| | ᠰᠢᠨ᠎ᠡ ᠪᠠᠷ ᠡᠯᠰᠡᠭᠰᠡᠨ ᠠᠯᠪᠠᠲᠠᠨ ᠤ ᠤᠯᠤᠰ ᠲᠥᠷᠥ ᠶᠢᠨ ᠬᠡᠪ ᠴᠢᠨᠠᠷ᠂ ᠶᠣᠰᠣ ᠮᠣᠷᠠᠯ ᠵᠠᠩ ᠴᠢᠨᠠᠷ ᠪᠠ | ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠬᠦ ᠶᠢᠨ ᠳᠣᠯᠠᠳᠠ᠂ 4 ᠰᠠᠷ᠎ᠠ ᠶᠢᠨ 21 ᠤ | ᠡᠳᠦᠷ᠂ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠠᠴᠠ ᠡᠷᠭᠢᠯᠡᠭᠰᠡᠨ 2021 ᠣᠨ ᠤ | ᠰᠢᠨ᠎ᠡ ᠪᠠᠷ ᠡᠯᠰᠡᠭᠰᠡᠨ ᠠᠯᠪᠠᠲᠠᠨ ᠤ ᠠᠩᠬᠠᠨ ᠤ ᠲᠤᠰᠢᠶᠠᠯ ᠳᠤ ᠭᠠᠷᠬᠤ ᠪᠣᠯᠪᠠᠰᠤᠷᠠᠯ ᠤᠨ ᠠᠩᠭᠢ ᠬᠤᠲᠠ ᠶᠢᠨ | ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠳᠤ ᠰᠤᠷᠤᠯᠭ᠎ᠠ ᠡᠬᠢᠯᠡᠪᠡ᠃ ᠬᠤᠲᠠ ᠶᠢᠨ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ᠂ ᠨᠠᠮ ᠤᠨ ᠰᠤᠷᠭᠠᠭᠤᠯᠢ ᠶᠢᠨ ᠵᠠᠬᠢᠷᠤᠯ | ᠾᠧᠦ ᠶᠠᠨ ᠮᠢᠨ ᠠᠩᠭᠢ ᠡᠬᠢᠯᠡᠬᠦ ᠶᠣᠰᠣᠯᠠᠯ ᠳᠤ ᠣᠷᠣᠯᠴᠠᠵᠤ ᠶᠠᠷᠢᠶ᠎ᠠ ᠲᠠᠯᠪᠢᠪᠠ᠃ | | | ᠾᠧᠦ ᠶᠠᠨ ᠮᠢᠨ ᠶᠠᠷᠢᠶᠠᠨ ᠳᠠᠭᠠᠨ᠂ ᠠᠯᠪᠠᠲᠠᠨ ᠤ ᠪᠣᠯᠪᠠᠰᠤᠷᠠᠭᠤᠯᠤᠯ ᠪᠣᠯ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠬᠤ᠂ ᠠᠯᠪᠠᠲᠠᠨ ᠤ ᠡᠩᠨᠡᠭᠡ ᠶᠢᠨ ᠬᠡᠪ ᠴᠢᠨᠠᠷ ᠢ ᠳᠡᠭᠡᠭᠰᠢᠯᠡᠭᠦᠯᠬᠦ᠂ ᠵᠠᠰᠠᠯᠲᠠ ᠶᠢᠨ ᠴᠢᠳᠠᠪᠤᠷᠢ ᠶᠢ | ᠳᠡᠭᠡᠭᠰᠢᠯᠡᠭᠦᠯᠬᠦ᠂ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠬᠤ ᠴᠢᠬᠤᠯᠠ ᠠᠷᠭ᠎ᠠ ᠵᠠᠮ ᠮᠥᠨ᠃ ᠰᠢᠨ᠎ᠡ ᠪᠠᠷ | ᠡᠯᠰᠡᠭᠰᠡᠨ ᠠᠯᠪᠠᠲᠠᠨ ᠤ ᠠᠩᠬᠠᠨ ᠤ ᠲᠤᠰᠢᠶᠠᠯ ᠳᠤ ᠭᠠᠷᠬᠤ ᠪᠣᠯᠪᠠᠰᠤᠷᠠᠭᠤᠯᠤᠯ ᠪᠣᠯ ᠠᠯᠪᠠᠲᠠᠨ ᠤ | ᠪᠣᠯᠪᠠᠰᠤᠷᠠᠭᠤᠯᠤᠯ ᠤᠨ ᠠᠵᠢᠯ ᠤᠨ ᠴᠢᠬᠤᠯᠠ ᠨᠢᠭᠡ ᠭᠤᠭᠴᠤᠭ᠎ᠠ ᠮᠥᠨ᠂ ᠪᠠᠰᠠ ᠴᠤ ᠰᠢᠨ᠎ᠡ ᠪᠠᠷ ᠡᠯᠰᠡᠭᠰᠡᠨ | ᠠᠯᠪᠠᠲᠠᠨ ᠢ ᠬᠠᠪᠰᠤᠷᠤᠨ ᠪᠠᠶᠢᠭᠤᠯᠤᠯᠭ᠎ᠠ ᠶᠢᠨ ᠠᠵᠢᠯ ᠳᠤ ᠲᠦᠷᠭᠡᠬᠡᠨ ᠵᠣᠬᠢᠴᠠᠭᠤᠯᠵᠤ᠂ ᠠᠵᠢᠯ ᠤᠨ ᠪᠠᠶᠢᠷᠢ ᠶᠢᠨ | ᠲᠤᠰᠢᠶᠠᠯ ᠬᠠᠷᠢᠭᠤᠴᠠᠯᠭ᠎ᠠ ᠶᠢ ᠨᠢ ᠨᠠᠩ ᠰᠠᠶᠢᠲᠤᠷ ᠭᠦᠢᠴᠡᠳᠬᠡᠨ᠂ ᠳᠦᠷᠢ ᠲᠥᠷᠬᠦ ᠶᠢᠨ ᠰᠣᠯᠢᠭᠳᠠᠯ ᠢ ᠲᠦᠷᠭᠡᠬᠡᠨ | ᠪᠡᠶᠡᠯᠡᠭᠦᠯᠬᠦ ᠶᠢᠨ ᠪᠤᠰᠤᠳᠴᠢ ᠬᠡᠷᠡᠭᠴᠡᠭᠡ ᠮᠥᠨ᠂ ᠨᠠᠩ ᠴᠤ ︽ᠠᠯᠪᠠᠲᠠᠨ ᠤ ᠬᠠᠤᠯᠢ︾ ᠶᠢ ᠲᠤᠤᠱᠯᠠᠭᠤᠯᠤᠨ | ᠬᠡᠷᠡᠭᠵᠢᠭᠦᠯᠬᠦ ᠶᠢᠨ ᠳᠣᠲᠣᠭᠠᠳᠤ ᠱᠠᠭᠠᠷᠳᠠᠯᠭ᠎ᠠ ᠮᠥᠨ᠃ ᠰᠢᠨ᠎ᠡ ᠪᠠᠷ ᠡᠯᠰᠡᠭᠰᠡᠨ ᠠᠯᠪᠠᠲᠠᠨ ᠨᠢ ᠪᠠᠲᠤ ᠴᠢᠩᠭ᠎ᠠ | ᠤᠯᠤᠰ ᠲᠥᠷᠥ ᠶᠢᠨ ᠬᠡᠪ ᠴᠢᠨᠠᠷ ᠢᠶᠠᠨ ᠳᠠᠪᠲᠠᠨ ᠪᠣᠯᠪᠠᠰᠤᠷᠠᠭᠤᠯᠵᠤ᠂ ᠤᠯᠤᠰ ᠲᠥᠷᠥ ᠶᠢᠨ ᠲᠠᠯ᠎ᠠ ᠪᠠᠷ ᠪᠠᠲᠤ | ᠴᠢᠩᠭ᠎ᠠ ᠬᠥᠮᠥᠨ ᠪᠣᠯᠬᠤ ᠬᠡᠷᠡᠭᠲᠡᠢ︔ ᠪᠠᠶᠢᠴᠠᠭᠠᠨ ᠰᠤᠳᠤᠯᠬᠤ ᠴᠢᠳᠠᠪᠤᠷᠢ ᠪᠠᠨ ᠴᠢᠩᠭᠠᠳᠬᠠᠵᠤ᠂ ᠦᠨᠡᠨ ᠠᠴᠠ | ᠵᠥᠪ ᠢ ᠡᠷᠢᠬᠦ ᠶᠢᠨ ᠦᠢᠯᠡᠳᠦᠯᠭᠡᠵᠢᠭᠦᠯᠦᠭᠴᠢ ᠪᠣᠯᠬᠤ ᠬᠡᠷᠡᠭᠲᠡᠢ︔ ᠪᠣᠳᠠᠲᠠᠢ ᠠᠰᠠᠭᠤᠳᠠᠯ ᠢ ᠰᠢᠢᠳᠪᠦᠷᠢᠯᠡᠬᠦ | ᠴᠢᠳᠠᠪᠤᠷᠢ ᠪᠠᠨ ᠳᠠᠪᠲᠠᠨ ᠪᠣᠯᠪᠠᠰᠤᠷᠠᠭᠤᠯᠵᠤ᠂ ᠠᠵᠢᠯ ᠬᠢᠵᠦ ᠦᠢᠯᠡᠰ ᠪᠣᠰᠬᠠᠬᠤ ᠡᠭᠦᠷᠭᠡᠯᠡᠭᠴᠢ ᠪᠣᠯᠬᠤ ᠬᠡᠷᠡᠭᠲᠡᠢ︔ | ᠨᠠᠰᠤᠨ ᠲᠤᠷᠰᠢᠲᠠ ᠰᠤᠷᠤᠯᠴᠠᠬᠤ ᠣᠶᠢᠯᠠᠭᠠᠭᠳᠠᠬᠤᠨ ᠢ ᠪᠤᠢ ᠪᠣᠯᠭᠠᠵᠤ᠂ ᠴᠠᠭ ᠦᠶ᠎ᠡ ᠶᠢᠨ ᠤᠷᠤᠰᠬᠠᠯ ᠢ ᠰᠠᠯᠤᠯ | ᠦᠭᠡᠢ ᠲᠠᠭᠠᠳᠠᠭ ᠳᠠᠪᠰᠢᠩᠭᠤᠢ ᠬᠥᠮᠥᠨ ᠪᠣᠯᠬᠤ ᠬᠡᠷᠡᠭᠲᠡᠢ᠃ ᠪᠥᠬᠦ ᠰᠤᠷᠤᠭᠴᠢᠳ ᠠᠩᠬᠠᠷᠤᠯ ᠢᠶᠠᠨ ᠲᠥᠪᠯᠡᠷᠡᠭᠦᠯᠦᠨ | ᠂ ᠬᠢᠴᠢᠶᠡᠯ ᠢᠶᠠᠨ ᠬᠢᠨᠠᠮᠠᠭᠠᠢ ᠰᠣᠨᠣᠰᠴᠤ᠂ ᠰᠤᠷᠤᠯᠴᠠᠯᠭ᠎ᠠ ᠶᠢᠨ ᠲᠡᠮᠳᠡᠭᠯᠡᠯ ᠢᠶᠠᠨ ᠰᠠᠶᠢᠲᠤᠷ ᠬᠢᠵᠦ᠂ ᠪᠥᠬᠦ ᠰᠡᠳᠬᠢᠯ | ᠪᠥᠬᠦ ᠵᠣᠷᠢᠭ ᠢᠶᠠᠷ ᠢᠶᠠᠨ ᠰᠢᠮᠳᠠᠨ ᠰᠤᠷᠤᠯᠴᠠᠬᠤ ᠬᠡᠷᠡᠭᠲᠡᠢ︔ ᠣᠪᠣᠷ ᠢᠶᠠᠨ ᠲᠥᠪ ᠪᠣᠯᠭᠠᠵᠤ᠂ ᠰᠤᠷᠤᠯᠴᠠᠬᠤ | ᠰᠤᠷᠲᠠᠯ ᠢᠶᠠᠨ ᠲᠥᠪ ᠪᠣᠯᠭᠠᠵᠤ᠂ ᠳᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠵᠤ᠂ | ᠬᠠᠮᠢᠶᠠᠷᠤᠯᠲᠠ ᠶᠢ ᠲᠠᠭᠠᠬᠤ ᠬᠡᠷᠡᠭᠲᠡᠢ︔ ᠰᠡᠷᠭᠡᠶᠢᠯᠡᠨ ᠬᠠᠮᠠᠭᠠᠯᠠᠬᠤ ᠤᠬᠠᠮᠰᠠᠷ ᠢᠶᠠᠨ ᠳᠡᠭᠡᠭᠰᠢᠯᠡᠭᠦᠯᠵᠦ᠂ ᠥᠪᠡᠷ ᠤᠨ | ᠬᠢᠵᠢᠭ ᠢ ᠰᠡᠷᠭᠡᠶᠢᠯᠡᠬᠦ ᠬᠠᠮᠠᠭᠠᠯᠠᠯᠲᠠ ᠪᠠᠨ ᠴᠢᠩᠭᠠᠳᠬᠠᠬᠤ ᠬᠡᠷᠡᠭᠲᠡᠢ᠃ | | | | | ᠣᠶᠢᠯᠠᠭᠠᠭᠰᠠᠨ ᠢᠶᠠᠷ᠂ ᠲᠣᠰ ᠤᠳᠠᠭᠠᠨ ᠤ ᠠᠩᠬ᠎ᠠ ᠲᠤᠰᠢᠶᠠᠯ ᠳᠤ ᠭᠠᠷᠬᠤ ᠪᠣᠯᠪᠠᠰᠤᠷᠠᠯ ᠤᠨ ᠬᠤᠭᠤᠴᠠᠭ᠎ᠠ ᠨᠢ | 7 ᠡᠳᠦᠷ ᠪᠠᠶᠢᠵᠤ᠂ ᠨᠡᠶᠢᠲᠡ 90 ᠬᠢᠴᠢᠶᠡᠯ ᠤᠨ ᠴᠠᠭ ᠪᠠᠶᠢᠵᠤ᠂ ᠲᠤᠬᠠᠢ ᠶᠢᠨ ᠲᠠᠯᠠᠪᠤᠷ ᠤᠨ ᠵᠢᠭᠠᠨ ᠰᠤᠷᠭᠠᠯᠲᠠ | ᠪᠠ ᠰᠦᠯᠵᠢᠶᠡᠨ ᠤ ᠵᠢᠭᠠᠨ ᠰᠤᠷᠭᠠᠯᠲᠠ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠶᠠᠪᠤᠭᠳᠠᠭᠤᠯᠤᠨ᠎ᠠ᠃ ᠬᠢᠴᠢᠶᠡᠯ | ᠨᠢ ᠬᠠᠤᠯᠢ ᠴᠠᠭᠠᠵᠠ ᠬᠠᠤᠯᠢ ᠲᠣᠭᠲᠠᠭᠠᠯ᠂ ᠦᠵᠡᠯ ᠤᠬᠠᠮᠰᠠᠷ ᠤᠨ ᠬᠡᠯᠪᠡᠷᠢ᠂ ᠠᠯᠪᠠᠲᠠᠨ ᠤ ᠦᠨᠡᠨᠴᠢ | ᠢᠲᠡᠭᠡᠮᠵᠢ ᠶᠢᠨ ᠬᠥᠮᠦᠵᠢᠯ᠂ ᠠᠯᠪᠠᠨ ᠪᠢᠴᠢᠭ ᠪᠢᠴᠢᠬᠦ ᠪᠠ ᠰᠢᠢᠳᠪᠦᠷᠢᠯᠡᠬᠦ ᠵᠡᠷᠭᠡ ᠠᠭᠤᠯᠭ᠎ᠠ ᠶᠢ ᠬᠠᠮᠤᠷᠴᠠᠢ᠃ |