ᠡᠷᠢᠶᠡᠨ ᠪᠣᠭᠤᠮᠲᠠ ᠳᠤᠮᠳᠠᠳᠤ ᠮᠣᠩᠭᠤᠯ ᠤᠨ ᠲᠠᠷᠢᠶᠠᠯᠠᠩ ᠤᠨ ᠪᠦᠲᠦᠭᠡᠭᠳᠡᠬᠦᠨ ᠤ ︽ᠰᠠᠭᠠᠳ ᠦᠭᠡᠢ ᠭᠠᠷᠴᠠ︾  ᠪᠠᠷ ᠨᠡᠶᠢᠲᠡ 36.65 ᠲᠦᠮᠡᠨ ᠲᠣᠨ ᠵᠢᠮᠢᠰ ᠨᠣᠭᠤᠭ᠎ᠠ ᠶᠢ ᠭᠠᠷᠭᠠᠪᠠ
ᠨᠡᠶᠢᠲᠡᠯᠡᠭᠰᠡᠨ ᠴᠠᠭ᠄
2022/4/20
 ᠰᠤᠷᠪᠤᠯᠵᠢᠯᠠᠭᠴᠢ ᠡᠷᠢᠶᠡᠨ ᠪᠣᠭᠤᠮᠲᠠ ᠠᠴᠠ ᠣᠶᠢᠯᠠᠭᠠᠭᠰᠠᠨ ᠢᠶᠠᠷ᠂ 2018 ᠣᠨ ᠳᠤ ᠳᠤᠮᠳᠠᠳᠤ ᠮᠣᠩᠭᠤᠯ ᠤᠨ ᠲᠠᠷᠢᠶᠠᠯᠠᠩ ᠤᠨ ᠪᠦᠲᠦᠭᠡᠭᠳᠡᠬᠦᠨ ᠤ ︽ᠰᠠᠭᠠᠳ ᠦᠭᠡᠢ ᠭᠠᠷᠴᠠ︾ ᠨᠡᠭᠡᠭᠡᠭᠳᠡᠭᠰᠡᠨ ᠠᠴᠠ ᠨᠠᠰᠢ᠂ 2022 ᠣᠨ ᠤ 3 ᠰᠠᠷ᠎ᠠ ᠶᠢᠨ ᠰᠡᠭᠦᠯᠴᠢ ᠪᠣᠯᠲᠠᠯ᠎ᠠ᠂ ᠡᠷᠢᠶᠡᠨ ᠪᠣᠭᠤᠮᠲᠠ ᠶᠢᠨ ᠬᠢᠨᠠᠨ ᠬᠠᠮᠢᠶᠠᠷᠴᠤ ᠭᠠᠳᠠᠭᠠᠳᠤ ᠳᠤ ᠭᠠᠷᠭᠠᠭᠰᠠᠨ ᠵᠢᠮᠢᠰ ᠨᠣᠭᠤᠭ᠎ᠠ ᠨᠡᠶᠢᠲᠡ 36.65 ᠲᠦᠮᠡᠨ ᠲᠣᠨ ᠬᠦᠷᠴᠦ᠂ ᠠᠷᠠᠯᠵᠢᠶᠠᠨ ᠤ ᠬᠡᠮᠵᠢᠶ᠎ᠡ ᠨᠢ 4.32 ᠳ᠋ᠦᠩᠰᠢᠭᠤᠷ ᠲᠥᠭᠦᠷᠢᠭ ᠲᠤ ᠬᠦᠷᠴᠡᠢ᠃
 ᠳᠤᠮᠳᠠᠳᠤ ᠮᠣᠩᠭᠤᠯ ᠤᠨ ᠲᠠᠷᠢᠶᠠᠯᠠᠩ ᠤᠨ ᠪᠦᠲᠦᠭᠡᠭᠳᠡᠬᠦᠨ ᠤ ︽ᠰᠠᠭᠠᠳ ᠦᠭᠡᠢ ᠭᠠᠷᠴᠠ︾ ᠶᠢ ᠨᠡᠪᠲᠡᠷᠡᠭᠦᠯᠦᠭᠰᠡᠨ ᠠᠴᠠ ᠨᠠᠰᠢ᠂ ᠡᠷᠢᠶᠡᠨ ᠪᠣᠭᠤᠮᠲᠠ ᠶᠢᠨ ᠬᠢᠨ ᠭᠠᠳᠠᠭᠠᠳᠤ ᠳᠤ ᠭᠠᠷᠭᠠᠬᠤ ᠵᠢᠮᠢᠰ ᠨᠣᠭᠤᠭ᠎ᠠ ᠶᠢ ᠰᠢᠯᠭᠠᠨ ᠪᠠᠶᠢᠴᠠᠭᠠᠬᠤ ᠬᠢᠨᠠᠯᠲᠠ ᠬᠠᠮᠢᠶᠠᠷᠤᠯᠲᠠ ᠶᠢᠨ ᠶᠠᠪᠤᠴᠠ ᠶᠢ ᠲᠠᠰᠤᠷᠠᠯᠲᠠ ᠦᠭᠡᠢ ᠰᠢᠯᠢᠳᠡᠭᠵᠢᠭᠦᠯᠦᠨ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠪᠣᠭᠤᠮᠲᠠ ᠪᠠᠷ ᠥᠩᠭᠡᠷᠡᠬᠦ ᠬᠤᠷᠳᠤᠴᠠ ᠶᠢ ᠳᠡᠭᠡᠭᠰᠢᠯᠡᠭᠦᠯᠵᠦ᠂ ᠮᠣᠩᠭᠤᠯ ᠤᠯᠤᠰ ᠤᠨ ᠰᠢᠨ᠎ᠡ ᠰᠣᠷᠭᠤᠭ ᠵᠢᠮᠢᠰ ᠨᠣᠭᠤᠭ᠎ᠠ ᠶᠢᠨ ᠬᠡᠷᠡᠭᠴᠡᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠬᠠᠩᠭᠠᠵᠤ᠂ ᠵᠢᠮᠢᠰ ᠨᠣᠭᠤᠭ᠎ᠠ ᠶᠢ ᠭᠠᠳᠠᠭᠠᠳᠤ ᠳᠤ ᠭᠠᠷᠭᠠᠬᠤ ᠠᠷᠠᠯᠵᠢᠶ᠎ᠠ ᠶᠢᠨ ᠲᠣᠭᠲᠠᠭᠤᠨ ᠢᠶᠠᠷ ᠨᠡᠮᠡᠭᠳᠡᠬᠦ ᠶᠢ ᠳᠡᠮᠵᠢᠪᠡ᠃
 ᠣᠶᠢᠷ᠎ᠠ ᠶᠢᠨ ᠡᠳᠦᠷ ᠤᠳ ᠲᠤ᠂ ᠰᠢᠨ᠎ᠡ ᠰᠣᠷᠭᠤᠭ ᠵᠢᠮᠢᠰ ᠨᠣᠭᠤᠭ᠎ᠠ ᠶᠢ ᠳᠦᠭᠦᠷᠲᠡᠯ᠎ᠡ ᠲᠡᠭᠡᠭᠡᠭᠰᠡᠨ ᠴᠢᠩᠭᠡᠯᠢᠭᠳᠦ ᠠᠴᠢᠶᠠᠨ ᠤ ᠮᠠᠰᠢᠨ ᠲᠡᠷᠭᠡ ᠪᠣᠭᠤᠮᠲᠠ ᠶᠢᠨ ᠪᠠᠶᠢᠴᠠᠭᠠᠨ ᠰᠢᠯᠭᠠᠯᠲᠠ ᠪᠠ ᠳᠡᠭᠦᠵᠢᠯᠡᠨ ᠤᠭᠰᠠᠷᠠᠬᠤ ᠠᠵᠢᠯ ᠢ ᠪᠡᠶᠡᠯᠡᠭᠦᠯᠦᠭᠰᠡᠨ ᠤ ᠳᠠᠷᠠᠭ᠎ᠠ᠂ ᠪᠣᠭᠤᠮᠲᠠ ᠶᠢᠨ ︽ᠵᠢᠮᠢᠰ ᠨᠣᠭᠤᠭ᠎ᠠ ᠶᠢ ᠭᠠᠳᠠᠭᠠᠳᠤ ᠳᠤ ᠭᠠᠷᠭᠠᠬᠤ ᠰᠠᠭᠠᠳ ᠦᠭᠡᠢ ᠭᠠᠷᠴᠠ︾ ᠪᠠᠷ ᠲᠦᠷᠭᠡᠨ ᠥᠩᠭᠡᠷᠡᠵᠦ᠂ ᠮᠣᠩᠭᠤᠯ ᠤᠯᠤᠰ ᠲᠤ ᠭᠠᠷᠪᠠ᠃ ᠬᠢᠵᠢᠭ ᠤᠨ ᠪᠠᠶᠢᠳᠠᠯ ᠤᠨ ᠨᠥᠯᠥᠭᠡ ᠪᠠᠷ ᠂ ᠮᠣᠩᠭᠤᠯ ᠤᠯᠤᠰ ᠤᠨ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠬᠦ ᠴᠢᠳᠠᠪᠤᠷᠢ ᠪᠠᠭᠤᠷᠠᠵᠤ᠂ ᠭᠠᠳᠠᠭᠠᠳᠤ   ᠠᠴᠠ ᠣᠷᠣᠭᠤᠯᠤᠭᠰᠠᠨ ᠵᠢᠮᠢᠰ ᠨᠣᠭᠤᠭ᠎ᠠ ᠳᠤ ᠲᠦᠰᠢᠭᠯᠡᠬᠦ ᠬᠡᠮᠵᠢᠶ᠎ᠡ ᠲᠠᠰᠤᠷᠠᠯᠲᠠ ᠦᠭᠡᠢ ᠨᠡᠮᠡᠭᠳᠡᠵᠦ ᠪᠠᠶᠢᠨ᠎ᠠ᠂ ᠭᠡᠲᠡᠯ᠎ᠡ ᠮᠠᠨ ᠤ ᠤᠯᠤᠰ ᠤᠨ ᠵᠢᠮᠢᠰ ᠨᠣᠭᠤᠭ᠎ᠠ ᠶᠢᠨ ᠦᠢᠯᠡᠳᠪᠦᠷᠢᠯᠡᠯ ᠤᠨ ᠠᠵᠢᠯ ᠲᠥᠷᠥᠯ ᠤᠨ ᠰᠡᠷᠭᠦᠯᠲᠡ ᠶᠢᠨ ᠬᠠᠨᠳᠤᠰᠢ ᠮᠠᠰᠢ ᠰᠠᠶᠢᠨ ᠪᠠᠶᠢᠵᠤ᠂ ᠦᠢᠯᠡᠳᠪᠦᠷᠢᠯᠡᠯ ᠤᠨ ᠴᠢᠳᠠᠪᠤᠷᠢ᠂ ᠦᠢᠯᠡᠳᠬᠦᠨ ᠤ ᠶᠠᠰᠤ ᠴᠢᠨᠠᠷ ᠨᠡᠯᠢᠶᠡᠳ ᠥᠨᠳᠥᠷ ᠲᠦᠪᠰᠢᠨ ᠳᠤ ᠪᠠᠶᠢᠵᠤ᠂ ᠵᠢᠮᠢᠰ ᠨᠣᠭᠤᠭ᠎ᠠ ᠶᠢᠨ ᠭᠠᠳᠠᠭᠠᠳᠤ ᠭᠠᠷᠭᠠᠯᠲᠠ ᠶᠢᠨ ᠠᠷᠠᠯᠵᠢᠶ᠎ᠠ ᠲᠣᠭᠲᠠᠭᠤᠨ ᠢᠶᠠᠷ ᠬᠥᠭᠵᠢᠬᠦ ᠬᠠᠨᠳᠤᠰᠢ ᠪᠠᠨ ᠪᠠᠲᠤᠯᠠᠵᠤ ᠪᠠᠶᠢᠨ᠎ᠠ᠃   ᠣᠶᠢᠯᠠᠭᠠᠭᠰᠠᠨ ᠢᠶᠠᠷ᠂ ᠡᠨᠡ ᠵᠢᠯ ᠤᠨ ᠨᠢᠭᠡᠳᠦᠭᠡᠷ ᠤᠯᠠᠷᠢᠯ ᠳᠤ᠂ ᠡᠷᠢᠶᠡᠨ ᠪᠣᠭᠤᠮᠲᠠ ᠶᠢᠨ ᠬᠢᠨᠠᠨ ᠬᠠᠮᠢᠶᠠᠷᠴᠤ ᠭᠠᠳᠠᠭᠠᠳᠤ ᠳᠤ ᠭᠠᠷᠭᠠᠭᠰᠠᠨ ᠵᠢᠮᠢᠰ ᠨᠣᠭᠤᠭ᠎ᠠ 8510.7 ᠲᠣᠨ ᠪᠠᠶᠢᠵᠤ᠂ ᠪᠠᠷᠠᠭᠠᠨ ᠤ ᠥᠷᠲᠡᠭ ᠨᠢ 1605 ᠲᠦᠮᠡᠨ ᠲᠥᠭᠦᠷᠢᠭ ᠲᠤ ᠬᠦᠷᠴᠡᠢ᠃
 
ᠢᠷᠡᠯᠲᠡ᠄ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号