ᠡᠷᠢᠶᠡᠨ ᠬᠤᠲᠠ ᠶᠢᠨ ᠨᠠᠮ ᠤᠨ ᠬᠤᠷᠢᠶᠠᠨ ᠤ ᠠᠯᠪᠠᠨ ᠭᠡᠷ  ᠪᠤᠯᠪᠠᠰᠤᠨ ᠬᠤᠲᠠ ᠶᠢ ᠪᠠᠶᠢᠭᠤᠯᠬᠤ  ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠦᠷᠨᠢᠭᠦᠯᠦᠭᠰᠡᠨ
ᠨᠡᠶᠢᠲᠡᠯᠡᠭᠰᠡᠨ ᠴᠠᠭ᠄
2022/4/24
ᠡᠷᠢᠶᠡᠨ  ᠬᠤᠳᠠ   ᠶᠢᠨ  ᠶᠡᠷᠦᠩᠬᠡᠶᠢᠯᠬᠠᠰᠡᠨ ᠷᠠᠳᠢᠣ᠋ ᠶᠢᠨ  ᠰᠤᠷᠪᠤᠯᠵᠢᠯᠠᠭᠴᠢ  ᠪᠦᠷᠢᠩᠭᠤᠸ᠎ᠠ   ᠶᠢᠨ  ᠮᠡᠳᠡᠭᠡᠯᠡᠭᠰᠡᠨ  ᠢᠶᠠᠷ᠄ᠡᠷᠢᠶᠡᠨ ᠬᠤᠲᠠ ᠶᠢᠨ ᠨᠠᠮ ᠤᠨ ᠬᠤᠷᠢᠶᠠᠨ ᠤ ᠠᠯᠪᠠᠨ ᠭᠡᠷ  ᠪᠤᠯᠪᠠᠰᠤᠨ ᠬᠤᠲᠠ ᠶᠢ ᠪᠠᠶᠢᠭᠤᠯᠬᠤ  ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠦᠷᠨᠢᠭᠦᠯᠦᠭᠰᠡᠨ             27 ᠳᠠᠬᠢ ᠳᠡᠯᠡᠬᠡᠢ ᠶᠢᠨ ᠨᠣᠮ ᠤᠩᠰᠢᠬᠤ ᠡᠳᠦᠷ  ᠢ ᠲᠤᠬᠢᠶᠠᠯᠳᠤᠭᠤᠯᠤᠨ᠂ ᠨᠡᠶᠢᠭᠡᠮ ᠵᠢᠷᠤᠮ ᠤᠨ  ᠭᠤᠤᠯᠯᠬᠠᠴᠢ ᠥᠷᠲᠡᠭ ᠤᠨ ᠦᠵᠡᠯᠲᠡ   ᠶᠢ ᠦᠢᠯᠡᠳᠦᠯᠭᠡᠵᠢᠭᠦᠯᠵᠦ᠂  ᠺᠠᠳ᠋ᠷ ᠠᠵᠢᠯᠲᠠᠳ ᠲᠤ ᠨᠣᠮ ᠤᠩᠰᠢᠬᠤ   ᠪᠠᠶᠠᠷ ᠪᠠᠭ᠋ᠠᠳᠤᠯ   ᠢ ᠡᠳ᠋ᠯᠡᠭᠦᠯᠬᠦ   ᠶᠢᠨ ᠲᠥᠯᠥᠭᠡ᠂ ᠡᠷᠢᠶᠡᠨ  ᠬᠤᠲᠠ   ᠶᠢᠨ ᠨᠠᠮ ᠤᠨ ᠬᠤᠷᠢᠶᠠᠨ ᠤ ᠠᠯᠪᠠᠨ ᠭᠡᠷ ᠤᠨ ᠨᠠᠮ ᠤᠨ ᠶᠡᠷᠦᠩᠬᠡᠢ ᠡᠭᠦᠷ ᠤᠨ ᠬᠢᠨ ᠡᠷᠢᠶᠡᠨ  ᠬᠤᠳᠠ ᠶᠢᠨ ᠵᠡᠭᠦᠨ ᠬᠤᠳᠠ ᠨᠡᠶᠢᠭᠡᠮ ᠲᠣᠭᠤᠷᠢᠭ᠂   ᠡᠷᠢᠶᠡᠨ ᠬᠤᠲᠠ   ᠶᠢᠨ ᠡᠪᠯᠡᠯ ᠤᠨ ᠬᠤᠷᠢᠶ᠎ᠠ᠂  ᠡᠷᠢᠶᠡᠨ ᠬᠤᠳᠠ ᠶᠢᠨ ᠤᠳᠬ᠎ᠠ ᠤᠷᠠᠯᠢᠭ ᠤᠨ   ᠬᠢᠨ ᠤ ᠬᠤᠯᠪᠣᠭ᠎ᠠ  ᠲᠠᠢ ᠬᠠᠮᠲᠤᠷᠠᠵᠤ  ᠂ ᠪᠣᠯᠪᠠᠰᠤᠨ ᠬᠤᠲᠠ   ᠢ ᠪᠠᠶᠢᠭᠤᠯᠬᠤ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ  ᠡᠷᠬᠢᠯᠡᠭᠰᠡᠨ ᠪᠠᠶᠢᠨ᠎ᠠ᠃         ᠲᠤᠰ ᠠᠵᠢᠯᠯᠠᠭ᠎ᠠ ᠨᠢ  ︽ᠨᠣᠮ︾  ᠢᠶᠠᠷ ᠬᠤᠯᠪᠣᠭᠠᠰᠤ  ᠪᠣᠯᠭᠠᠵᠤ᠂  ᠪᠠᠶᠢᠭᠤᠯᠤᠯᠭ᠎ᠠ ᠶᠢᠨ ᠺᠠᠳ᠋ᠷ ᠠᠵᠢᠯᠲᠠᠨ᠂ ᠦᠨᠳᠦᠰᠦᠨ ᠱᠠᠲᠤᠨ ᠤ ᠡᠪᠯᠡᠯ ᠤᠨ ᠭᠡᠰᠢᠭᠦᠨ ᠤ ᠲᠥᠯᠥᠭᠡᠯᠡᠭᠴᠢ ᠪᠣᠯᠣᠨ ᠬᠤᠳᠠ ᠶᠢᠨ ᠠᠷᠠᠳ  ᠢ ᠤᠷᠢᠵᠤ ᠥᠪᠡᠷ ᠤᠨ ᠳᠤᠷᠠᠲᠠᠢ ᠨᠣᠮ  ᠢ ᠨᠢ ᠳᠡᠯᠭᠡᠨ ᠦᠵᠡᠭᠦᠯᠵᠦ᠂ ᠰᠠᠶᠢᠨ ᠰᠠᠶᠢᠬᠠᠨ ᠨᠣᠮ ᠤᠩᠰᠢᠬᠤ ᠲᠠᠳᠬᠠᠯ ᠪᠣᠯᠣᠨ ᠨᠣᠮ ᠤᠩᠰᠢᠭᠰᠠᠨ  ᠲᠦᠷᠦᠭᠳᠡᠯ ᠢ ᠨᠢ ᠬᠤᠪᠢᠶᠠᠯᠴᠬᠠᠰᠡᠨ ᠪᠠᠶᠢᠨ᠎ᠠ᠃            ᠠᠵᠢᠯᠯᠠᠭᠠᠨ ᠤ ᠳᠤᠮᠳᠠ᠂ ᠵᠠᠷᠢᠮ  ᠤᠷᠤᠯᠴᠬᠠᠴᠢ ᠠᠴᠠ ᠨᠠᠨ ᠬᠤᠸᠠᠢ ᠶᠢᠨ (南怀瑾)  ᠠᠪᠤᠭᠠᠢ ᠶᠢᠨ  ︽ᠰᠢᠭᠦᠮᠵᠢᠯᠡᠯ ᠥᠭᠦᠯᠡᠯ ᠤᠨ ᠣᠨᠳᠣᠣ ᠬᠡᠰᠡᠭᠯᠡᠯ︾  ᠢ ᠬᠤᠪᠢᠶᠠᠯᠴᠠᠵᠤ᠂ ᠤᠯᠠᠨ ᠢ ᠳᠠᠭᠠᠭᠤᠯᠤᠨ ᠤᠳᠬ᠎ᠠ ᠵᠣᠬᠢᠶᠠᠯ ᠤᠨ ᠶᠡᠭᠡ ᠪᠠᠭᠰᠢ ᠶᠢᠨ ᠡᠷᠳᠡᠮ ᠰᠢᠨᠵᠢᠯᠡᠭᠡᠨ ᠤ ᠲᠤᠬᠠᠢ ᠪᠠᠷᠢᠮᠲᠠᠯᠠᠯ ᠪᠠ  ᠤᠳᠬ᠎ᠠ ᠵᠤᠬᠢᠶᠠᠯ ᠰᠤᠳᠤᠯᠬᠤ ᠵᠣᠷᠢᠭ ᠰᠠᠨᠠᠭ᠎ᠠ ᠶᠢ  ᠲᠠᠨᠢᠭᠤᠯᠵᠠᠢ᠃ ᠵᠠᠷᠢᠮ ᠤᠷᠤᠯᠴᠬᠠᠴᠢ  ︽ᠬᠤᠪᠢᠰᠬᠠᠯ ᠤᠨ  ᠲᠠᠤᠬᠡ ︱ ᠨᠠᠮ ᠤᠨ ᠲᠤᠭ ᠳᠡᠭᠡᠷ᠎ᠡ ᠰᠡᠶᠢᠯᠦᠭᠰᠡᠨ ᠨᠢᠭᠤᠴᠠ ᠶᠢ ᠬᠠᠮᠠᠭᠠᠯᠠᠭᠰᠠᠨ ᠦᠯᠢᠭᠡᠷ︾  ᠢ  ᠬᠤᠪᠢᠶᠠᠯᠴᠠᠵᠤ᠂ ᠤᠯᠠᠨ ᠢ ᠳᠠᠭᠠᠭᠤᠯᠤᠨ ᠠᠬᠠᠮᠠᠳ ᠨᠢᠭᠡ ᠦᠶ᠎ᠡ ᠶᠢᠨ ᠦᠭᠡᠶᠢᠭᠦᠦ ᠠᠩᠭᠢ ᠶᠢᠨ ᠬᠤᠪᠢᠰᠬᠠᠯᠴᠢᠳ ᠤᠨ ᠬᠠᠯᠠᠭᠤᠨ ᠴᠢᠰᠤ ᠪᠠᠨ ᠤᠷᠤᠰᠬᠠᠭᠰᠠᠨ ᠦᠯᠢᠭᠡᠷ ᠢ ᠡᠷᠭᠢᠴᠡᠭᠦᠯᠵᠦ᠂ ᠨᠠᠮ ᠢᠶᠠᠨ ᠬᠠᠶᠢᠷᠠᠯᠠᠵᠤ ᠤᠯᠤᠰ ᠢᠶᠠᠨ ᠬᠠᠶᠢᠷᠠᠯᠠᠬᠤ ᠰᠡᠳᠬᠢᠯᠭᠡ  ᠶᠢ ᠨᠡᠮᠡᠭᠳᠡᠭᠦᠯᠵᠦ᠂ ᠨᠢᠭᠤᠴᠠ ᠶᠢ ᠬᠠᠮᠠᠭᠠᠯᠠᠬᠤ ᠤᠬᠠᠮᠰᠠᠷ  ᠢ ᠪᠠᠲᠤᠳᠬᠠᠵᠠᠢ  ᠃  ᠵᠠᠷᠢᠮ ᠤᠷᠤᠯᠴᠬᠠᠴᠢ  ᠢᠦᠢ ᠬᠤᠸᠠ   ︵余华︶ ᠶᠢᠨ ︽ᠰᠢᠪᠡᠷᠡᠭᠡ ᠪᠣᠷᠣᠭᠠᠨ ᠤ ᠳᠤᠮᠳᠠ ᠤᠷᠢᠶᠠᠯᠠᠨ ᠳᠠᠭᠤᠳᠠᠬᠤ︾  ᠵᠤᠬᠢᠶᠠᠯ  ᠤᠨ ᠲᠤᠬᠠᠢ ᠶᠠᠷᠢᠵᠦ  ᠂  ᠣᠯᠠᠨ ᠳᠤ  ᠰᠣᠨᠢᠨ ᠭᠠᠶᠢᠬᠠᠯᠲᠠᠢ ᠠᠮᠢᠳᠤᠷᠠᠯ ᠤᠨ ᠳᠦᠷᠢ ᠲᠥᠷᠬᠦ   ᠶᠢ ᠮᠡᠳᠡᠷᠡᠭᠦᠯᠵᠠᠢ  ᠃  ᠬᠤᠪᠢᠶᠠᠯᠴᠢᠠᠠᠴᠢᠳ ᠨᠣᠮ ᠪᠢᠴᠢᠭ  ᠣᠩᠰᠢᠠᠠᠰᠡᠨ ᠲᠦᠷᠦᠭᠳᠡᠯ ᠢᠶᠠᠨ ᠤᠯᠠᠨ ᠲᠠᠢ ᠬᠤᠪᠢᠶᠠᠯᠴᠠᠵᠦ᠂  ᠤᠯᠠᠨ ᠢ ᠨᠤᠮ ᠢᠶᠠᠷ ᠤᠶᠤᠨ ᠢᠶᠠᠨ ᠵᠡᠪᠰᠡᠭᠯᠡᠬᠦ ᠶᠢ  ᠰᠠᠨᠠᠭᠠᠴᠢᠯᠬᠠᠰᠡᠨ ᠪᠠᠶᠢᠨ᠎ᠠ᠃               ᠲᠤᠰ  ᠤᠳᠠᠭᠠᠨ ᠤ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ  ᠺᠠᠳ᠋ᠷ ᠠᠵᠢᠯᠲᠠᠨ  ᠵᠢᠴᠢ ᠤᠯᠠᠨ ᠲᠦᠮᠡᠨ ᠤ ᠤᠶᠤᠨ ᠰᠠᠨᠠᠭ᠎ᠠ ᠰᠣᠶᠣᠯ ᠤᠨ ᠠᠮᠢᠳᠤᠷᠠᠯ ᠢ  ᠪᠠᠶᠠᠯᠢᠭᠵᠢᠭᠤᠯᠵᠤ᠂  ᠤᠯᠠᠨ ᠤ ᠤᠩᠰᠢᠯᠭ᠎ᠠ ᠶᠢᠨ ᠤᠷᠮ᠎ᠠ ᠵᠣᠷᠢᠭ ᠢ ᠬᠥᠭᠵᠢᠭᠡᠵᠦ᠂ ᠨᠣᠮ ᠤᠨ ᠰᠤᠷᠪᠤᠯᠵᠢᠲᠤ ᠪᠠᠶᠢᠭᠤᠯᠤᠯᠭ᠎ᠠ ᠪᠣᠯᠣᠨ ᠨᠣᠮ ᠤᠨ ᠰᠤᠷᠪᠤᠯᠵᠢᠲᠤ ᠬᠤᠳᠠ ᠶᠢ  ᠪᠦᠳᠦᠭᠡᠨ ᠪᠠᠶᠢᠭᠤᠯᠬᠤ ᠳᠤ ᠬᠦᠴᠦᠨ ᠨᠡᠮᠡᠷᠢᠯᠡᠵᠦ᠂ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ  ᠠᠵᠢᠯ ᠢ ᠴᠢᠨᠠᠷ ᠰᠠᠶᠢᠲᠠᠢ ᠠᠬᠢᠭᠤᠯᠬᠤ ᠳᠤ ᠬᠦᠴᠦ ᠨᠡᠮᠡᠷᠢᠯᠡᠵᠠᠢ᠃
 
ᠢᠷᠡᠯᠲᠡ᠄ ᠬᠠᠮ ᠵᠢᠭᠤᠴᠢᠯᠠᠭᠤᠷ ᠤᠨ ᠶᠠᠷᠦᠩᠬᠡᠶᠢᠯᠡᠭᠰᠡᠨ ᠷᠠᠳᠢᠤ᠋
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号