ᠡᠷᠢᠶᠡᠨ ᠬᠤᠳᠠ ᠵᠢᠨ‌ᠮᠧᠩ ᠺᠧ ᠯᠦᠩ ᠠᠷᠠᠯᠵᠢᠶ᠎ᠠ ᠬᠤᠳᠠᠯᠳᠤᠭᠠᠨ ᠤ  ᠬᠤᠯᠪᠤᠭᠠᠯᠬᠠᠰᠡᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ  ᠦᠨᠡᠨᠴᠢ ᠢᠳᠡᠭᠡᠮᠵᠢᠳᠠᠢ ᠡᠵᠡᠭᠨᠡᠯᠳᠡ ᠬᠢᠵᠦ ᠪᠠᠶᠢᠭ᠎ᠠ
ᠨᠡᠶᠢᠲᠡᠯᠡᠭᠰᠡᠨ ᠴᠠᠭ᠄
2022/4/20
ᠡᠷᠢᠶᠡᠨ  ᠬᠤᠳᠠ   ᠶᠢᠨ  ᠶᠡᠷᠦᠩᠬᠡᠶᠢᠯᠬᠠᠰᠡᠨ ᠷᠠᠳᠢᠣ᠋ ᠶᠢᠨ  ᠰᠤᠷᠪᠤᠯᠵᠢᠯᠠᠭᠴᠢ  ᠪᠦᠷᠢᠩᠭᠤᠸ᠎ᠠ   ᠶᠢᠨ  ᠮᠡᠳᠡᠭᠡᠯᠡᠭᠰᠡᠨ  ᠢᠶᠠᠷ᠄ᠡᠷᠢᠶᠡᠨ ᠬᠤᠳᠠ ᠵᠢᠨ‌ᠮᠧᠩ ᠺᠧ ᠯᠦᠩ ᠠᠷᠠᠯᠵᠢᠶ᠎ᠠ ᠬᠤᠳᠠᠯᠳᠤᠭᠠᠨ ᠤ  ᠬᠤᠯᠪᠤᠭᠠᠯᠬᠠᠰᠡᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ  ᠦᠨᠡᠨᠴᠢ ᠢᠳᠡᠭᠡᠮᠵᠢᠳᠠᠢ ᠡᠵᠡᠭᠨᠡᠯᠳᠡ ᠬᠢᠵᠦ ᠪᠠᠶᠢᠭ᠎ᠠ         ᠦᠨᠡᠨᠴᠢ ᠢᠲᠡᠭᠡᠮᠵᠢᠲᠡᠢ ᠪᠠᠷ ᠡᠵᠡᠭᠨᠡᠯᠳᠡ ᠬᠢᠬᠦ ᠪᠤᠯ  ᠠᠵᠤ ᠠᠬᠤᠶᠢᠯᠠᠯ ᠤᠨ ᠣᠷᠣᠰᠢᠨ ᠲᠣᠭᠲᠠᠨᠢᠬᠤ ᠶᠢᠨ ᠦᠨᠳᠦᠰᠦ ᠮᠥᠨ᠃  ᠡᠷᠢᠶᠡᠨ ᠬᠤᠳᠠ ᠶᠢᠨ ᠮᠧᠩ ᠺᠧ ᠯᠦᠩ ᠠᠷᠠᠯᠵᠢᠶ᠎ᠠ ᠬᠤᠳᠠᠯᠳᠤᠭᠠᠨ ᠤ  ᠬᠤᠯᠪᠤᠭᠠᠯᠬᠠᠰᠡᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ 2000 ᠣᠨ ᠳᠤ ᠪᠠᠶᠢᠭᠤᠯᠤᠭᠳᠠᠭᠰᠠᠨ ᠡᠴᠡᠨ‌ᠨᠠᠰᠢ  ︽ᠦᠨᠡᠨᠴᠢ ᠢᠲᠡᠭᠡᠮᠵᠢᠲᠡᠢ ᠡᠵᠡᠭᠨᠡᠯᠳᠡ︾    ᠬᠢᠭᠰᠡᠭᠡᠷ ᠢᠷᠡᠵᠡᠢ᠃          ᠡᠷᠢᠶᠡᠨ ᠬᠤᠳᠠ ᠶᠢᠨ ᠠᠪᠤᠷᠭᠤ ᠭᠦᠷᠪᠡᠯ ᠶᠡᠭᠡ ᠵᠡᠭᠡᠯᠢ ᠳᠠᠬᠢ ᠮᠧᠩ ᠺᠧ ᠯᠦᠩ ᠴᠢᠯᠦᠭᠡᠳᠦ ᠳᠡᠯᠭᠡᠭᠦᠷ  ᠳᠤ ᠰᠤᠷᠪᠤᠯᠵᠢᠯᠠᠭᠴᠢ  ᠬᠦᠷᠬᠦ ᠳᠤ᠂ ᠲᠠᠸᠠᠷ ᠤᠨ ᠲᠠᠯᠪᠢᠭᠤᠷ ᠨᠢ ᠡᠮᠬᠢ ᠳᠢᠭᠯᠢᠮ ᠲᠠᠢ᠂  ᠤᠷᠴᠢᠨ ᠲᠤᠭᠤᠷᠢᠨ ᠴᠡᠪᠡᠷ  ᠲᠤᠬᠢᠯᠢᠭ᠂ ᠵᠣᠴᠢᠳ  ᠡᠯ᠎ᠡ ᠵᠦᠢᠯ ᠤᠨ ᠰᠢᠨ᠎ᠡ ᠰᠣᠷᠭᠤᠭ ᠢᠳᠡᠭᠡᠨ ᠤ ᠮᠠᠲ᠋ᠧᠷᠢᠶᠠᠯ ᠪᠠ ᠡᠳᠦᠷ ᠲᠤᠲᠤᠮ ᠤᠨ ᠬᠡᠷᠡᠭᠯᠡᠭᠡᠨ ᠤ ᠵᠦᠢᠯ ᠢ ᠰᠤᠩᠭᠤᠨ‌ᠠᠪᠴᠤ  ᠪᠠᠶᠢᠯ᠎ᠠ᠃ ᠢᠳᠡᠭᠡᠨ ᠤᠮᠳᠠᠭᠠᠨ ᠤ  ᠲᠣᠭᠤᠷᠢᠭ ᠤᠨ ᠠᠵᠢᠯᠲᠠᠳ  ᠬᠤᠭᠤᠰᠤᠨ  ᠪᠠᠷᠠᠭᠠᠨ ᠤ ᠲᠠᠯᠪᠢᠭᠤᠷ ᠤᠨ ᠲᠠᠸᠠᠷ ᠢ ᠳᠦᠭᠦᠷᠭᠡᠵᠦ᠂ ᠲᠠᠸᠠᠷ ᠨᠢᠭᠡᠪᠦᠷᠢ  ᠵᠢᠨ‌ᠦᠢᠯᠡᠳᠪᠦᠷᠢᠯᠡᠭᠰᠡᠨ ᠡᠳᠦᠷ ᠬᠤᠭᠤᠴᠠᠭ᠎ᠠ ᠶᠢ ᠪᠠᠶᠢᠴᠠᠭᠠᠨ  ᠦᠵᠡᠵᠦ ᠪᠠᠶᠢᠯ᠎ᠠ᠃  ᠡᠳᠤᠷ ᠬᠤᠭᠤᠴᠠᠭ᠎ᠠ ᠨᠢ ᠤᠶᠢᠷᠡᠳᠤᠠᠠᠰᠡᠨ ᠲᠠᠸᠠᠷ ᠲᠤ  ᠬᠢᠮᠳᠡᠷᠠᠯ ᠲᠠᠢ ᠦᠨ᠎ᠡ ᠶᠢᠨ ᠲᠡᠮᠳᠡᠭ ᠢ  ᠨᠠᠭᠠᠵᠦ᠂ ᠵᠣᠴᠢᠳ ᠲᠤ ᠨᠢᠮᠪᠠᠢ  ᠰᠤᠩᠭᠤᠨ ᠬᠤᠳᠠᠯᠳᠤᠨ ᠠᠪᠬᠤ ᠶᠢ ᠰᠠᠨᠠᠭᠤᠯᠵᠤ  ᠪᠠᠶᠢᠯ᠎ᠠ᠃   ᠢᠳᠡᠰᠢᠨ ᠨᠤᠭᠤᠭ᠎ᠠ ᠵᠢᠮᠢᠰ ᠤᠨ  ᠲᠤᠭᠤᠷᠢᠭ ᠢ ᠬᠠᠮᠢᠶᠠᠷᠴᠤ ᠪᠠᠶᠢᠭ᠎ᠠ ᠠᠵᠢᠯᠳᠠᠳ ᠡᠪᠳᠡᠷᠡᠭᠰᠡᠨ  ᠵᠢᠮᠢᠰ ᠨᠤᠭᠤᠭ᠎ᠠ ᠶᠢ ᠴᠠᠭ ᠲᠤᠬᠠᠢ ᠳᠤᠨᠢ ᠴᠡᠪᠡᠷᠯᠡᠵᠦ ᠂  ᠲᠠᠸᠠᠷ ᠤᠨ ᠴᠢᠨᠠᠷ ᠢ ᠪᠠᠲᠤᠯᠠᠵᠤ᠂ ᠵᠣᠴᠢᠳ ᠲᠤ ᠰᠢᠨ᠎ᠡ ᠰᠣᠷᠭᠤᠭ ᠢᠳᠡᠰᠢᠨ ᠨᠣᠭᠤᠭ᠎ᠠ   ᠬᠠᠩᠭᠠᠬᠤ ᠶᠢ ᠵᠤᠷᠢᠵᠦ ᠪᠠᠶᠢᠯ᠎ᠠ᠃            ᠬᠤᠳᠠᠯᠳᠤᠨ ᠠᠪᠤᠠᠠᠴᠢ ᠰᠤᠷᠪᠤᠯᠵᠢᠯᠭ᠎ᠠ ᠬᠦᠯᠢᠶᠡᠬᠦ ᠳᠡᠭᠡᠨ᠄  ︵ᠰᠤᠷᠪᠤᠯᠵᠢᠯᠠᠭ᠎ᠠ︶  ᠪᠢᠳᠡ ᠦᠨᠳᠦᠰᠦᠨ ᠳᠡᠭᠡᠨ ᠭᠠᠷᠠᠭ ᠪᠦᠷᠢ ᠮᠧᠩ ᠺᠧ ᠯᠦᠩ   ᠴᠢᠯᠦᠭᠡᠳᠦ  ᠲᠡᠯᠭᠡᠭᠦᠷ ᠲᠤ ᠢᠷᠡᠵᠦ ᠶᠠᠭᠤᠮ᠎ᠠ ᠬᠤᠳᠠᠯᠳᠤᠨ ᠠᠪᠲᠠᠭ᠂ ᠠᠳᠡᠬᠢ ᠲᠥᠷᠥᠯ ᠵᠦᠢᠯ ᠨᠢ ᠪᠦᠷᠢᠨ ᠭᠦᠢᠴᠡᠳ᠂  ᠰᠤᠩᠭᠤᠯᠳᠠ ᠶᠡᠭᠡ ᠪᠠᠶᠢᠳᠠᠭ᠃  ᠴᠢᠯᠦᠭᠡᠳᠦ  ᠳᠡᠯᠭᠡᠭᠦᠷ ᠤᠨ ᠠᠵᠢᠯᠲᠠᠳ ᠴᠤ  ᠠᠵᠢᠯ ᠳᠠᠭᠠᠨ ᠬᠠᠷᠢᠭᠤᠴᠠᠯᠭ᠎ᠠ ᠲᠠᠢ  ᠭᠡᠯ᠎ᠡ᠃             ᠡᠷᠢᠶᠡᠨ ᠬᠤᠳᠠ ᠶᠢᠨ  ᠮᠧᠩ ᠺᠧ ᠯᠦᠩ  ᠴᠢᠯᠦᠭᠡᠳᠦ ᠳᠡᠯᠭᠡᠭᠦᠷ ᠵᠣᠴᠢᠳ ᠤᠨ ᠥᠨᠳᠥᠷ ᠦᠨᠡᠯᠡᠯᠲᠡ ᠶᠢ ᠣᠯᠵᠤ ᠴᠢᠳᠠᠭᠰᠠᠨ  ᠨᠢ  ᠦᠷᠭᠦᠯᠵᠢ ᠺᠣᠮᠫᠠᠨᠢ ᠶᠢᠨ ᠪᠥᠬᠦ  ᠠᠵᠢᠯᠳᠠᠳ  ᠳᠠᠭᠠᠨ ︽ᠬᠥᠮᠥᠨ ᠪᠦᠬᠦᠨ ᠦᠨᠡᠨᠴᠢ ᠢᠲᠡᠭᠡᠮᠵᠢᠲᠡᠢ   ᠪᠠᠶᠢᠬᠤ ᠶᠢ ᠡᠷᠬᠢᠮᠯᠡᠬᠦ︾ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠭᠰᠠᠨ ᠲᠠᠢ  ᠰᠢᠭᠤᠳ ᠬᠤᠯᠪᠤᠭᠠᠳᠠᠢ ᠶᠤᠮ᠃ ᠡᠷᠢᠶᠡᠨ ᠬᠤᠳᠠ ᠶᠢᠨ ᠮᠧᠩ ᠺᠧ ᠯᠦᠩ  ᠴᠢᠯᠦᠭᠡᠳᠦ  ᠳᠡᠯᠭᠡᠭᠦᠷ ᠦᠨᠡᠨᠴᠢ ᠢᠲᠡᠭᠡᠮᠵᠢ ᠶᠢᠨ ᠲᠠᠪᠴᠠᠩ ᠪᠠᠶᠢᠭᠤᠯᠬᠤ ᠶᠢ ᠢᠮᠠᠭᠲᠠ ᠪᠠᠷᠢᠮᠲᠠᠯᠠᠵᠤ᠂ ᠦᠨᠡᠨᠴᠢ ᠰᠢᠳᠤᠷᠭᠤ ᠠᠵᠢᠯᠲᠠᠨ ᠤ ᠡᠩᠨᠡᠭᠡ ᠶᠢ ᠪᠣᠶ  ᠪᠤᠯᠭᠠᠨ᠂ ᠬᠡᠷᠡᠭᠯᠡᠭᠴᠢᠳ ᠤᠨ ᠲᠤᠰ ᠳᠡᠯᠭᠡᠭᠦᠷ ᠲᠤ ᠭᠡᠭᠡᠭᠰᠡᠨ ᠪᠠᠷᠠᠭ᠎ᠠ ᠬᠤᠳᠠᠯᠳᠤᠨ ᠠᠪᠬᠤ ᠺᠠᠷᠲ᠂ ᠭᠠᠷ ᠤᠲᠠᠰᠤ᠂ ᠪᠡᠯᠡᠨ ᠵᠣᠭᠤᠰ ᠵᠡᠷᠭᠡ  ᠶᠢ ᠠᠯᠢ ᠲᠦᠷᠭᠡᠨ   ᠢᠶᠠᠷ ᠡᠵᠡᠨ  ᠲᠤ ᠨᠢ ᠪᠤᠴᠠᠭᠠᠵᠦ  ᠦᠭᠳᠡᠭ ᠪᠠᠶᠢᠨ᠎ᠠ᠃             ᠡᠷᠢᠶᠡᠨ ᠬᠤᠳᠠ ᠶᠢᠨ  ᠮᠧᠩ ᠺᠧ ᠯᠦᠩ  ᠴᠢᠯᠦᠭᠡᠳᠦ ᠳᠡᠯᠭᠡᠭᠦᠷ ᠦᠨᠡᠨᠴᠢ ᠢᠲᠡᠭᠡᠮᠵᠢᠲᠡᠢ ᠪᠠᠷ  ᠡᠵᠡᠭᠨᠡᠯᠳᠡ ᠬᠢᠬᠦ ᠠᠴᠠ ᠭᠠᠳᠠᠨ᠎ᠠ᠂   ᠴᠢᠯᠦᠭᠡᠳᠦ  ᠳᠡᠯᠭᠡᠭᠦᠷ ᠤᠨ ᠬᠠᠮᠢᠶᠠᠷᠤᠯᠲᠠ ᠦᠢᠯᠡᠴᠢᠯᠡᠭᠡᠨ ᠤ ᠬᠢᠷᠢ ᠲᠦᠪᠰᠢᠨ  ᠢᠶᠠᠨ ᠲᠠᠰᠤᠷᠠᠯᠳᠠ ᠦᠭᠡᠢ ᠳᠡᠭᠡᠭᠰᠢᠯᠡᠭᠦᠯᠵᠦ᠂ ᠲᠠᠸᠠᠷ ᠬᠤᠳᠠᠯᠳᠤᠨ ᠠᠪᠬᠤ ᠡᠬᠢ ᠡᠭᠦᠰᠦᠯ᠂ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ᠂ ᠪᠠᠷᠠᠭ᠎ᠠ ᠪᠣᠷᠣᠯᠠᠭᠤᠯᠤᠭᠰᠠᠨ ᠤ ᠳᠠᠷᠠᠭᠠᠬᠢ ᠦᠢᠯᠡᠴᠢᠯᠡᠭᠡ ᠵᠡᠷᠭᠡ ᠲᠠᠯ᠎ᠠ   ᠠᠴᠠ ᠭᠠᠷᠳᠠᠵᠤ᠂ ᠬᠡᠷᠡᠭᠯᠡᠭᠴᠢᠳ ᠲᠤ ᠠᠮᠤᠷ ᠲᠦᠪᠰᠢᠨ ᠪᠠᠷᠠᠭ᠎ᠠ ᠬᠤᠳᠠᠯᠳᠤᠨ ᠠᠪᠬᠤ ᠣᠷᠴᠢᠨ ᠨᠥᠬᠦᠴᠡᠯ   ᠢ ᠪᠣᠶ ᠪᠣᠯᠭᠠᠵᠤ ᠥᠭᠭᠦᠭᠰᠡᠨ ᠪᠠᠶᠢᠨ᠎ᠠ᠃        ᠡᠷᠢᠶᠡᠨ ᠬᠤᠳᠠ ᠶᠢᠨ  ᠮᠧᠩ ᠺᠧ ᠯᠦᠩ ᠶᠡᠷᠦᠩᠬᠡᠢ ᠳᠡᠯᠭᠡᠭᠦᠷ ᠤᠨ ᠳᠠᠷᠤᠭ᠎ᠠ ᠵᠠᠩ ᠰᠢᠦ ᠨᠠ ︵张秀娜︶  ᠰᠤᠷᠪᠤᠯᠵᠢᠯᠭ᠎ᠠ ᠬᠦᠯᠢᠶᠡᠬᠦ ᠳᠡᠭᠡᠨ᠄ ︵ᠰᠤᠷᠪᠤᠯᠵᠢᠯᠠᠭ᠎ᠠ︶  ︱ ᠡᠳᠦᠷ ᠪᠦᠷᠢ ᠡᠭᠦᠳᠡ ᠪᠠᠨ ᠨᠡᠭᠡᠭᠡᠬᠦ ᠠᠴᠠ ᠡᠮᠦᠨ᠎ᠡ ᠪᠢᠳᠡ ᠪᠠᠷᠠᠭᠠᠨ ᠤ ᠲᠠᠯᠪᠢᠭᠤᠷ ᠳᠡᠭᠡᠷᠡᠬᠢ ᠲᠠᠸᠠᠷ   ᠢ ᠨᠠᠷᠢᠨ ᠪᠠᠶᠢᠴᠠᠭᠠᠵᠤ᠂ ᠠᠰᠠᠭᠤᠳᠠᠯ ᠲᠠᠢ ᠪᠣᠯ ᠴᠠᠭ ᠲᠤᠬᠠᠢ ᠳᠤᠨᠢ  ᠰᠢᠢᠳᠪᠦᠷᠢᠯᠡᠳᠡᠭ᠂ ᠲᠡᠷᠡᠴᠢᠯᠡᠨ ᠠᠵᠢᠯᠲᠠᠨ ᠨᠢᠭᠡᠪᠦᠷᠢ ᠥᠪᠡᠷ ᠤᠨ  ᠬᠠᠮᠢᠶᠠᠷᠤᠯᠲᠠ ᠶᠢᠨ ᠭᠠᠵᠠᠷ ᠲᠠᠢ ᠪᠠᠶᠢᠳᠠᠭ᠂ ᠡᠳᠡᠭᠡᠷ ᠢ ᠠᠵᠢᠯᠲᠠᠨ ᠤ ᠠᠵᠢᠯ ᠤᠨ ᠪᠦᠲᠦᠮᠵᠢ ᠶᠢᠨ ᠬᠢᠨᠠᠨ ᠰᠢᠯᠭᠠᠯᠲᠠ ᠳᠤ  ᠤᠷᠤᠭᠤᠯᠳᠠᠭ᠃ ᠢᠳᠡᠭᠡᠨ ᠤ ᠠᠮᠤᠷ ᠲᠦᠪᠰᠢᠨ᠂ ᠪᠦᠲᠦᠭᠡᠭᠳᠡᠬᠦᠨ ᠤ ᠶᠠᠰᠤ ᠴᠢᠨᠠᠷ᠂ ᠡᠷᠡᠭᠦᠯ ᠬᠠᠮᠠᠭᠠᠯᠠᠯ  ᠤᠨ ᠬᠠᠮᠢᠶᠠᠷᠤᠯᠲᠠ ᠵᠡᠷᠭᠡ ᠲᠠᠯ᠎ᠠ ᠪᠠᠷ  ᠪᠢᠳᠡ ᠬᠠᠮᠢᠶᠠᠷᠤᠯᠲᠠ ᠶᠢᠨ ᠳᠦᠷᠢᠮ ᠪᠠ ᠪᠠᠷᠢᠮᠵᠢᠶ᠎ᠠ ᠶᠢᠨ ᠰᠢᠰᠲ᠋ᠧᠮ ᠲᠠᠢ ᠪᠠᠶᠢᠵᠤ᠂ ᠪᠠᠷᠠᠭ᠎ᠠ ᠣᠷᠣᠭᠤᠯᠬᠤ ᠶᠠᠰᠤ ᠴᠢᠨᠠᠷ ᠤᠨ ᠪᠠᠷᠢᠮᠵᠢᠶ᠎ᠠ ᠶᠢ  ᠪᠠᠳᠤᠯᠠᠵᠦ᠂ ᠪᠠᠷᠠᠭ᠎ᠠ ᠣᠷᠣᠭᠤᠯᠬᠤ ᠶᠢ ᠪᠠᠶᠢᠴᠠᠭᠠᠨ ᠰᠢᠯᠭᠠᠬᠤ ᠳᠦᠷᠢᠮ ᠢ ᠴᠢᠩᠭ᠎ᠠ  ᠨᠠᠶᠢᠳᠠᠪᠦᠷᠢᠵᠢᠭᠤᠯᠳᠠᠭ ᠭᠡᠯ᠎ᠡ᠃            ᠣᠶᠢᠯᠠᠭᠠᠭᠰᠠᠨ ᠢᠶᠠᠷ᠂ ᠰᠢᠨ᠎ᠡ  ᠲᠢᠳᠢᠮᠯᠢᠭ‌ᠠᠭᠤᠰᠬᠢᠨ ᠦᠷᠪᠢᠰᠦᠯ ᠤᠨ ᠬᠢᠵᠢᠭ  ᠤᠨ ᠪᠠᠶᠢᠳᠠᠯ ᠡᠭᠦᠰᠦᠭᠰᠡᠨ ᠠᠴᠠ  ᠨᠠᠭᠠᠰᠢ᠂ ᠡᠷᠢᠶᠡᠨ ᠬᠤᠳᠠ ᠶᠢᠨ ᠮᠧᠩ ᠺᠧ ᠯᠦᠩ  ᠴᠢᠯᠦᠭᠡᠳᠦ ᠳᠡᠯᠭᠡᠭᠦᠷ ᠬᠠᠨᠳᠢᠪ ᠤᠨ ᠠᠵᠢᠯᠯᠠᠭ᠎ᠠ ᠵᠤᠬᠢᠶᠠᠨ ᠪᠠᠶᠢᠭᠤᠯᠵᠦ᠂ ᠨᠡᠶᠢᠭᠡᠮ ᠨᠡᠶᠢᠳᠡ ᠳᠤ  ᠬᠠᠶᠢᠷ᠎ᠠ ᠬᠠᠯᠠᠮᠵᠢ  ᠶᠢᠨ ᠤᠶᠢᠯᠡᠴᠢᠯᠭᠡ ᠬᠠᠩᠭᠠᠵᠠᠢ  ᠃ 2012 ᠣᠨ   ᠠᠴᠠ ᠣᠲᠣ ᠪᠣᠯᠲᠠᠯ᠎ᠠ ᠡᠷᠢᠶᠡᠨ ᠬᠤᠳᠠ ᠶᠢᠨ ᠮᠧᠩ ᠺᠧ ᠯᠦᠩ ᠴᠢᠯᠦᠭᠡᠳᠦ ᠳᠡᠯᠭᠡᠭᠦᠷ 11 ᠵᠢᠯ ᠳᠠᠷᠠᠭᠠᠯᠠᠨ ᠦᠨᠡᠨᠴᠢ ᠢᠲᠡᠭᠡᠮᠵᠢᠲᠡᠢ ᠡᠵᠡᠩᠨᠡᠯᠲᠡ ᠶᠢᠨ ᠵᠢᠱᠢᠶ᠎ᠡ ᠦᠵᠡᠭᠦᠯᠬᠦ ᠳᠡᠯᠭᠡᠭᠦᠷ ᠤᠨ ᠢᠷᠠᠭᠤ ᠠᠯᠳᠠᠷ  ᠢ ᠬᠦᠷᠲᠡᠵᠦ᠂ ᠤᠷᠢᠳ ᠬᠤᠵᠢᠳ ︽ ᠮᠢᠬ᠎ᠠ ᠨᠣᠭᠤᠭ᠎ᠠ  ᠬᠤᠳᠠᠯᠳᠤᠨ ᠠᠪᠬᠤ ᠵᠢᠱᠢᠶ᠎ᠡ ᠦᠵᠡᠭᠦᠯᠬᠦ ᠴᠢᠯᠦᠭᠡᠳᠦ ᠳᠡᠯᠭᠡᠭᠦᠷ︾᠂ ︽ᠪᠣᠯᠪᠠᠰᠤᠨ ᠦᠨᠡᠨᠴᠢ ᠢᠲᠡᠭᠡᠮᠵᠢᠲᠡᠢ ᠬᠤᠳᠠᠯᠳᠤᠭᠠᠨ ᠤ ᠴᠢᠯᠦᠭᠡᠳᠦ ᠳᠡᠯᠭᠡᠭᠦᠷ︾᠂ ︽ ᠦᠨ᠎ᠡ ᠬᠠᠩᠰᠢ ᠢᠯᠡ  ᠵᠢᠱᠢᠶ᠎ᠡ ᠦᠵᠡᠭᠦᠯᠬᠦ ᠳᠡᠯᠭᠡᠭᠦᠷ︾ ᠵᠡᠷᠭᠡ ᠢᠷᠠᠭᠤ ᠠᠯᠳᠠᠷ ᠤᠨ ᠴᠣᠯᠠ ᠶᠢ ᠭᠥᠷᠳᠡᠭᠰᠡᠨ ᠪᠠᠶᠢᠨ᠎ᠠ᠃        ᠡᠷᠢᠶᠡᠨ ᠬᠤᠳᠠ ᠶᠢᠨ  ᠮᠧᠩ ᠺᠧ ᠯᠦᠩ ᠴᠢᠯᠦᠭᠡᠳᠦ ᠳᠡᠯᠭᠡᠭᠦᠷ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠠᠴᠠ᠂ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠦᠨᠡᠨᠴᠢ ᠢᠲᠡᠭᠡᠮᠵᠢᠲᠡᠢ  ᠡᠵᠡᠭᠨᠡᠯᠳᠡ ᠬᠢᠬᠦ ᠣᠶᠢᠯᠠᠭᠠᠭᠳᠠᠬᠤᠨ ᠢ ᠦᠷᠭᠦᠯᠵᠢᠯᠡᠨ ᠲᠡᠭᠦᠯᠳᠡᠷᠵᠢᠭᠦᠯᠵᠦ᠂ ᠨᠠᠩ ᠰᠢᠯᠢᠳᠡᠭ ᠦᠢᠯᠡᠴᠢᠯᠡᠭᠡ ᠪᠠᠷ ᠠᠵᠤ ᠠᠬᠤᠶᠢᠯᠠᠯ ᠤᠨ ᠡᠷᠡᠭᠦᠯ ᠢᠶᠠᠷ ᠬᠥᠭᠵᠢᠬᠦ ᠶᠢ ᠲᠦᠯᠬᠢᠨ ᠠᠬᠢᠭᠤᠯᠵᠤ᠂ ᠪᠣᠭᠤᠮᠲᠠ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠤᠪᠢ ᠨᠡᠮᠡᠷᠢ  ᠦᠵᠡᠭᠦᠯᠬᠦ ᠪᠠᠨ ᠢᠯᠡᠷᠬᠡᠶᠢᠯᠡᠯ᠎ᠡ᠃
 
ᠢᠷᠡᠯᠲᠡ᠄ ᠬᠠᠮ ᠵᠢᠭᠤᠴᠢᠯᠠᠭᠤᠷ ᠤᠨ ᠶᠠᠷᠦᠩᠬᠡᠶᠢᠯᠡᠭᠰᠡᠨ ᠷᠠᠳᠢᠤ᠋
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号