ᠪᠦᠬᠦ ᠬᠤᠳᠠ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠢ ᠥᠷᠭᠡᠳᠬᠡᠬᠦ ᠪᠠᠶᠢᠭᠤᠯᠤᠯᠲᠠ ᠵᠢᠴᠢ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠢ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/4/21
        4 ᠰᠠᠷ᠎ᠠ ᠶᠢᠨ 20 ᠤ ᠡᠳᠦᠷ᠂ ᠪᠥᠬᠦ ᠬᠤᠲᠠ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠤᠨ ᠪᠠᠶᠢᠭᠤᠯᠤᠯᠲᠠ ᠶᠢ ᠥᠷᠭᠡᠳᠬᠡᠬᠦ ᠵᠢᠴᠢ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠢ ᠲᠦᠯᠬᠢᠨ ᠠᠬᠢᠭᠤᠯᠬᠤ ᠬᠤᠷᠠᠯ ᠬᠤᠷᠠᠯᠳᠤᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠰᠢᠯᠢ ᠶᠢᠨ ᠭᠤᠣᠯ ᠠᠶᠢᠮᠠᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠤᠨ ᠪᠠᠶᠢᠭᠤᠯᠤᠯᠲᠠ ᠶᠢᠨ ᠠᠵᠢᠯ ᠤᠨ ᠱᠠᠭᠠᠷᠳᠠᠯᠭ᠎ᠠ ᠶᠢ ᠰᠤᠷᠤᠯᠴᠠᠨ ᠲᠤᠤᠱᠯᠠᠭᠤᠯᠤᠨ᠂ ᠮᠠᠨ ᠤ ᠬᠤᠲᠠ ᠶᠢᠨ ᠲᠠᠷᠠᠭᠠᠴᠢ ᠶᠢᠨ ᠱᠠᠲᠤᠨ ᠤ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃
    ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ ᠶᠠᠩ ᠶᠢᠨ ᠷᠦᠢ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠵᠠᠩ ᠺᠠᠢ ᠳ᠋ᠦᠩ ᠬᠤᠷᠠᠯ ᠢ ᠡᠷᠭᠢᠯᠡᠪᠡ᠃    ᠬᠤᠷᠠᠯ ᠠᠴᠠ᠂ ᠮᠠᠨ ᠤ ᠬᠤᠳᠠ ᠶᠢ ᠪᠦᠬᠦ ᠣᠷᠣᠨ ᠤ ᠠᠩᠬᠠᠳᠠᠭᠴᠢ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠤᠨ ᠪᠦᠲᠦᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠬᠤᠳᠠ ᠪᠠᠷ ᠲᠣᠭᠲᠠᠭᠠᠭᠰᠠᠨ ᠠᠴᠠ ᠨᠠᠰᠢ᠂ ᠪᠣᠯᠪᠠᠰᠤᠨ ᠤ ᠦᠢᠯᠡᠳᠦᠯᠭᠡ ᠪᠣᠯᠣᠨ ᠪᠣᠯᠪᠠᠰᠤᠨ ᠢ ᠡᠭᠦᠳᠦᠨ ᠪᠠᠶᠢᠭᠤᠯᠬᠤ᠂ ᠭᠠᠳᠠᠭᠠᠳᠤ ᠤᠬᠠᠭᠤᠯᠭ᠎ᠠ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠢᠮᠠᠭᠲᠠ ᠣᠷᠭᠠᠨᠢᠭ ᠢᠶᠠᠷ ᠤᠶᠠᠯᠳᠤᠭᠤᠯᠵᠤ᠂ ᠪᠣᠭᠤᠮᠲᠠ ᠶᠢᠨ ᠬᠤᠳᠠ ᠶᠢᠨ ᠪᠣᠯᠪᠠᠰᠤᠨ ᠤ ᠦᠢᠯᠡᠳᠦᠯᠭᠡ ᠶᠢᠨ ᠠᠷᠭ᠎ᠠ᠂ ᠵᠠᠮ ᠱᠤᠭᠤᠮ ᠤᠨ ᠲᠠᠯ᠎ᠠ ᠪᠠᠷ ᠲᠣᠪᠣᠶᠢᠮ᠎ᠠ ᠦᠷ᠎ᠡ ᠪᠦᠲᠦᠮᠵᠢ ᠲᠠᠢ ᠬᠠᠶᠢᠨ ᠰᠦᠪᠡᠭᠴᠢᠯᠡᠯᠲᠡ ᠬᠢᠭᠰᠡᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠡᠯ᠎ᠡ ᠬᠠᠮᠢᠶ᠎ᠠ ᠪᠦᠬᠦᠢ ᠨᠢᠭᠡᠴᠡ ᠶᠢᠨ ᠬᠢᠨ ᠤᠯᠤᠰ ᠲᠥᠷᠥ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠵᠦ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠢ ᠥᠷᠭᠡᠳᠬᠡᠬᠦ ᠪᠠᠶᠢᠭᠤᠯᠤᠯᠲᠠ ᠶᠢᠨ ᠠᠵᠢᠯ ᠢ ᠲᠡᠷᠢᠭᠦᠨ ᠪᠠᠶᠢᠷᠢᠨ ᠳᠤ ᠲᠠᠯᠪᠢᠵᠤ᠂ ᠨᠠᠮ ᠤᠨ ᠰᠢᠨ᠎ᠡ ᠡᠭᠦᠳᠦᠯᠲᠡ ᠶᠢᠨ ᠣᠨᠣᠯ   ᠢ ᠤᠯᠠᠮᠵᠢᠯᠠᠬᠤ᠂ ᠦᠵᠡᠯ ᠰᠠᠨᠠᠭ᠎ᠠ ᠤᠯᠤᠰ ᠲᠥᠷᠥ   ᠶᠢᠨ ᠠᠵᠢᠯ   ᠢ ᠪᠣᠳᠠᠲᠠᠶᠢᠵᠢᠭᠤᠯᠬᠤ᠂ ᠴᠠᠭ ᠦᠶ᠎ᠡ   ᠶᠢᠨ ᠰᠢᠨ᠎ᠡ ᠬᠥᠮᠥᠨ ᠢ ᠬᠥᠮᠥᠵᠢᠭᠦᠯᠬᠦ᠂ ᠴᠠᠭ ᠦᠶ᠎ᠡ   ᠶᠢᠨ ᠰᠢᠨ᠎ᠡ ᠰᠤᠷᠲᠠᠯ ᠢ ᠪᠠᠳᠠᠷᠠᠭᠤᠯᠬᠤ ᠤᠯᠤᠰ ᠲᠥᠷᠥ   ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠤᠯᠠᠨ ᠶᠠᠩᠵᠤ ᠶᠢᠨ ᠬᠡᠯᠪᠡᠷᠢ ᠲᠠᠢ᠂ ᠯᠠᠪᠳᠠᠭᠤᠨ ᠪᠦᠲᠦᠮᠵᠢᠲᠡᠢ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠵᠤ᠂ ᠤᠯᠠᠨ ᠲᠦᠮᠡᠨ ᠢ ᠨᠢᠭᠲᠠᠷᠠᠭᠤᠯᠵᠤ᠂ ᠤᠯᠠᠨ ᠲᠦᠮᠡᠨ ᠢ ᠬᠥᠲᠥᠯᠥᠨ ᠵᠢᠯᠤᠭᠤᠳᠴᠤ᠂ ᠰᠣᠶᠣᠯᠵᠢᠭᠤᠯᠵᠤ᠂ ᠬᠡᠪ ᠵᠠᠩᠰᠢᠯ ᠪᠣᠯᠭᠠᠵᠤ᠂ ᠰᠢᠨ᠎ᠡ ᠴᠠᠭ ᠦᠶ᠎ᠡ ᠶᠢᠨ ᠱᠠᠭᠠᠷᠳᠠᠯᠭ᠎ᠠ ᠳᠤ ᠵᠣᠬᠢᠴᠠᠭᠰᠠᠨ ᠦᠵᠡᠯ ᠰᠠᠨᠠᠭ᠎ᠠ ᠣᠶᠢᠯᠠᠭᠠᠭᠳᠠᠬᠤᠨ᠂ ᠤᠶᠤᠨ ᠰᠠᠨᠠᠭᠠᠨ ᠤ ᠳᠦᠷᠰᠦ ᠪᠠᠶᠢᠳᠠᠯ᠂ ᠪᠣᠯᠪᠠᠰᠤᠨ ᠬᠡᠪ ᠰᠤᠷᠲᠠᠯ᠂ ᠦᠢᠯᠡ ᠠᠵᠢᠯᠯᠠᠭᠠᠨ ᠤ ᠵᠢᠷᠤᠮᠵᠢᠯ ᠢ ᠪᠤᠢ ᠪᠣᠯᠭᠠᠬᠤ ᠶᠢ ᠠᠬᠢᠭᠤᠯᠵᠤ᠂ ᠥᠷᠭᠡᠨ ᠤᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠪᠠ ᠬᠠᠨᠤᠮᠵᠢ ᠶᠢᠨ ᠬᠡᠮᠵᠢᠶ᠎ᠡ ᠶᠢ ᠨᠡᠮᠡᠭᠳᠡᠬᠦᠯᠪᠡ᠃   ᠬᠤᠷᠠᠯ ᠠᠴᠠ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠤᠨ ᠪᠠᠶᠢᠭᠤᠯᠤᠯᠲᠠ ᠶᠢᠨ ᠭᠤᠣᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠵᠢᠭᠰᠠᠭᠠᠯ ᠤᠨ ᠭᠠᠵᠠᠷ ᠤᠨ ᠪᠠᠶᠢᠭᠤᠯᠤᠯᠲᠠ ᠶᠢ ᠪᠣᠳᠠᠲᠠᠶᠢᠵᠢᠭᠤᠯᠵᠤ᠂ ᠪᠣᠯᠪᠠᠰᠤᠨ ᠤ ᠦᠢᠯᠡᠳᠦᠯᠭᠡ ᠶᠢᠨ ᠠᠭᠤᠯᠭ᠎ᠠ ᠶᠢ ᠭᠦᠨᠵᠡᠭᠡᠶᠢᠷᠡᠭᠦᠯᠵᠦ᠂ ᠪᠣᠯᠪᠠᠰᠤᠨ ᠤ ᠦᠢᠯᠡᠳᠦᠯᠭᠡ ᠶᠢᠨ ᠲᠦᠷᠦᠯ ᠲᠡᠮᠳᠡᠭ ᠤᠨ ᠲᠦᠷᠦᠯ ᠵᠦᠢᠯ ᠢ ᠬᠦᠴᠦᠷᠬᠡᠭᠵᠢᠭᠦᠯᠵᠦ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠶᠣᠰᠣᠭᠠᠷ ᠡᠯ᠎ᠡ ᠵᠦᠢᠯ ᠤᠨ ᠠᠵᠢᠯ ᠢᠶᠠᠨ ᠴᠢᠨᠠᠷ ᠰᠠᠶᠢᠲᠠᠢ ᠠᠬᠢᠭᠤᠯᠪᠠ᠃ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠰᠠᠶᠢᠨ ᠳᠤᠷ᠎ᠠ ᠶᠢᠨ ᠦᠢᠯᠡᠴᠢᠯᠡᠭᠡᠨ ᠤ ᠠᠭᠤᠯᠭ᠎ᠠ ᠶᠢ ᠲᠠᠰᠤᠷᠠᠯᠳᠠ ᠦᠭᠡᠢ ᠥᠷᠭᠡᠳᠬᠡᠵᠦ᠂ ᠰᠠᠶᠢᠨ ᠳᠤᠷ᠎ᠠ ᠶᠢᠨ ᠦᠢᠯᠡᠴᠢᠯᠡᠭᠡᠨ ᠤ ᠣᠨᠴᠠᠯᠢᠭ ᠢ ᠲᠤᠪᠤᠶᠢᠯᠭᠠᠵᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠲᠦᠷᠦᠯ ᠲᠡᠮᠳᠡᠭ ᠢ ᠡᠭᠦᠳᠴᠦ᠂ ᠰᠠᠶᠢᠨ ᠳᠤᠷ᠎ᠠ ᠶᠢᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠬᠦᠯᠪᠡ᠃   ᠬᠤᠷᠠᠯ ᠠᠴᠠ ᠪᠦᠬᠦ ᠣᠷᠣᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠢ ᠥᠷᠭᠡᠳᠬᠡᠬᠦ ᠪᠠᠶᠢᠭᠤᠯᠤᠯᠲᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ︽ᠬᠤᠳᠠ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠳᠤ ᠲᠣᠬᠢᠷᠠᠭᠤᠯᠤᠯᠲᠠ ᠬᠢᠬᠦ ᠲᠤᠬᠠᠢ ᠮᠡᠳᠡᠭᠳᠡᠯ︾  ᠢ ᠤᠩᠰᠢᠨ ᠨᠡᠶᠢᠲᠡᠯᠡᠵᠦ᠂ ︽ᠡᠷᠢᠶᠡᠨ ᠬᠤᠳᠠ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠢ ᠥᠷᠭᠡᠳᠬᠡᠬᠦ ᠪᠠᠶᠢᠭᠤᠯᠤᠯᠲᠠ ᠶᠢᠨ ᠭᠤᠣᠯᠳᠠᠯᠭ᠎ᠠ ᠲᠠᠢ ᠡᠭᠦᠷᠭᠡ ᠶᠢᠨ ᠠᠵᠢᠯ ᠤᠨ ᠬᠤᠪᠢᠶᠠᠷᠢᠯᠠᠯ ᠤᠨ ᠲᠥᠰᠥᠯ︾  ᠳᠤ ᠲᠠᠶᠢᠯᠤᠮᠵᠢ ᠬᠢᠵᠡᠢ᠃    ᠬᠤᠳᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠡ ᠪᠣᠯᠣᠨ ᠡᠯ᠎ᠡ ᠨᠡᠶᠢᠭᠡᠮ ᠲᠣᠭᠤᠷᠢᠭ ᠤᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号