︽ᠬᠠᠶᠢᠷ᠎ᠠ ᠬᠠᠯᠠᠮᠵᠢ ᠶᠢᠨ ᠦᠢᠯᠡᠴᠢᠯᠡᠭᠡᠨ ᠤ  ᠴᠡᠭ︾ ᠬᠦᠮᠦᠰ ᠲᠤ ᠬᠠᠯᠠᠭᠤᠨ ᠲᠤᠯᠠᠭᠠᠨ ᠢ ᠡᠳᠡᠯᠡᠬᠦᠯᠦᠨ᠎ᠡ
ᠨᠡᠶᠢᠲᠡᠯᠡᠭᠰᠡᠨ ᠴᠠᠭ᠄
2022/4/24
ᠡᠷᠢᠶᠡᠨ  ᠬᠤᠳᠠ   ᠶᠢᠨ  ᠶᠡᠷᠦᠩᠬᠡᠶᠢᠯᠬᠠᠰᠡᠨ ᠷᠠᠳᠢᠣ᠋ ᠶᠢᠨ  ᠰᠤᠷᠪᠤᠯᠵᠢᠯᠠᠭᠴᠢ  ᠪᠦᠷᠢᠩᠭᠤᠸ᠎ᠠ   ᠶᠢᠨ  ᠮᠡᠳᠡᠭᠡᠯᠡᠭᠰᠡᠨ  ᠢᠶᠠᠷ᠄ ︽ᠬᠠᠶᠢᠷ᠎ᠠ ᠬᠠᠯᠠᠮᠵᠢ ᠶᠢᠨ ᠦᠢᠯᠡᠴᠢᠯᠡᠭᠡᠨ ᠤ  ᠴᠡᠭ︾ ᠬᠦᠮᠦᠰ ᠲᠤ ᠬᠠᠯᠠᠭᠤᠨ ᠲᠤᠯᠠᠭᠠᠨ ᠢ ᠡᠳᠡᠯᠡᠬᠦᠯᠦᠨ᠎ᠡ           ᠬᠢᠵᠢᠭ ᠤᠨ ᠪᠠᠶᠢᠳᠠᠯ ᠡᠭᠦᠰᠦᠭᠰᠡᠨ ᠠᠴᠠ  ᠨᠠᠭᠠᠰᠢ  ᠂ ᠥᠪᠥᠷ ᠮᠣᠩᠭᠤᠯ ᠤᠨ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ  ᠪᠠᠶᠢᠴᠠᠭᠠᠬᠤ ᠶᠡᠷᠦᠩᠬᠡᠢ ᠥᠷᠲᠡᠭᠡᠨ ᠤ  ᠭᠡᠷᠡᠯᠳᠤᠡᠤᠳᠦ  ᠬᠢᠯᠢ ᠶᠢᠨ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ   ᠬᠤᠳᠠ‌‍ᠳᠤ ᠣᠷᠣᠵᠤ ᠭᠠᠷᠬᠤ  ᠲᠡᠷᠭᠡ ᠤᠨᠤᠭ᠎ᠠ ᠬᠦᠮᠤᠰ  ᠢ ᠰᠠᠬᠢᠨ ᠬᠠᠮᠠᠭᠠᠯᠠᠬᠤ  ᠡᠭᠦᠷᠭᠡ ᠶᠢ ᠡᠭᠦᠷᠭᠡᠯᠡᠭᠰᠡᠭᠡᠷ ᠢᠷᠡᠵᠡᠶ᠃  ᠬᠤᠳᠠ ᠳᠤ ᠣᠷᠣᠵᠤ ᠭᠠᠷᠬᠤ ᠬᠤᠲᠠ ᠶᠢᠨ ᠠᠷᠠᠳ ᠵᠢᠴᠢ ᠠᠴᠢᠶᠠᠨ ᠤ ᠮᠠᠰᠢᠨ ᠤ ᠵᠢᠯᠣᠭᠤᠴᠢ ᠳᠤ ᠠᠪᠴᠤ ᠬᠡᠯᠡᠪᠡᠯ᠂ ᠬᠤᠲᠠ ᠶᠢᠨ  ᠰᠠᠶᠢᠬᠤᠰᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠴᠠᠭᠠᠯᠲᠠ ᠶᠢᠨ  ᠴᠡᠭ ᠨᠢ ᠠᠷᠠᠳ ᠤᠨ ᠴᠠᠭᠳᠠᠭ᠎ᠠ ᠨᠠᠷ ᠤᠨ ᠵᠢᠵᠢᠭᠦᠷᠯᠡᠬᠦ ᠭᠠᠵᠠᠷ ᠪᠣᠯᠬᠤ ᠪᠠᠷ ᠪᠠᠷᠠᠬᠤ ᠦᠭᠡᠢ  ᠮᠦᠨᠴᠤ  ︽ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠭᠠᠵᠠᠷ︾ ᠪᠣᠯᠤᠭᠰᠠᠨ ᠪᠠᠶᠢᠨ᠎ᠠ᠃         ᠣᠶᠢᠷ᠎ᠠ ᠶᠢᠨ ᠡᠳᠦᠷ᠂ ᠨᠠᠰᠢ ᠴᠠᠰᠢ ᠶᠠᠪᠤᠬᠤ ᠬᠤᠲᠠ ᠶᠢᠨ ᠠᠷᠠᠳ ᠵᠢᠴᠢ ᠲᠣᠮᠣ ᠠᠴᠢᠶᠠᠨ ᠤ ᠮᠠᠰᠢᠨ ᠤ ᠵᠢᠯᠣᠭᠤᠴᠢ ᠶᠢᠨ  ᠶᠠᠳᠠᠷᠠᠭ᠎ᠠ ᠴᠢᠯᠡᠭᠡ ᠶᠢ  ᠲᠠᠶᠢᠯᠬᠤ ᠶᠢᠨ ᠲᠥᠯᠥᠭᠡ᠂ ᠥᠪᠥᠷ ᠮᠣᠩᠭᠤᠯ ᠤᠨ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ  ᠪᠠᠶᠢᠴᠠᠭᠠᠬᠤ ᠶᠡᠷᠦᠩᠬᠡᠢ ᠥᠷᠲᠡᠭᠡᠨ ᠤ  ᠭᠡᠷᠡᠯᠳᠤᠡᠤᠳᠦ  ᠬᠢᠯᠢ ᠶᠢᠨ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ᠨᠠᠷ ᠵᠢᠵᠢᠭᠦᠷᠯᠡᠬᠦ ᠶᠢᠨ  ᠲᠠᠭᠠᠤ  ᠂   ᠬᠤᠳᠠ ᠳᠤ ᠤᠷᠤᠵᠦ ᠭᠠᠷᠬᠤ ᠠᠶᠠᠨᠴᠢᠳ ᠲᠤ ᠬᠢᠵᠢᠭ ᠢ ᠰᠡᠷᠭᠡᠶᠢᠯᠡᠬᠦ ᠤᠬᠠᠭᠤᠯᠭ᠎ᠠ ᠶᠢ  ᠰᠠᠶᠢᠲᠤᠷ ᠬᠢᠵᠦ᠂ ᠰᠠᠶᠢᠬᠤᠰᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠴᠠᠭᠠᠯᠲᠠ ᠶᠢᠨ  ᠴᠡᠭ  ᠲᠤ  ︽ᠬᠠᠶᠢᠷ᠎ᠠ ᠬᠠᠯᠠᠮᠵᠢ ᠶᠢᠨ ᠦᠢᠯᠡᠴᠢᠯᠡᠭᠡᠨ ᠤ ᠴᠡᠭ︾  ᠭᠠᠷᠭᠠᠵᠤ᠂ ᠮᠠᠨ ᠤ  ᠬᠤᠳᠠᠨ ᠳᠤ ᠣᠷᠣᠵᠤ ᠭᠠᠷᠬᠤ  ᠠᠶᠠᠨᠴᠢᠳ ᠵᠢᠴᠢ ᠲᠣᠮᠣ ᠠᠴᠢᠶᠠᠨ ᠤ ᠮᠠᠰᠢᠨ ᠤ ᠵᠢᠯᠣᠭᠤᠴᠢ ᠳᠤ ᠲᠦᠷ ᠴᠠᠭ ᠤᠨ  ᠠᠮᠠᠷᠠᠬᠤ ᠴᠡᠭ᠂ ᠬᠠᠯᠠᠭᠤᠨ  ᠤᠰᠤ  ᠂  ᠪᠠᠴᠢᠮ ᠪᠠᠶᠢᠳᠠᠯ ᠢ  ᠠᠷᠭᠠᠴᠠᠭᠠᠬᠤ ᠡᠮ ᠂ ᠭᠠᠷ ᠤᠲᠠᠰᠤᠨ ᠤ ᠴᠠᠬᠢᠯᠭᠠᠨ ᠴᠡᠨᠡᠭᠯᠡᠬᠦ ᠵᠡᠷᠭᠡ ᠠᠷᠠᠳ ᠲᠤ ᠲᠦᠬᠦᠮ ᠦᠵᠡᠭᠦᠯᠬᠦ ᠦᠢᠯᠡᠴᠢᠯᠡᠭᠡ  ᠬᠠᠩᠭᠠᠵᠦ᠂  ᠠᠶᠠᠨᠴᠢᠳ ᠲᠤ  ᠬᠢᠵᠢᠭ ᠢ ᠰᠡᠷᠭᠡᠶᠢᠯᠡᠬᠦ ᠮᠡᠳᠡᠯᠭᠡ ᠶᠢ ᠤᠬᠠᠭᠤᠯᠵᠤ᠂  ᠮᠠᠨ ᠤ   ᠬᠤᠳᠠ‌‍ᠳᠤ ᠣᠷᠣᠵᠤ ᠭᠠᠷᠬᠤ ᠰᠢᠨ᠎ᠡ ᠲᠦᠷᠦ ᠶᠢᠨ ᠪᠣᠳᠣᠯᠭ᠎ᠠ ᠶᠢ  ᠲᠠᠶᠢᠯᠪᠦᠷᠢᠯᠠᠵᠠᠢ᠃  ᠮᠠᠨ ᠤ  ᠬᠤᠳᠠ ᠳᠤ ᠤᠷᠤᠵᠦ ᠭᠠᠷᠬᠤ ᠳᠤ  ᠵᠠᠪᠠᠯ  ᠦᠩᠭᠡᠷᠡᠬᠦ  ᠪᠠᠶᠢᠴᠠᠭᠠᠯᠲᠠ ᠶᠢᠨ ᠴᠡᠭ ᠨᠢ ᠬᠥᠮᠥᠰ ᠤᠨ ᠰᠡᠳᠬᠢᠯ ᠢ ᠳᠤᠯᠠᠭᠠᠴᠠᠭᠤᠯᠵᠤ᠂ ᠤᠯᠠᠨ ᠳᠤ ᠪᠣᠭᠤᠮᠲᠠ ᠶᠢᠨ ᠤᠯᠠᠭ᠎ᠠ ᠥᠷᠲᠡᠭᠡᠨ ᠤ ᠬᠠᠶᠢᠷ᠎ᠠ ᠰᠡᠳᠬᠢᠯᠭᠡ ᠪᠣᠯᠣᠨ ᠠᠮᠤᠷ ᠲᠦᠪᠰᠢᠨ ᠤ ᠲᠥᠷᠥᠭᠳᠡᠯ ᠢ ᠳᠠᠬᠢᠨᠲᠠ  ᠮᠡᠳᠡᠷᠡᠭᠦᠯᠵᠠᠢ᠃          
 
ᠢᠷᠡᠯᠲᠡ᠄ ᠬᠠᠮ ᠵᠢᠭᠤᠴᠢᠯᠠᠭᠤᠷ ᠤᠨ ᠶᠠᠷᠦᠩᠬᠡᠶᠢᠯᠡᠭᠰᠡᠨ ᠷᠠᠳᠢᠤ᠋
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号