ᠡᠷᠢᠶᠡᠨ ᠬᠤᠲᠠ 2021 ᠣᠨ ᠤ ᠤᠯᠤᠰ ᠠᠷᠠᠳ ᠤᠨ ᠠᠵᠤ ᠠᠬᠤᠢ ᠶᠢᠨ ᠡᠷᠬᠢᠯᠳᠡ ᠶᠢᠨ ᠪᠠᠶᠢᠳᠠᠯ ᠤᠨ  ᠰᠣᠨᠢᠨ ᠮᠡᠳᠡᠭᠡ ᠨᠡᠶᠢᠳᠡᠯᠡᠬᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/4/24
ᠡᠷᠢᠶᠡᠨ  ᠬᠤᠳᠠ   ᠶᠢᠨ  ᠶᠡᠷᠦᠩᠬᠡᠶᠢᠯᠬᠠᠰᠡᠨ ᠷᠠᠳᠢᠣ᠋ ᠶᠢᠨ  ᠰᠤᠷᠪᠤᠯᠵᠢᠯᠠᠭᠴᠢ  ᠪᠦᠷᠢᠩᠭᠤᠸ᠎ᠠ   ᠶᠢᠨ  ᠮᠡᠳᠡᠭᠡᠯᠡᠭᠰᠡᠨ  ᠢᠶᠠᠷ᠄ᠡᠷᠢᠶᠡᠨ ᠬᠤᠲᠠ 2021 ᠣᠨ ᠤ ᠤᠯᠤᠰ ᠠᠷᠠᠳ ᠤᠨ ᠠᠵᠤ ᠠᠬᠤᠢ ᠶᠢᠨ ᠡᠷᠬᠢᠯᠳᠡ ᠶᠢᠨ ᠪᠠᠶᠢᠳᠠᠯ ᠤᠨ  ᠰᠣᠨᠢᠨ ᠮᠡᠳᠡᠭᠡ ᠨᠡᠶᠢᠳᠡᠯᠡᠬᠦ ᠬᠤᠷᠠᠯ ᠬᠤᠷᠠᠯᠳᠤᠭᠤᠯᠪᠠ          4 ᠰᠠᠷ᠎ᠠ ᠶᠢᠨ 21 ᠤ ᠡᠳᠦᠷ᠂  ᠡᠷᠢᠶᠡᠨ  ᠬᠤᠲᠠ ᠶᠢᠨ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ᠂ ᠡᠷᠢᠶᠡᠨ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠬᠠᠮᠲᠤᠷᠠᠨ 2021 ᠣᠨ ᠤ ᠤᠯᠤᠰ ᠠᠷᠠᠳ ᠤᠨ ᠠᠵᠤ ᠠᠬᠤᠢ ᠶᠢᠨ ᠡᠷᠬᠢᠯᠳᠡ ᠶᠢᠨ ᠪᠠᠶᠢᠳᠠᠯ ᠤᠨ  ᠰᠤᠨᠢᠨ ᠮᠡᠳᠡᠭᠡ ᠨᠡᠶᠢᠳᠡᠯᠡᠬᠦ ᠬᠤᠷᠠᠯ ᠬᠤᠷᠠᠯᠳᠤᠭᠤᠯᠪᠠ           ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ᠡᠷᠢᠶᠡᠨ ᠬᠤᠲᠠ ᠶᠢᠨ ᠲᠤᠭ᠎ᠠ ᠪᠦᠷᠢᠳᠬᠡᠯ ᠤᠨ  ᠲᠤᠪᠴᠢᠶᠠᠨ ᠤ ᠰᠣᠨᠢᠨ ᠮᠡᠳᠡᠭᠡᠨ ᠤ ᠥᠭᠦᠯᠡᠭᠴᠢ ᠠᠴᠠ ᠲᠠᠷᠢᠶᠠᠯᠠᠩ ᠮᠠᠯ ᠠᠵᠤ ᠠᠬᠤᠢ᠂ ᠠᠵᠤ ᠦᠢᠯᠡᠳᠪᠦᠷᠢ  ᠂  ᠪᠠᠷᠢᠯᠭ᠎ᠠ ᠶᠢᠨ ᠦᠢᠯᠡᠰ᠂ ᠦᠢᠯᠡᠴᠢᠯᠡᠭᠡᠨ ᠤ ᠦᠢᠯᠡᠰ᠂ ᠤᠯᠤᠰ ᠤᠨ ᠳᠣᠲᠣᠭᠠᠳᠤ ᠶᠢᠨ ᠠᠷᠠᠯᠵᠢᠶ᠎ᠠ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ᠂ ᠭᠠᠳᠠᠭᠠᠳᠤ ᠠᠵᠤ ᠠᠬᠤᠢ᠂ ᠡᠳ᠋ ᠤᠨ ᠵᠠᠰᠠᠭ ᠮᠥᠩᠭᠦᠨ ᠭᠦᠢᠯᠭᠡᠭᠡ  ᠵᠢᠴᠢ ᠳᠠᠭᠠᠳᠬᠠᠯ᠂ ᠰᠠᠭᠤᠭᠠᠯᠢ ᠠᠷᠠᠳ ᠤᠨ ᠣᠷᠣᠯᠭ᠎ᠠ ᠵᠠᠷᠤᠯᠭ᠎ᠠ ᠪᠠ ᠨᠡᠶᠢᠭᠡᠮ ᠤᠨ ᠪᠠᠲᠤᠯᠠᠭ᠎ᠠ᠂ ᠰᠢᠨᠵᠢᠯᠡᠬᠦ ᠤᠬᠠᠭᠠᠨ ᠮᠡᠷᠭᠡᠵᠢᠯ᠂ ᠰᠤᠷᠭᠠᠨ ᠬᠥᠮᠦᠵᠢᠯ  ᠵᠢᠴᠢ ᠡᠷᠡᠭᠦᠯ ᠬᠠᠮᠠᠭᠠᠯᠠᠯ᠂ ᠰᠣᠶᠣᠯ ᠪᠠ ᠵᠢᠭᠤᠯᠴᠢᠯᠠᠯ᠂ ᠡᠬᠢ ᠪᠠᠶᠠᠯᠢᠭ  ᠂ ᠣᠷᠴᠢᠨ ᠠᠬᠤᠢ  ᠵᠢᠴᠢ ᠪᠠᠴᠢᠮ ᠪᠠᠶᠢᠳᠠᠯ ᠢ  ᠠᠷᠭᠠᠴᠠᠭᠠᠬᠤ ᠬᠠᠮᠢᠶᠠᠷᠤᠯᠲᠠ  ᠶᠢᠨ ᠲᠣᠭᠤᠷᠢᠨ ᠳᠤ ᠡᠷᠢᠶᠡᠨ ᠬᠤᠲᠠ ᠶᠢᠨ 2021 ᠣᠨ ᠤ ᠤᠯᠤᠰ ᠠᠷᠠᠳ ᠤᠨ ᠠᠵᠤ ᠠᠬᠤᠢ ᠶᠢᠨ  ᠡᠷᠬᠢᠯᠳᠡ ᠶᠢᠨ  ᠪᠠᠶᠢᠳᠠᠯ ᠢ ᠨᠡᠶᠢᠲᠡᠯᠡᠪᠡ᠃                ᠣᠶᠢᠯᠠᠭᠠᠭᠰᠠᠨ ᠢᠶᠠᠷ᠂ 2021 ᠣᠨ ᠳᠤ ᠡᠷᠢᠶᠡᠨ ᠬᠤᠲᠠ ᠶᠢᠨ ᠭᠠᠵᠠᠷ ᠣᠷᠣᠨ ᠤ ᠦᠢᠯᠡᠳᠪᠦᠷᠢᠯᠡᠯ ᠤᠨ  ᠶᠡᠷᠦᠩᠬᠡᠢ ᠥᠷᠲᠡᠭ 74.56 ᠳ᠋ᠦᠩᠰᠢᠭᠤᠷ ᠲᠥᠭᠦᠷᠢᠭ ᠲᠤ ᠬᠦᠷᠴᠦ᠂   ᠦᠩᠭᠡᠷᠡᠭᠰᠡᠨ ᠵᠢᠯ ᠠᠴᠠ 1.7 % ᠪᠠᠷ ᠨᠡᠮᠡᠭᠳᠡᠵᠦ᠂ ᠬᠤᠶᠠᠷ ᠵᠢᠯ ᠳᠤ ᠳᠤᠮᠳᠠᠴᠢ ᠪᠠᠷ 0.7 %   ᠪᠠᠷ ᠨᠡᠮᠡᠭᠳᠡᠵᠡᠢ᠃ ᠡᠭᠦᠨ ᠳᠤ ᠄ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 0.96  ᠳ᠋ᠦᠩᠰᠢᠭᠤᠷ ᠲᠥᠭᠦᠷᠢᠭ ᠲᠤ ᠬᠦᠷᠴᠦ᠂  ᠠᠳᠠᠯᠢ ᠬᠤᠭᠤᠴᠠᠭᠠᠨ ᠤ ᠬᠢ ᠠᠴᠠ 4.2 % ᠨᠡᠮᠡᠭᠳᠡᠨ᠂ ᠬᠤᠶᠠᠷ ᠵᠢᠯ ᠳᠤ ᠳᠤᠮᠳᠠᠴᠢ ᠪᠠᠷ 2.3 % ᠨᠡᠮᠡᠭᠳᠡᠪᠡ᠃ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 17.2 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.2 % ᠢᠶᠠᠷ ᠪᠠᠭᠤᠷᠠᠵᠤ᠂ ᠬᠤᠶᠠᠷ ᠵᠢᠯ ᠳᠤ ᠳᠤᠮᠳᠠᠴᠢ ᠪᠠᠷ 1.7 % ᠪᠠᠷ ᠨᠡᠮᠡᠭᠳᠡᠪᠡ  ᠃︔ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 56.4 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.9 % ᠪᠠᠷ ᠨᠡᠮᠡᠭᠳᠡᠨ᠂ ᠬᠤᠶᠠᠷ ᠵᠢᠯ ᠳᠤ ᠳᠤᠮᠳᠠᠴᠢ ᠪᠠᠷ 0.5 % ᠪᠠᠷ ᠨᠡᠮᠡᠭᠳᠡᠪᠡ᠃ ᠬᠥᠮᠥᠨ ᠪᠦᠷᠢ ᠳᠤ ᠨᠣᠭᠳᠠᠬᠤ ᠦᠢᠯᠡᠳᠪᠦᠷᠢᠯᠡᠯ ᠤᠨ  ᠶᠡᠷᠦᠩᠬᠡᠢ ᠦᠷᠲᠡᠭ 100564 ᠲᠥᠭᠦᠷᠢᠭ ᠲᠤ ᠬᠦᠷᠴᠦ᠂  ᠦᠩᠭᠡᠷᠡᠭᠰᠡᠨ ᠵᠢᠯ ᠤᠨ ᠬᠢ ᠠᠴᠠ 3.8 %   ᠪᠠᠷ  ᠨᠡᠮᠡᠭᠳᠡᠭᠰᠡᠨ ᠪᠠᠶᠢᠨ᠎ᠠ᠃          ᠰᠣᠨᠢᠨ ᠮᠡᠳᠡᠭᠡ ᠨᠡᠶᠢᠲᠡᠯᠡᠬᠦ ᠬᠤᠷᠠᠯ ᠤᠨ  ᠠᠬᠤᠢ ᠲᠠᠯᠠᠪᠠᠢ ᠳᠤ᠂ ᠥᠭᠦᠯᠡᠭᠴᠢ   ᠠᠴᠠ ᠵᠠᠭᠤᠴᠢᠯᠠᠭᠤᠷ ᠤᠨ ᠰᠤᠷᠪᠤᠯᠵᠢᠯᠠᠭᠴᠢ ᠶᠢᠨ ᠳᠤᠷᠠᠳᠤᠭᠰᠠᠨ ᠲᠠᠷᠠᠭᠠᠴᠢ ᠶᠢᠨ  ᠠᠯᠬᠤᠮ ᠤᠨ ᠪᠡᠯᠡ ᠣᠷᠣᠭᠤᠯᠤᠯᠲᠠ ᠶᠢ ᠬᠡᠷᠬᠢᠨ ᠥᠷᠭᠡᠳᠬᠡᠬᠦ ᠵᠢᠴᠢ ᠢᠷᠡᠭᠡᠳᠦᠢ  ᠶᠢᠨ ᠬᠡᠷᠡᠭᠯᠡᠭᠡ ᠶᠢ ᠬᠡᠷᠬᠢᠨ  ᠥᠷᠭᠡᠳᠬᠡᠬᠦ ᠵᠡᠷᠭᠡ ᠠᠰᠠᠭᠤᠳᠠᠯ ᠤᠨ ᠲᠠᠯ᠎ᠠ ᠳᠤ  ᠬᠠᠷᠢᠭᠤᠯᠲᠠ ᠦᠭᠴᠠᠢ᠃
 
ᠢᠷᠡᠯᠲᠡ᠄ ᠬᠠᠮ ᠵᠢᠭᠤᠴᠢᠯᠠᠭᠤᠷ ᠤᠨ ᠶᠠᠷᠦᠩᠬᠡᠶᠢᠯᠡᠭᠰᠡᠨ ᠷᠠᠳᠢᠤ᠋
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号