ᠨᠡᠭᠦᠳᠡᠯ ᠤᠨ ᠰᠢᠪᠠᠭᠤ ᠶᠢ ᠬᠠᠮᠠᠭᠠᠯᠠᠵᠤ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠳᠣᠪᠴᠢᠶᠠᠨ ᠤ ᠣᠷᠴᠢᠨ ᠳᠣᠭᠤᠷᠢᠨ᠂ ᠢᠳᠡᠭᠡᠨ ᠪᠠ ᠡᠮ ᠤᠨ ᠵᠦᠢᠯ ᠤᠨ ᠶᠡᠭᠡ ᠠᠩᠭᠢ ᠬᠠᠪᠤᠷ ᠤᠨ ᠤᠯᠠᠷᠢᠯ ᠤᠨ ᠨᠡᠭᠦᠳᠡᠯ ᠤᠨ ᠰᠢᠪᠠᠭᠤ ᠶᠢ ᠬᠠᠮᠠᠭᠠᠯᠠᠬᠤ ᠠᠵᠢᠯᠯᠠᠭ᠎ᠠ ᠶᠢ ᠡᠬᠢᠯᠡᠭᠦᠯᠪᠡ
ᠨᠡᠶᠢᠲᠡᠯᠡᠭᠰᠡᠨ ᠴᠠᠭ᠄
2022/4/20
    ᠠᠮᠢ ᠠᠬᠤᠢ ᠶᠢᠨ ᠣᠷᠴᠢᠨ ᠲᠣᠭᠤᠷᠢᠨ ᠤ ᠰᠡᠷᠬᠦᠭᠡᠯᠳᠠ ᠶᠢ ᠳᠠᠭᠠᠯᠳᠤᠨ᠂ 4 ᠰᠠᠷ᠎ᠠ ᠳᠤ ᠣᠷᠣᠭᠰᠠᠨ ᠤ ᠳᠠᠷᠠᠭ᠎ᠠ᠂ ᠨᠡᠭᠦᠳᠡᠯ ᠤᠨ ᠰᠢᠪᠠᠭᠤᠳ ᠤᠨ ᠨᠡᠭᠦᠳᠡᠯᠯᠡᠬᠦ ᠤᠯᠠᠷᠢᠯ ᠢᠷᠡᠯ᠎ᠡ᠃ ᠬᠡᠭᠡᠷ᠎ᠡ ᠶᠢᠨ ᠠᠮᠢᠲᠠᠨ ᠢ ᠬᠠᠤᠯᠢ ᠪᠤᠰᠤ ᠪᠠᠷ ᠠᠩᠨᠠᠬᠤ ᠶᠠᠯᠠᠲᠤ ᠠᠵᠢᠯᠯᠠᠭ᠎ᠠ ᠶᠢ ᠡᠷᠡᠰ ᠬᠤᠷᠢᠭᠯᠠᠵᠤ᠂ ᠨᠡᠭᠦᠳᠡᠯ ᠤᠨ ᠰᠢᠪᠠᠭᠤ ᠶᠢᠨ ᠠᠮᠤᠷ ᠲᠦᠪᠰᠢᠨ ᠢᠶᠠᠷ ᠨᠡᠭᠦᠳᠡᠯᠯᠡᠬᠦ᠂ ᠣᠷᠣᠰᠢᠨ ᠠᠮᠢᠳᠤᠷᠠᠬᠤ ᠶᠢ ᠬᠠᠮᠠᠭᠠᠯᠠᠬᠤ ᠶᠢᠨ ᠳᠣᠯᠠᠳᠠ᠂ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠣᠷᠴᠢᠨ ᠳᠣᠭᠤᠷᠢᠨ᠂ ᠢᠳᠡᠭᠡᠨ ᠪᠠ ᠡᠮ ᠤᠨ ᠵᠦᠢᠯ ᠤᠨ ᠶᠡᠭᠡ ᠠᠩᠭᠢ ᠠᠴᠠ ᠤᠷᠢᠳᠴᠢᠯᠠᠨ ᠪᠠᠶᠢᠷᠢᠯᠠᠭᠤᠯᠵᠤ᠂ ᠦᠳᠲᠡᠷ ᠲᠦᠷᠭᠡᠨ ᠬᠥᠳᠡᠯᠦᠯᠴᠡᠵᠦ᠂ ᠬᠠᠪᠤᠷ ᠤᠨ ᠤᠯᠠᠷᠢᠯ ᠤᠨ ᠨᠡᠭᠦᠳᠡᠯ ᠤᠨ ᠰᠢᠪᠠᠭᠤ ᠶᠢ ᠬᠠᠮᠠᠭᠠᠯᠠᠬᠤ  ᠠᠵᠢᠯᠯᠠᠭ᠎ᠠ ᠶᠢ ᠡᠬᠢᠯᠡᠭᠦᠯᠪᠡ᠃
   ᠮᠠᠨ ᠤ ᠬᠤᠲᠠ ᠶᠢᠨ ᠬᠤᠨᠳᠣ ᠨᠠᠭᠤᠷ ᠤᠨ ᠴᠢᠭᠢᠭᠯᠢᠭ ᠭᠠᠵᠠᠷ ᠤᠨ ᠴᠡᠴᠡᠷᠯᠢᠭ ᠪᠣᠯ ᠤᠮᠠᠷᠠᠰᠢ ᠨᠡᠭᠦᠭᠰᠡᠨ ᠨᠡᠭᠦᠳᠡᠯ ᠤᠨ ᠰᠢᠪᠠᠭᠤᠳ ᠤᠨ ᠴᠤᠭᠯᠠᠷᠠᠬᠤ ᠭᠠᠵᠠᠷ ᠮᠥᠨ᠂ 4 ᠰᠠᠷ᠎ᠠ ᠶᠢᠨ ᠴᠢᠭᠢᠭᠯᠢᠭ ᠭᠠᠵᠠᠷ ᠤᠨ ᠴᠡᠴᠡᠷᠯᠢᠭ ᠲᠤ ᠮᠥᠰᠥ ᠴᠠᠰᠤ ᠬᠠᠷᠠᠬᠠᠨ ᠬᠠᠶᠢᠯᠤᠭ᠎ᠠ ᠦᠭᠡᠢ᠂ ᠴᠢᠭᠢᠭᠯᠢᠭ ᠭᠠᠵᠠᠷ ᠤᠨ ᠣᠭᠲᠠᠷᠭᠤᠢ ᠳᠤ ᠰᠢᠪᠠᠭᠤᠳ ᠬᠤᠷᠠᠨ ᠴᠤᠭᠯᠠᠷᠠᠵᠤ᠂ ᠠᠮᠢᠵᠢᠷᠠᠯ ᠤᠨ ᠬᠦᠴᠦᠨ ᠢᠶᠠᠷ ᠪᠢᠯᠬᠠᠭᠰᠠᠨ ᠤᠮᠠᠷᠠᠲᠤ ᠣᠷᠣᠨ ᠤ ᠬᠠᠪᠤᠷ ᠤᠨ ᠡᠷᠲᠡ ᠶᠢᠨ ᠵᠢᠷᠤᠭ ᠢ ᠪᠦᠷᠢᠯᠳᠦᠭᠦᠯᠵᠡᠢ᠃
  ᠠᠷᠠᠳ ᠤᠨ ᠴᠠᠭᠳᠠᠭ᠎ᠠ ᠨᠠᠭᠤᠷ ᠢ ᠲᠣᠭᠤᠷᠢᠨ ᠴᠠᠭᠳᠠᠬᠤ ᠪᠠᠷ ᠳᠠᠮᠵᠢᠭᠤᠯᠤᠨ᠂ ᠬᠢᠯᠢ ᠪᠠᠷ ᠥᠩᠭᠡᠷᠡᠬᠦ ᠨᠡᠭᠦᠳᠡᠯ ᠤᠨ ᠰᠢᠪᠠᠭᠤ ᠵᠢᠴᠢ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠬᠥᠨᠳᠡᠯᠡᠨ ᠪᠢᠴᠢᠭᠡᠰᠦ᠂ ᠯᠣᠽᠦ᠋ᠩ ᠨᠠᠭᠠᠵᠤ᠂ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠤᠬᠠᠭᠤᠯᠭ᠎ᠠ ᠶᠢᠨ ᠭᠠᠷ ᠳᠡᠪᠲᠡᠷ ᠵᠡᠷᠭᠡ ᠠᠷᠭ᠎ᠠ ᠬᠡᠯᠪᠡᠷᠢ ᠶᠢ ᠲᠠᠷᠬᠠᠭᠠᠵᠤ᠂ ᠨᠡᠭᠦᠳᠡᠯ ᠤᠨ ᠰᠢᠪᠠᠭᠤ ᠶᠢ ᠰᠡᠭᠦᠳᠡᠷᠯᠡᠭᠰᠡᠨ ᠣᠯᠠᠨ ᠲᠦᠮᠡᠨ ᠤ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠬᠠᠤᠯᠢ ᠲᠣᠭᠲᠠᠭᠠᠯ ᠪᠠ ᠮᠡᠳᠡᠯᠭᠡ ᠶᠢ ᠤᠬᠠᠭᠤᠯᠤᠨ ᠲᠠᠶᠢᠯᠪᠤᠷᠢᠯᠠᠬᠤ ᠶᠢ ᠰᠣᠨᠢᠷᠬᠠᠵᠤ᠂ ᠥᠷᠭᠡᠨ ᠣᠯᠠᠨ ᠲᠦᠮᠡᠨ ᠤ ᠰᠢᠪᠠᠭᠤ ᠪᠠᠨ ᠬᠠᠶᠢᠷᠠᠯᠠᠬᠤ᠂ ᠰᠢᠪᠠᠭᠤ ᠪᠠᠨ ᠬᠠᠮᠠᠭᠠᠯᠠᠬᠤ ᠦᠵᠡᠯ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠬᠡᠭᠡᠷ᠎ᠡ ᠶᠢᠨ ᠠᠮᠢᠲᠠᠨ ᠢ ᠬᠠᠶᠢᠷᠠᠯᠠᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠢ᠃
  ᠣᠶᠢᠯᠠᠭᠠᠭᠰᠠᠨ ᠢᠶᠠᠷ᠂ ᠡᠨᠡ ᠵᠢᠯ ᠤᠮᠠᠷᠠᠰᠢ ᠨᠡᠭᠦᠭᠰᠡᠨ ᠨᠡᠭᠦᠳᠡᠯ ᠤᠨ ᠰᠢᠪᠠᠭᠤ ᠶᠢ ᠬᠠᠮᠠᠭᠠᠯᠠᠬᠤ ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠰᠢ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠣᠷᠴᠢᠨ ᠳᠣᠭᠤᠷᠢᠨ᠂ ᠢᠳᠡᠭᠡᠨ ᠪᠠ ᠡᠮ ᠤᠨ ᠵᠦᠢᠯ ᠤᠨ ᠶᠡᠭᠡ ᠠᠩᠭᠢ ᠶᠢᠨ ᠬᠢᠨ ᠨᠡᠭᠦᠳᠡᠯ ᠤᠨ ᠰᠢᠪᠠᠭᠤ ᠶᠢ ᠬᠠᠮᠠᠭᠠᠯᠠᠬᠤ ᠤᠬᠠᠭᠤᠯᠭ᠎ᠠ ᠶᠢ ᠨᠡᠶᠢᠲᠡ 4 ᠤᠳᠠᠭ᠎ᠠ ᠥᠷᠨᠢᠭᠦᠯᠵᠦ᠂ ᠤᠬᠠᠭᠤᠯᠭ᠎ᠠ ᠶᠢᠨ ᠡᠯᠭᠦᠭᠡ ᠪᠢᠴᠢᠭᠡᠰᠦ ᠶᠢ 12 ᠡᠯᠭᠦᠵᠦ᠂ ᠡᠯ᠎ᠡ ᠲᠥᠷᠥᠯ ᠤᠨ ᠤᠬᠠᠭᠤᠯᠭ᠎ᠠ ᠶᠢᠨ ᠯᠣᠽᠦ᠋ᠩ ᠪᠠ ᠮᠠᠲ᠋ᠧᠷᠢᠶᠠᠯ ᠢ 310 ᠭᠠᠷᠤᠢ ᠬᠤᠪᠢ ᠨᠠᠭᠠᠵᠤ ᠲᠠᠷᠬᠠᠭᠠᠭᠰᠠᠨ ᠪᠠᠶᠢᠨ᠎ᠠ᠃ ᠤᠯᠤᠰ ᠤᠨ ᠨᠢᠭᠡᠳᠦᠭᠡᠷ᠂ ᠬᠤᠶᠠᠳᠤᠭᠠᠷ ᠳᠡᠰ ᠤᠨ ᠬᠠᠮᠠᠭᠠᠯᠠᠯᠲᠠ ᠶᠢᠨ ᠠᠮᠢᠲᠠᠨ ᠤ ᠠᠯᠲᠠᠨ ᠱᠤᠭᠤᠮᠠᠯ ᠢ ᠠᠪᠤᠷᠠᠨ ᠵᠠᠰᠠᠵᠤ᠂ ᠭᠤᠯᠳᠤ ᠬᠡᠪᠡᠯᠢ ᠶᠢᠨ ᠵᠢᠵᠢᠭ ᠤᠭᠤᠯᠢ᠂ ᠬᠠᠷ᠎ᠠ ᠬᠦᠵᠦᠭᠦᠲᠦ ᠬᠠᠷ᠎ᠠ ᠭᠠᠯᠠᠭᠤ 3  ᠶᠢ ᠠᠪᠤᠷᠠᠨ ᠡᠳᠡᠭᠡᠷᠡᠬᠦᠯᠪᠡ᠃
    ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠣᠷᠴᠢᠨ ᠳᠣᠭᠤᠷᠢᠨ᠂ ᠢᠳᠡᠭᠡᠨ ᠪᠠ ᠡᠮ ᠤᠨ ᠵᠦᠢᠯ ᠤᠨ ᠶᠡᠭᠡ ᠠᠩᠭᠢ ᠶᠢᠨ ᠬᠢᠨ ᠪᠠᠰᠠ ᠭᠠᠷ ᠤᠲᠠᠰᠤᠨ ᠤ ᠨᠡᠶᠢᠭᠡᠮ ᠤᠨ ᠬᠠᠷᠢᠯᠴᠠᠭᠠᠨ ᠤ ᠵᠠᠭᠤᠴᠢᠯᠠᠭᠤᠷ᠂ ᠡᠷᠦᠬᠡ ᠳᠤ ᠬᠦᠷᠴᠦ ᠰᠤᠷᠪᠤᠯᠵᠢᠯᠠᠬᠤ ᠠᠵᠢᠯᠯᠠᠭ᠎ᠠ ᠵᠡᠷᠭᠡ ᠳᠤ ᠲᠦᠰᠢᠭᠯᠡᠨ᠂ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠤᠬᠠᠭᠤᠯᠭ᠎ᠠ ᠶᠢᠨ ᠠᠵᠢᠯ ᠢ ᠥᠷᠨᠢᠭᠦᠯᠪᠡ᠃ ᠶᠡᠭᠡ ᠠᠩᠭᠢ ᠶᠢᠨ ᠠᠷᠠᠳ ᠤᠨ ᠴᠠᠭᠳᠠᠭ᠎ᠠ ᠥᠷᠭᠡᠨ ᠣᠯᠠᠨ ᠲᠦᠮᠡᠨ ᠳᠤ᠂ ᠬᠠᠤᠯᠢ ᠶᠢ ᠵᠥᠷᠢᠴᠡᠭᠰᠡᠨ ᠶᠠᠯᠠᠲᠤ ᠬᠡᠷᠡᠭ ᠤᠨ ᠰᠦᠪᠡᠭᠴᠢ ᠶᠢ ᠣᠯᠵᠤ ᠮᠡᠳᠡᠪᠡᠯ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠣᠷᠴᠢᠨ ᠳᠣᠭᠤᠷᠢᠨ᠂ ᠢᠳᠡᠭᠡᠨ ᠪᠠ ᠡᠮ ᠤᠨ ᠵᠦᠢᠯ ᠤᠨ ᠶᠡᠭᠡ ᠠᠩᠭᠢ ᠲᠠᠢ ᠴᠠᠭ ᠲᠤᠬᠠᠢ ᠳᠤᠨᠢ ᠬᠠᠷᠢᠯᠴᠠᠭᠠᠷᠠᠢ ᠭᠡᠵᠦ ᠰᠠᠨᠠᠭᠤᠯᠪᠠ᠃
 
ᠢᠷᠡᠯᠲᠡ᠄ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号