ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠸᠠᠺᠼᠢᠨ ᠤ ᠲᠠᠷᠢᠯᠭ᠎ᠠ ᠶᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠵᠤ᠂ ᠭᠠᠮᠰᠢᠭ ᠤᠨ ᠠᠨᠠᠭᠠᠬᠤ ᠤᠬᠠᠭᠠᠨ ᠤ ᠠᠪᠤᠷᠠᠨ ᠲᠤᠰᠠᠯᠠᠬᠤ ᠤᠬᠠᠭᠤᠯᠭ᠎ᠠ ᠶᠢᠨ ᠠᠵᠢᠯᠯᠠᠭ᠎ᠠ  ᠦᠷᠨᠢᠬᠦᠯᠪᠡ
ᠨᠡᠶᠢᠲᠡᠯᠡᠭᠰᠡᠨ ᠴᠠᠭ᠄
2022/4/26
   ᠪᠦᠬᠦ ᠨᠡᠶᠢᠭᠡᠮ ᠢᠶᠠᠷ ᠢᠶᠠᠨ ᠰᠡᠷᠭᠡᠶᠢᠯᠡᠬᠦ ᠲᠠᠷᠢᠯᠭ᠎ᠠ ᠶᠢᠨ ᠠᠵᠢᠯ ᠢ ᠠᠩᠬᠠᠷᠴᠤ ᠳᠡᠮᠵᠢᠬᠦ ᠶᠢ ᠤᠯᠠᠮ ᠨᠢᠭᠡ ᠠᠯᠬᠤᠮ ᠳᠠᠶᠢᠴᠢᠯᠠᠬᠤ ᠶᠢᠨ ᠳᠣᠯᠠᠳᠠ᠂ ᠰᠢᠨ᠎ᠡ ᠸᠠᠺᠼᠢᠨ ᠤ ᠲᠠᠷᠢᠯᠭ᠎ᠠ ᠵᠢᠴᠢ ᠱᠦᠯᠬᠦᠭᠡ ᠡᠪᠡᠳᠴᠢᠨ ᠢ ᠰᠡᠷᠭᠡᠶᠢᠯᠡᠨ ᠵᠠᠰᠠᠬᠤ ᠮᠡᠳᠡᠯᠭᠡ ᠶᠢ ᠥᠷᠭᠡᠨ ᠢᠶᠠᠷ ᠤᠬᠠᠭᠤᠯᠵᠤ᠂ 4 ᠰᠠᠷ᠎ᠠ ᠶᠢᠨ 25 ᠤ ᠡᠳᠦᠷ᠂ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ 36 ᠳ᠋ᠤᠭᠠᠷ ᠪᠥᠬᠦ ᠤᠯᠤᠰ ᠤᠨ ᠡᠭᠡᠯᠢᠯᠡᠭᠡ ᠶᠢᠨ ᠲᠥᠯᠦᠪᠵᠢᠭᠦᠯᠭᠡ ᠶᠢᠨ ᠤᠬᠠᠭᠤᠯᠭ᠎ᠠ ᠶᠢᠨ ᠡᠳᠦᠷ᠂ 15 ᠳ᠋ᠤᠭᠠᠷ ︽ᠪᠥᠬᠦ ᠤᠯᠤᠰ ᠤᠨ ᠱᠦᠯᠬᠦᠭᠡ‌‍ᠢ ᠡᠪᠡᠳᠴᠢᠨ ᠤ ᠡᠳᠦᠷ︾ ᠵᠢᠴᠢ 14 ᠳ᠋ᠣᠭᠡᠷ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠡᠳᠦᠷ ᠲᠠᠢ ᠤᠶᠠᠯᠳᠤᠭᠤᠯᠤᠨ᠂ ᠬᠤᠲᠠ ᠶᠢᠨ ᠠᠯᠳᠠᠨ ᠨᠠᠪᠴᠢ ᠴᠠᠭ ᠦᠶ᠎ᠡ ᠶᠢᠨ ᠠᠭᠤᠳᠠᠮ ᠲᠠᠯᠠᠪᠠᠶ ᠳᠤ ᠰᠡᠷᠭᠡᠶᠢᠯᠡᠬᠦ ᠲᠠᠷᠢᠯᠭ᠎ᠠ᠂ ᠱᠦᠯᠬᠦᠭᠡ ᠡᠪᠡᠳᠴᠢᠨ ᠢ ᠰᠡᠷᠭᠡᠶᠢᠯᠡᠨ ᠵᠠᠰᠠᠬᠤ ᠪᠠ ᠪᠠᠶᠢᠭᠠᠯᠢ ᠶᠢᠨ ᠭᠠᠮᠰᠢᠭ᠂ ᠠᠳᠡᠯ ᠤᠨ ᠭᠠᠢ ᠭᠠᠮᠰᠢᠭ ᠤᠨ ᠪᠠᠴᠢᠮ ᠠᠪᠤᠷᠠᠯᠳᠠ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃
   ᠠᠵᠢᠯᠯᠠᠭᠠᠨ ᠤ ᠳᠤᠮᠳᠠ᠂ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ᠂ ᠤᠯᠤᠰ ᠢᠶᠠᠨ ᠬᠠᠶᠢᠷᠠᠯᠠᠬᠤ ᠬᠥᠳᠡᠯᠭᠡᠭᠡᠨ ᠤ ᠦᠢᠯᠡᠴᠢᠯᠡᠭᠡᠨ ᠤ ᠲᠥᠪ᠂ ᠰᠤᠮᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠵᠢᠴᠢ ᠡᠯ᠎ᠡ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠤᠨ ᠠᠵᠢᠯᠲᠠᠳ ᠡᠷᠡᠭᠦᠯ ᠮᠡᠨᠳᠦ ᠶᠢᠨ ᠮᠡᠳᠡᠯᠭᠡ ᠶᠢᠨ ᠵᠠᠷᠯᠠᠯ ᠨᠠᠭᠠᠬᠤ᠂ ᠬᠡᠦᠬᠡᠳ ᠲᠤ ᠰᠡᠷᠭᠡᠶᠢᠯᠡᠬᠦ ᠲᠠᠷᠢᠯᠭ᠎ᠠ ᠶᠢᠨ ᠡᠳᠦᠷ ᠭᠠᠷᠭᠠᠬᠤ᠂ ᠰᠢᠨ᠎ᠡ ᠸᠠᠺᠼᠢᠨ ᠤ ᠲᠠᠷᠢᠯᠭ᠎ᠠ ᠶᠢᠨ ᠮᠡᠳᠡᠯᠭᠡ ᠶᠢᠨ ᠤᠬᠠᠭᠤᠯᠭ᠎ᠠ ᠶᠢᠨ ᠰᠠᠮᠪᠠᠷ᠎ᠠ ᠭᠠᠷᠭᠠᠬᠤ᠂ ᠡᠯ᠎ᠡ ᠲᠥᠷᠥᠯ ᠤᠨ ᠡᠷᠡᠭᠦᠯ ᠮᠡᠨᠳᠦ ᠶᠢᠨ ᠮᠡᠳᠡᠯᠭᠡ ᠶᠢᠨ ᠤᠬᠠᠭᠤᠯᠭ᠎ᠠ ᠶᠢᠨ ᠭᠠᠷ ᠳᠡᠪᠲᠡᠷ ᠵᠢᠴᠢ ᠤᠬᠠᠭᠤᠯᠭ᠎ᠠ ᠶᠢᠨ ᠠᠵᠢᠯᠯᠠᠭ᠎ᠠ ᠶᠢᠨ ᠳᠤᠷᠠᠰᠬᠠᠯ ᠤᠨ ᠡᠳ᠋ ᠲᠠᠷᠬᠠᠭᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠨᠠᠰᠢ ᠴᠠᠰᠢ ᠥᠩᠭᠡᠷᠡᠬᠦ ᠬᠤᠲᠠ ᠶᠢᠨ ᠠᠷᠠᠳ ᠲᠤ ᠰᠡᠷᠭᠡᠶᠢᠯᠡᠬᠦ ᠲᠠᠷᠢᠯᠭ᠎ᠠ᠂ ᠪᠡᠶ᠎ᠡ ᠶᠢᠨ ᠲᠠᠮᠢᠷ ᠤᠨ ᠡᠷᠡᠭᠦᠯ ᠮᠡᠨᠳᠦ᠂ ᠱᠦᠯᠬᠦᠭᠡ ᠡᠪᠡᠳᠴᠢᠨ ᠢ ᠰᠡᠷᠭᠡᠶᠢᠯᠡᠨ ᠵᠠᠰᠠᠬᠤ ᠵᠡᠷᠭᠡ ᠬᠠᠮᠢᠶ᠎ᠠ ᠪᠦᠬᠦᠢ ᠮᠡᠳᠡᠯᠭᠡ ᠶᠢ ᠲᠦᠭᠡᠮᠡᠯᠵᠢᠭᠦᠯᠵᠦ᠂ ᠣᠯᠠᠨ ᠢ ᠬᠥᠲᠥᠯᠥᠨ ᠵᠢᠯᠤᠭᠤᠳᠴᠤ ᠪᠠᠶᠢᠭᠠᠳ ᠸᠠᠺᠼᠢᠨ ᠢ ᠰᠢᠨᠵᠢᠯᠡᠬᠦ ᠤᠬᠠᠭᠠᠨᠴᠢ ᠪᠠᠷ ᠲᠠᠨᠢᠭᠤᠯᠵᠤ᠂ ᠸᠠᠺᠼᠢᠨ ᠤ ᠲᠠᠷᠢᠯᠭ᠎ᠠ ᠶᠢ ᠤᠬᠠᠮᠰᠠᠷ   ᠠᠴᠠ ᠪᠠᠨ ᠵᠢᠷᠤᠮᠵᠢᠭᠤᠯᠤᠨ ᠳᠠᠷᠢᠭᠤᠯᠵᠤ᠂ ᠰᠡᠷᠭᠡᠶᠢᠯᠡᠬᠦ ᠲᠠᠷᠢᠯᠭ᠎ᠠ ᠶᠢᠨ ᠤᠬᠠᠭᠤᠯᠭ᠎ᠠ ᠳᠤ ᠢᠳᠡᠪᠬᠢᠲᠡᠢ ᠣᠷᠣᠯᠴᠠᠵᠤ᠂ ᠡᠭᠡᠯᠢᠯᠡᠭᠡ ᠶᠢᠨ ᠬᠠᠯᠬᠠᠪᠴᠢ ᠶᠢ ᠪᠠᠶᠢᠭᠤᠯᠬᠤ ᠳᠤ ᠬᠠᠮᠲᠤ ᠪᠠᠷ ︽ᠨᠢᠭᠡ ᠮᠥᠷᠥᠨ ᠤ ᠬᠦᠴᠦᠨ︾ ᠢᠶᠠᠨ ᠡᠷᠭᠦᠬᠦ ᠶᠢ ᠣᠯᠠᠨ ᠢᠶᠠᠷ ᠢᠶᠠᠨ ᠤᠷᠢᠶᠠᠯᠠᠵᠤ ᠪᠠᠶᠢᠨ᠎ᠠ᠃
   ᠣᠶᠢᠯᠠᠭᠠᠭᠰᠠᠨ ᠢᠶᠠᠷ᠂ ᠲᠣᠰ ᠤᠳᠠᠭᠠᠨ ᠤ ᠠᠵᠢᠯᠯᠠᠭ᠎ᠠ ᠳᠤ ᠡᠯ᠎ᠡ ᠲᠥᠷᠥᠯ ᠤᠨ ᠡᠷᠡᠭᠦᠯ ᠮᠡᠨᠳᠦ ᠶᠢᠨ ᠮᠡᠳᠡᠯᠭᠡ ᠶᠢᠨ ᠤᠬᠠᠭᠤᠯᠭ᠎ᠠ ᠶᠢᠨ ᠭᠠᠷ ᠳᠡᠪᠲᠡᠷ ᠢ ᠨᠡᠶᠢᠲᠡ 1000 ᠭᠠᠷᠤᠢ ᠳᠡᠪᠲᠡᠷ᠂ ᠡᠷᠡᠭᠦᠯ ᠮᠡᠨᠳᠦ ᠶᠢᠨ ᠮᠡᠳᠡᠯᠭᠡ ᠶᠢᠨ ᠤᠬᠠᠭᠤᠯᠭ᠎ᠠ ᠶᠢᠨ ᠠᠵᠢᠯᠯᠠᠭ᠎ᠠ ᠶᠢᠨ ᠳᠤᠷᠠᠰᠬᠠᠯ ᠤᠨ ᠡᠳ᠋ ᠢ 200 ᠭᠠᠷᠤᠢ ᠬᠤᠪᠢ ᠲᠠᠷᠬᠠᠭᠠᠵᠤ᠂ ᠡᠷᠡᠭᠦᠯ ᠮᠡᠨᠳᠦ ᠶᠢᠨ ᠮᠡᠳᠡᠯᠭᠡ ᠶᠢᠨ ᠤᠬᠠᠭᠤᠯᠭ᠎ᠠ ᠶᠢᠨ ᠵᠠᠷᠯᠠᠯ 30 ᠭᠠᠷᠤᠢ ᠬᠠᠭᠤᠳᠠᠰᠤ ᠨᠠᠭᠠᠵᠠᠢ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号