| 4 ᠰᠠᠷ᠎ᠠ ᠶᠢᠨ 24 ᠤ ᠡᠳᠦᠷ᠂ ᠡᠷᠳᠡᠨᠢᠭᠤᠪᠢ ᠭᠠᠴᠠᠭᠠᠨ ᠤ ᠨᠠᠮ ᠤᠨ ᠭᠡᠰᠢᠬᠦᠨ ᠪᠠ ᠣᠯᠠᠨ ᠲᠦᠮᠡᠨ ᠳᠤ | ᠦᠢᠯᠡᠴᠢᠯᠡᠬᠦ ᠲᠥᠪ ᠲᠤ ᠣᠯᠠᠨ ᠬᠥᠮᠥᠰ ᠴᠣᠭᠯᠠᠷᠠᠨ᠂ ᠪᠠᠶᠠᠷ ᠬᠥᠷ ᠢᠶᠠᠷ ᠪᠢᠯᠬᠠᠵᠤ ᠪᠠᠶᠢᠯ᠎ᠠ᠃ ᠤᠤᠯ ᠨᠢ ᠠᠳᠡ | ᠶᠠᠭ ᠬᠤᠪᠢ ᠣᠷᠣᠭᠤᠯᠤᠭᠰᠠᠨ ᠠᠵᠤ ᠠᠬᠤᠢ ᠶᠢᠨ ᠬᠤᠷᠰᠢᠶᠠᠵᠢᠯ ᠤᠨ ᠬᠤᠪᠢ ᠣᠷᠣᠭᠤᠯᠣᠭᠴᠢ ᠶᠢᠨ ᠠᠰᠢᠭ | ᠬᠤᠪᠢᠶᠠᠷᠢᠯᠠᠬᠤ ᠶᠡᠭᠡ ᠬᠤᠷᠠᠯ ᠬᠢᠵᠦ᠂ 297 ᠮᠠᠯᠴᠢᠨ ᠬᠤᠪᠢ ᠣᠷᠣᠭᠤᠯᠤᠭᠴᠢᠳ ᠲᠤ 21 ᠲᠦᠮᠡᠨ | ᠲᠥᠭᠦᠷᠢᠭ ᠤᠨ ᠦᠷᠳᠡᠭ ᠲᠠᠢ ᠡᠪᠡᠰᠦ ᠪᠣᠷᠳᠤᠭ᠎ᠠ ᠲᠦᠭᠡᠭᠡᠵᠦ᠂ ᠲᠡᠳᠡᠨ ᠤ ᠪᠡᠯᠴᠢᠭᠡᠷᠯᠡᠭᠦᠯᠬᠦ ᠶᠢ ᠵᠣᠭᠰᠣᠭᠠᠭᠰᠠᠨ | ᠬᠤᠭᠤᠴᠠᠭᠠᠨ ᠳᠤ ᠬᠦᠴᠦᠨ ᠨᠡᠮᠡᠷᠢᠯᠡᠵᠦ ᠪᠠᠶᠢᠯ᠎ᠠ᠃ | | | | | | ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ | ᠳᠠᠷᠤᠭ᠎ᠠ ᠾᠧᠦ ᠶᠠᠨ ᠮᠢᠨ ᠠᠰᠢᠭ ᠬᠤᠪᠢᠶᠠᠷᠢᠯᠠᠬᠤ ᠶᠡᠭᠡ ᠬᠤᠷᠠᠯ ᠳᠤ ᠣᠷᠣᠯᠴᠠᠵᠤ᠂ ᠡᠷᠳᠡᠨᠢᠭᠤᠪᠢ ᠭᠠᠴᠠᠭ᠎ᠠ ᠶᠢᠨ | ᠨᠠᠮ ᠤᠨ ᠡᠭᠦᠷ ᠲᠤ ︽ᠬᠠᠮᠤᠭ ᠤᠨ ᠰᠠᠶᠢᠨ ᠨᠠᠮ ᠤᠨ ᠡᠭᠦᠷ︾ ᠭᠡᠬᠦ ᠢᠷᠠᠭᠤ ᠠᠯᠳᠠᠷ ᠤᠨ ᠫᠠᠶᠢᠰᠠ ᠣᠯᠭᠤᠭᠰᠠᠨ | ᠪᠥᠭᠡᠳ ᠮᠠᠯᠴᠢᠳ ᠲᠤ ᠠᠰᠢᠭ ᠬᠤᠪᠢᠶᠠᠷᠢᠯᠠᠵᠠᠢ᠃ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ | ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠤᠯᠠᠭᠠᠨ ᠠᠰᠢᠭ ᠬᠤᠪᠢᠶᠠᠷᠢᠯᠠᠬᠤ ᠶᠡᠭᠡ ᠬᠤᠷᠠᠯ ᠳᠤ ᠣᠷᠣᠯᠴᠠᠭᠰᠠᠨ | ᠪᠥᠭᠡᠳ ᠡᠷᠳᠡᠨᠢᠭᠤᠪᠢ ᠭᠠᠴᠠᠭ᠎ᠠ ᠶᠢᠨ ᠬᠤᠪᠢ ᠣᠷᠣᠭᠤᠯᠤᠭᠰᠠᠨ ᠠᠵᠤ ᠠᠬᠤᠢ ᠶᠢᠨ ᠬᠤᠷᠰᠢᠶᠠᠵᠢᠯ ᠤᠨ ᠫᠠᠶᠢᠰᠠ ᠶᠢ | ᠰᠡᠬᠦᠵᠦ᠂ ᠮᠠᠯᠴᠢᠳ ᠲᠠᠢ ᠬᠠᠮᠲᠤ ᠪᠠᠷ ᠡᠷᠳᠡᠨᠢᠭᠤᠪᠢ ᠭᠠᠴᠠᠭ᠎ᠠ ᠶᠢᠨ ᠨᠠᠮ ᠤᠨ ᠪᠠᠶᠢᠭᠤᠯᠤᠯᠲᠠ ᠪᠠᠷ ᠮᠠᠯᠵᠢᠬᠤ | ᠣᠷᠣᠨ ᠤ ᠠᠵᠤ ᠦᠢᠯᠡᠰ ᠤᠨ ᠬᠥᠭᠵᠢᠯᠲᠡ ᠶᠢ ᠬᠥᠲᠥᠯᠥᠨ ᠳᠠᠭᠠᠭᠤᠯᠤᠭᠰᠠᠨ ᠱᠠᠲᠤ ᠦᠶᠡᠴᠢ ᠴᠢᠨᠠᠷᠲᠠᠢ ᠦᠷ᠎ᠡ | ᠪᠦᠲᠦᠭᠡᠯ ᠢ ᠭᠡᠷᠡᠴᠢᠯᠡᠪᠡ᠃ | | | | | ᠣᠶᠢᠯᠠᠭᠠᠭᠰᠠᠨ ᠢᠶᠠᠷ᠂ ᠡᠷᠳᠡᠨᠢᠭᠤᠪᠢ ᠭᠠᠴᠠᠭ᠎ᠠ ᠶᠢᠨ ᠬᠤᠪᠢ ᠣᠷᠣᠭᠤᠯᠤᠭᠰᠠᠨ ᠠᠵᠤ ᠠᠬᠤᠢ ᠶᠢᠨ | ᠬᠤᠷᠰᠢᠶᠠᠵᠢᠯ ᠨᠢ 2021 ᠣᠨ ᠤ 11 ᠰᠠᠷ᠎ᠠ ᠶᠢᠨ 8 ᠤ ᠡᠳᠦᠷ ᠪᠠᠶᠢᠭᠤᠯᠤᠭᠳᠠᠵᠠᠢ᠃ ᠪᠠᠶᠢᠭᠤᠯᠤᠭᠳᠠᠭᠰᠠᠨ ᠠᠴᠠ | ᠨᠠᠰᠢ᠂ ᠨᠠᠮ ᠤᠨ ᠡᠭᠦᠷ ᠬᠢᠭᠡᠳ ᠬᠠᠮᠲᠤ ᠶᠢᠨ ᠬᠤᠷᠰᠢᠶᠠᠵᠢᠯ ᠢ ᠠᠭᠤᠰᠤᠯᠴᠠᠭᠤᠯᠤᠨ ᠬᠥᠭᠵᠢᠭᠦᠯᠬᠦ ᠶᠢ ᠪᠠᠷᠢᠮᠲᠠᠯᠠᠵᠤ᠂ | ᠠᠵᠤ ᠦᠢᠯᠡᠰ ᠤᠨ ᠬᠥᠭᠵᠢᠯᠲᠡ ᠶᠢ ᠪᠥᠬᠦ ᠬᠦᠴᠦᠨ ᠢᠶᠠᠷ ᠠᠬᠢᠭᠤᠯᠤᠨ᠂ ᠮᠠᠯᠴᠢᠳ ᠤᠨ ᠣᠷᠣᠯᠭ᠎ᠠ ᠶᠢᠨ ᠨᠡᠮᠡᠭᠳᠡᠯ ᠢ | ᠠᠬᠢᠭᠤᠯᠵᠤ᠂ ᠬᠠᠮᠲᠤ ᠶᠢᠨ ᠣᠷᠣᠯᠭ᠎ᠠ ᠶᠢ ᠨᠡᠮᠡᠭᠳᠡᠭᠦᠯᠦᠨ᠂ ᠮᠠᠯ ᠠᠵᠤ ᠠᠬᠤᠢ ᠶᠢᠨ ᠲᠡᠵᠢᠭᠡᠨ ᠦᠷᠡᠵᠢᠭᠦᠯᠬᠦ ᠰᠢᠨ᠎ᠡ | ᠵᠠᠭᠪᠤᠷ ᠢ ᠬᠦᠴᠦᠯᠡᠨ ᠰᠦᠪᠡᠭᠴᠢᠯᠡᠵᠦ᠂ ᠬᠠᠮᠲᠤ ᠶᠢᠨ ᠠᠵᠤ ᠠᠬᠤᠢ ᠶᠢ ᠬᠥᠭᠵᠢᠭᠦᠯᠦᠨ ᠪᠤᠵᠠᠭᠠᠶᠢᠷᠠᠭᠤᠯᠬᠤ | ᠳᠤᠮᠳᠠᠬᠢ ᠭᠠᠴᠠᠭᠠᠨ ᠤ ᠨᠠᠮ ᠤᠨ ᠡᠭᠦᠷ ᠤᠨ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠤᠨ᠂ | ᠡᠬᠢ ᠪᠠᠶᠠᠯᠢᠭ ᠢ ᠡᠳ᠋ ᠬᠥᠷᠥᠩᠭᠡ ᠪᠣᠯᠭᠠᠨ ᠬᠤᠪᠢᠷᠠᠭᠤᠯᠬᠤ᠂ ᠡᠳ᠋ ᠬᠥᠷᠥᠩᠭᠡ ᠶᠢ ᠬᠤᠪᠢ ᠣᠷᠣᠭᠤᠯᠤᠭᠰᠠᠨ ᠮᠥᠩᠭᠦ | ᠪᠣᠯᠭᠠᠨ ᠬᠤᠪᠢᠷᠠᠭᠤᠯᠬᠤ᠂ ᠮᠠᠯᠴᠢᠳ ᠢ ᠬᠤᠪᠢ ᠣᠷᠣᠭᠤᠯᠤᠭᠴᠢ ᠪᠣᠯᠭᠠᠨ ᠬᠤᠪᠢᠷᠠᠭᠤᠯᠬᠤ᠂ ᠬᠠᠮᠲᠤ ᠨᠠᠶᠢᠳᠠ ᠶᠢ | ᠬᠤᠪᠢ ᠣᠷᠣᠭᠤᠯᠤᠭᠴᠢ ᠪᠣᠯᠭᠠᠨ ᠬᠤᠪᠢᠷᠠᠭᠤᠯᠬᠤ ᠶᠢ ᠪᠡᠶᠡᠯᠡᠭᠦᠯᠪᠡ᠃ ᠡᠨᠡ ᠤᠳᠠᠭ᠎ᠠ ᠶᠢᠨ ᠠᠰᠢᠭ ᠬᠤᠪᠢᠶᠠᠷᠢᠯᠠᠯᠲᠠ | ᠪᠣᠯ ᠬᠤᠷᠰᠢᠶᠠᠵᠢᠯ ᠪᠠᠶᠢᠭᠤᠯᠤᠭᠳᠠᠭᠰᠠᠨ ᠠᠴᠠ ᠨᠠᠰᠢᠬᠢ ᠠᠩᠬᠠᠳᠠᠭᠴᠢ ᠬᠤᠪᠢ ᠣᠷᠣᠭᠤᠯᠤᠭᠴᠢᠳ ᠤᠨ ᠠᠰᠢᠭ | ᠬᠤᠪᠢᠶᠠᠷᠢᠯᠠᠯᠲᠠ ᠪᠣᠯᠣᠨ᠎ᠠ᠂ ᠡᠨᠡ ᠨᠢ ᠡᠷᠳᠡᠨᠢᠭᠤᠪᠢ ᠭᠠᠴᠠᠭ᠎ᠠ ᠶᠢᠨ ᠠᠵᠤ ᠦᠢᠯᠡᠰ ᠤᠨ ᠬᠥᠭᠵᠢᠯᠲᠡ ᠶᠢᠨ | ᠬᠤᠷᠢᠶᠠᠩᠭᠤᠢ ᠳᠦᠷᠰᠦ ᠪᠣᠯᠬᠤ ᠪᠥᠭᠡᠳ ᠮᠠᠨ ᠤ ᠬᠤᠳᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠠᠵᠢᠯ ᠤᠨ ᠨᠢᠭᠡᠨ ᠬᠢᠯᠠᠰ ᠴᠡᠭ ᠪᠣᠯᠣᠨ᠎ᠠ᠃ | | | | | | ᠲᠤᠬᠠᠢ ᠶᠢᠨ ᠲᠠᠯᠠᠪᠠᠶ ᠳᠤ᠂ ᠡᠷᠳᠡᠨᠢᠭᠤᠪᠢ ᠭᠠᠴᠠᠭ᠎ᠠ ᠶᠢᠨ ᠨᠠᠮ ᠤᠨ ᠡᠭᠦᠷ ᠠᠴᠠ ᠡᠷᠢᠶᠡᠨ ᠬᠤᠲᠠ ᠶᠢᠨ | ᠲᠠᠷᠢᠶᠠᠯᠠᠩ ᠤᠨ ᠪᠠᠩᠬᠢ ᠶᠢᠨ ᠡᠵᠡᠩᠨᠡᠯᠲᠡ ᠶᠢᠨ ᠬᠡᠯᠲᠡᠰ ᠤᠨ ᠨᠠᠮ ᠤᠨ ᠡᠭᠦᠷ᠂ ᠭᠡᠷᠡᠯᠳᠣᠠᠣᠳᠦ ᠰᠣᠮᠣ ᠶᠢᠨ ᠬᠢᠯᠢ ᠶᠢᠨ | ᠲᠣᠮᠢᠯᠠᠭᠰᠠᠨ ᠰᠠᠯᠪᠤᠷᠢ ᠶᠢᠨ ᠨᠠᠮ ᠤᠨ ᠡᠭᠦᠷ᠂ ᠬᠤᠲᠠ ᠶᠢᠨ ᠤᠯᠠᠭᠠᠨᠮᠥ᠋ᠴᠢᠷ ᠤᠨ ᠨᠠᠮ ᠤᠨ ᠡᠭᠦᠷ ᠲᠠᠢ ᠬᠠᠮᠲᠤ ᠪᠠᠷ | ᠪᠠᠶᠢᠭᠤᠯᠬᠤ ᠬᠡᠯᠡᠯᠴᠡᠭᠡᠷ ᠲᠣᠭᠲᠠᠪᠠ︔ ᠭᠡᠷᠡᠯᠳᠣᠠᠣᠳᠦ ᠰᠣᠮᠣ ᠶᠢᠨ ᠬᠢᠯᠢ ᠶᠢᠨ ᠲᠣᠮᠢᠯᠠᠭᠰᠠᠨ ᠰᠠᠯᠪᠤᠷᠢ ᠠᠴᠠ | ᠭᠠᠴᠠᠭᠠᠨ ᠤ ᠬᠢᠯᠢ ᠶᠢᠨ ᠬᠠᠮᠠᠭᠠᠯᠠᠭᠴᠢ ᠳᠤ ︽2021 ᠣᠨ ᠤ ᠬᠢᠯᠢ ᠶᠢᠨ ᠬᠠᠮᠠᠭᠠᠯᠠᠭᠴᠢ︾ ᠶᠢᠨ ᠢᠷᠠᠭᠤ | ᠠᠯᠳᠠᠷ ᠤᠨ ᠦᠨᠡᠮᠯᠡᠯ ᠣᠯᠭᠤᠵᠠᠢ᠃ ᠬᠤᠳᠠ ᠶᠢᠨ ᠤᠯᠠᠭᠠᠨᠮᠥ᠋ᠴᠢᠷ ᠤᠨ ᠬᠢᠨ ᠪᠠᠰᠠ ᠭᠤᠶᠢᠳᠠ ᠰᠠᠶᠢᠬᠠᠨ ᠤᠷᠠᠨ | ᠰᠠᠶᠢᠬᠠᠨ ᠤ ᠲᠣᠭᠯᠠᠯᠲᠠ ᠠᠪᠴᠢᠷᠠᠭᠰᠠᠨ ᠪᠠᠶᠢᠨ᠎ᠠ᠃ | | | | | | |