠲᠠ ᠳᠤᠮᠳᠠᠳᠤ ᠮᠣᠩᠭᠤᠯ ᠤᠨ ᠲᠠᠷᠢᠶᠠᠯᠠᠩ ᠤᠨ ᠪᠦᠲᠦᠭᠡᠭᠳᠡᠬᠦᠨ ᠤ ︽ᠰᠠᠭᠠᠳ ᠦᠭᠡᠢ ᠭᠠᠷᠴᠠ︾  ᠪᠠᠷ ᠨᠡᠶᠢᠲᠡ 36.65 ᠲᠦᠮᠡᠨ ᠲᠣᠨ ᠵᠢᠮᠢᠰ ᠨᠣᠭᠤᠭ᠎ᠠ ᠶᠢ ᠭᠠᠷᠭᠠᠪᠠ
ᠨᠡᠶᠢᠲᠡᠯᠡᠭᠰᠡᠨ ᠴᠠᠭ᠄
2022/4/20
 ᠰᠤᠷᠪᠤᠯᠵᠢᠯᠠᠭᠴᠢ ᠡᠷᠢᠶᠡᠨ ᠪᠣᠭᠤᠮᠲᠠ ᠠᠴᠠ ᠣᠶᠢᠯᠠᠭᠠᠭᠰᠠᠨ ᠢᠶᠠᠷ᠂ 2018 ᠣᠨ ᠳᠤ ᠳᠤᠮᠳᠠᠳᠤ ᠮᠣᠩᠭᠤᠯ ᠤᠨ ᠲᠠᠷᠢᠶᠠᠯᠠᠩ ᠤᠨ ᠪᠦᠲᠦᠭᠡᠭᠳᠡᠬᠦᠨ ᠤ ︽ᠰᠠᠭᠠᠳ ᠦᠭᠡᠢ ᠭᠠᠷᠴᠠ︾ ᠨᠡᠭᠡᠭᠡᠭᠳᠡᠭᠰᠡᠨ ᠠᠴᠠ ᠨᠠᠰᠢ᠂ 2022 ᠣᠨ ᠤ 3 ᠰᠠᠷ᠎ᠠ ᠶᠢᠨ ᠰᠡᠭᠦᠯᠴᠢ ᠪᠣᠯᠲᠠᠯ᠎ᠠ᠂ ᠡᠷᠢᠶᠡᠨ ᠪᠣᠭᠤᠮᠲᠠ ᠶᠢᠨ ᠬᠢᠨᠠᠨ ᠬᠠᠮᠢᠶᠠᠷᠴᠤ ᠭᠠᠳᠠᠭᠠᠳᠤ ᠳᠤ ᠭᠠᠷᠭᠠᠭᠰᠠᠨ ᠵᠢᠮᠢᠰ ᠨᠣᠭᠤᠭ᠎ᠠ ᠨᠡᠶᠢᠲᠡ 36.65 ᠲᠦᠮᠡᠨ ᠲᠣᠨ ᠬᠦᠷᠴᠦ᠂ ᠠᠷᠠᠯᠵᠢᠶᠠᠨ ᠤ ᠬᠡᠮᠵᠢᠶ᠎ᠡ ᠨᠢ 4.32 ᠳ᠋ᠦᠩᠰᠢᠭᠤᠷ ᠲᠥᠭᠦᠷᠢᠭ ᠲᠤ ᠬᠦᠷᠴᠡᠢ᠃
 ᠳᠤᠮᠳᠠᠳᠤ ᠮᠣᠩᠭᠤᠯ ᠤᠨ ᠲᠠᠷᠢᠶᠠᠯᠠᠩ ᠤᠨ ᠪᠦᠲᠦᠭᠡᠭᠳᠡᠬᠦᠨ ᠤ ︽ᠰᠠᠭᠠᠳ ᠦᠭᠡᠢ ᠭᠠᠷᠴᠠ︾ ᠶᠢ ᠨᠡᠪᠲᠡᠷᠡᠭᠦᠯᠦᠭᠰᠡᠨ ᠠᠴᠠ ᠨᠠᠰᠢ᠂ ᠡᠷᠢᠶᠡᠨ ᠪᠣᠭᠤᠮᠲᠠ ᠶᠢᠨ ᠬᠢᠨ ᠭᠠᠳᠠᠭᠠᠳᠤ ᠳᠤ ᠭᠠᠷᠭᠠᠬᠤ ᠵᠢᠮᠢᠰ ᠨᠣᠭᠤᠭ᠎ᠠ ᠶᠢ ᠰᠢᠯᠭᠠᠨ ᠪᠠᠶᠢᠴᠠᠭᠠᠬᠤ ᠬᠢᠨᠠᠯᠲᠠ ᠬᠠᠮᠢᠶᠠᠷᠤᠯᠲᠠ ᠶᠢᠨ ᠶᠠᠪᠤᠴᠠ ᠶᠢ ᠲᠠᠰᠤᠷᠠᠯᠲᠠ ᠦᠭᠡᠢ ᠰᠢᠯᠢᠳᠡᠭᠵᠢᠭᠦᠯᠦᠨ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠪᠣᠭᠤᠮᠲᠠ ᠪᠠᠷ ᠥᠩᠭᠡᠷᠡᠬᠦ ᠬᠤᠷᠳᠤᠴᠠ ᠶᠢ ᠳᠡᠭᠡᠭᠰᠢᠯᠡᠭᠦᠯᠵᠦ᠂ ᠮᠣᠩᠭᠤᠯ ᠤᠯᠤᠰ ᠤᠨ ᠰᠢᠨ᠎ᠡ ᠰᠣᠷᠭᠤᠭ ᠵᠢᠮᠢᠰ ᠨᠣᠭᠤᠭ᠎ᠠ ᠶᠢᠨ ᠬᠡᠷᠡᠭᠴᠡᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠬᠠᠩᠭᠠᠵᠤ᠂ ᠵᠢᠮᠢᠰ ᠨᠣᠭᠤᠭ᠎ᠠ ᠶᠢ ᠭᠠᠳᠠᠭᠠᠳᠤ ᠳᠤ ᠭᠠᠷᠭᠠᠬᠤ ᠠᠷᠠᠯᠵᠢᠶ᠎ᠠ ᠶᠢᠨ ᠲᠣᠭᠲᠠᠭᠤᠨ ᠢᠶᠠᠷ ᠨᠡᠮᠡᠭᠳᠡᠬᠦ ᠶᠢ ᠳᠡᠮᠵᠢᠪᠡ᠃
  ᠣᠶᠢᠷ᠎ᠠ ᠶᠢᠨ ᠡᠳᠦᠷ ᠤᠳ ᠲᠤ᠂ ᠰᠢᠨ᠎ᠡ ᠰᠣᠷᠭᠤᠭ ᠵᠢᠮᠢᠰ ᠨᠣᠭᠤᠭ᠎ᠠ ᠶᠢ ᠳᠦᠭᠦᠷᠲᠡᠯ᠎ᠡ ᠲᠡᠭᠡᠭᠡᠭᠰᠡᠨ ᠴᠢᠩᠭᠡᠯᠢᠭᠳᠦ ᠠᠴᠢᠶᠠᠨ ᠤ ᠮᠠᠰᠢᠨ ᠲᠡᠷᠭᠡ ᠪᠣᠭᠤᠮᠲᠠ ᠶᠢᠨ ᠪᠠᠶᠢᠴᠠᠭᠠᠨ ᠰᠢᠯᠭᠠᠯᠲᠠ ᠪᠠ ᠳᠡᠭᠦᠵᠢᠯᠡᠨ ᠤᠭᠰᠠᠷᠠᠬᠤ ᠠᠵᠢᠯ ᠢ ᠪᠡᠶᠡᠯᠡᠭᠦᠯᠦᠭᠰᠡᠨ ᠤ ᠳᠠᠷᠠᠭ᠎ᠠ᠂ ᠪᠣᠭᠤᠮᠲᠠ ᠶᠢᠨ ︽ᠵᠢᠮᠢᠰ ᠨᠣᠭᠤᠭ᠎ᠠ ᠶᠢ ᠭᠠᠳᠠᠭᠠᠳᠤ ᠳᠤ ᠭᠠᠷᠭᠠᠬᠤ ᠰᠠᠭᠠᠳ ᠦᠭᠡᠢ ᠭᠠᠷᠴᠠ︾ ᠪᠠᠷ ᠲᠦᠷᠭᠡᠨ ᠥᠩᠭᠡᠷᠡᠵᠦ᠂ ᠮᠣᠩᠭᠤᠯ ᠤᠯᠤᠰ ᠲᠤ ᠭᠠᠷᠪᠠ᠃ ᠬᠢᠵᠢᠭ ᠤᠨ ᠪᠠᠶᠢᠳᠠᠯ ᠤᠨ ᠨᠥᠯᠥᠭᠡ ᠪᠠᠷ᠂ ᠮᠣᠩᠭᠤᠯ ᠤᠯᠤᠰ ᠤᠨ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠬᠦ ᠴᠢᠳᠠᠪᠤᠷᠢ ᠪᠠᠭᠤᠷᠠᠵᠤ᠂ ᠭᠠᠳᠠᠭᠠᠳᠤ   ᠠᠴᠠ ᠣᠷᠣᠭᠤᠯᠤᠭᠰᠠᠨ ᠵᠢᠮᠢᠰ ᠨᠣᠭᠤᠭ᠎ᠠ ᠳᠤ ᠲᠦᠰᠢᠭᠯᠡᠬᠦ ᠬᠡᠮᠵᠢᠶ᠎ᠡ ᠲᠠᠰᠤᠷᠠᠯᠲᠠ ᠦᠭᠡᠢ ᠨᠡᠮᠡᠭᠳᠡᠵᠦ ᠪᠠᠶᠢᠨ᠎ᠠ᠂ ᠭᠡᠲᠡᠯ᠎ᠡ ᠮᠠᠨ ᠤ ᠤᠯᠤᠰ ᠤᠨ ᠵᠢᠮᠢᠰ ᠨᠣᠭᠤᠭ᠎ᠠ ᠶᠢᠨ ᠦᠢᠯᠡᠳᠪᠦᠷᠢᠯᠡᠯ ᠤᠨ ᠠᠵᠢᠯ ᠲᠥᠷᠥᠯ ᠤᠨ ᠰᠡᠷᠭᠦᠯᠲᠡ ᠶᠢᠨ ᠬᠠᠨᠳᠤᠰᠢ ᠮᠠᠰᠢ ᠰᠠᠶᠢᠨ ᠪᠠᠶᠢᠵᠤ᠂ ᠦᠢᠯᠡᠳᠪᠦᠷᠢᠯᠡᠯ ᠤᠨ ᠴᠢᠳᠠᠪᠤᠷᠢ᠂ ᠦᠢᠯᠡᠳᠬᠦᠨ ᠤ ᠶᠠᠰᠤ ᠴᠢᠨᠠᠷ ᠨᠡᠯᠢᠶᠡᠳ ᠥᠨᠳᠥᠷ ᠲᠦᠪᠰᠢᠨ ᠳᠤ ᠪᠠᠶᠢᠵᠤ᠂ ᠵᠢᠮᠢᠰ ᠨᠣᠭᠤᠭ᠎ᠠ ᠶᠢᠨ ᠭᠠᠳᠠᠭᠠᠳᠤ ᠭᠠᠷᠭᠠᠯᠲᠠ ᠶᠢᠨ ᠠᠷᠠᠯᠵᠢᠶ᠎ᠠ ᠲᠣᠭᠲᠠᠭᠤᠨ ᠢᠶᠠᠷ ᠬᠥᠭᠵᠢᠬᠦ ᠬᠠᠨᠳᠤᠰᠢ ᠪᠠᠨ ᠪᠠᠲᠤᠯᠠᠵᠤ ᠪᠠᠶᠢᠨ᠎ᠠ᠃   ᠣᠶᠢᠯᠠᠭᠠᠭᠰᠠᠨ ᠢᠶᠠᠷ᠂ ᠡᠨᠡ ᠵᠢᠯ ᠤᠨ ᠨᠢᠭᠡᠳᠦᠭᠡᠷ ᠤᠯᠠᠷᠢᠯ ᠳᠤ᠂ ᠡᠷᠢᠶᠡᠨ ᠪᠣᠭᠤᠮᠲᠠ ᠶᠢᠨ ᠬᠢᠨᠠᠨ ᠬᠠᠮᠢᠶᠠᠷᠴᠤ ᠭᠠᠳᠠᠭᠠᠳᠤ ᠳᠤ ᠭᠠᠷᠭᠠᠭᠰᠠᠨ ᠵᠢᠮᠢᠰ ᠨᠣᠭᠤᠭ᠎ᠠ 8510.7 ᠲᠣᠨ ᠪᠠᠶᠢᠵᠤ᠂ ᠪᠠᠷᠠᠭᠠᠨ ᠤ ᠥᠷᠲᠡᠭ ᠨᠢ 1605 ᠲᠦᠮᠡᠨ ᠲᠥᠭᠦᠷᠢᠭ ᠲᠤ ᠬᠦᠷᠴᠡᠢ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号