ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠨᠠᠮ ᠤᠨ ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠢ ᠪᠣᠯᠭᠢᠴᠢᠯᠠᠵᠤ ᠠᠷᠠᠯᠵᠢᠶᠠᠯᠠᠬᠤ ᠠᠰᠠᠭᠤᠳᠠᠯ ᠢ ᠲᠥᠪᠯᠡᠷᠡᠭᠦᠯᠦᠨ ᠵᠠᠰᠠᠬᠤ ᠠᠵᠢᠯ ᠢ ᠪᠦᠬᠦ ᠳᠠᠯ᠎ᠠ ᠪᠠᠷ ᠡᠬᠢᠯᠡᠬᠦᠯᠪᠡ
ᠨᠡᠶᠢᠲᠡᠯᠡᠭᠰᠡᠨ ᠴᠠᠭ᠄
2022/4/26
    4 ᠰᠠᠷ᠎ᠠ ᠶᠢᠨ 25  ᠤ ᠡᠳᠦᠷ᠂ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠪᠣᠯᠭᠢᠴᠢᠯᠠᠨ ᠠᠷᠠᠯᠵᠢᠶᠠᠯᠠᠵᠤ ᠪᠠᠶᠢᠭ᠎ᠠ ᠠᠰᠠᠭᠤᠳᠠᠯ ᠢ ᠲᠥᠪᠯᠡᠷᠡᠭᠦᠯᠦᠨ ᠵᠠᠰᠠᠬᠤ ᠨᠣᠮ ᠤᠩᠰᠢᠬᠤ ᠬᠤᠷᠠᠯ ᠵᠢᠴᠢ ᠠᠮᠠᠯᠠᠯᠲᠠ ᠶᠢᠨ ᠪᠢᠴᠢᠭ ᠲᠤ ᠭᠠᠷ ᠤᠨ ᠦᠰᠦᠭ ᠵᠢᠷᠤᠬᠤ ᠶᠣᠰᠣᠯᠠᠯ ᠥᠷᠨᠢᠭᠦᠯᠵᠦ᠂ ᠶᠡᠷᠦᠩᠬᠡᠢ ᠱᠦᠵᠢ ᠰᠢ ᠶᠢᠨ ᠫᠢᠩ  ᠤ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠴᠢᠩᠳᠠᠯᠠᠬᠤ ᠲᠤᠬᠠᠢ ᠴᠢᠬᠤᠯᠠ ᠥᠭᠦᠯᠡᠯᠲᠡ ᠶᠢ ᠨᠠᠷᠢᠨ ᠬᠢᠨᠠᠮᠠᠭᠠᠢ ᠰᠤᠷᠤᠯᠴᠠᠵᠤ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠪᠣᠯᠭᠢᠴᠢᠯᠠᠨ ᠠᠷᠠᠯᠵᠢᠶᠠᠯᠠᠵᠤ ᠪᠠᠶᠢᠭ᠎ᠠ ᠠᠰᠠᠭᠤᠳᠠᠯ ᠢ ᠲᠥᠪᠯᠡᠷᠡᠭᠦᠯᠦᠨ ᠵᠠᠰᠠᠬᠤ ᠲᠤᠬᠠᠢ ᠲᠠᠬᠢᠨ ᠴᠢᠬᠤᠯᠠᠴᠢᠯᠠᠵᠤ᠂ ᠲᠠᠬᠢᠨ ᠪᠠᠶᠢᠷᠢᠯᠠᠭᠤᠯᠪᠠ᠃
     ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠶᠠᠨ ᠬᠤᠩ ᠬᠤᠷᠠᠯ ᠢ ᠡᠷᠬᠢᠯᠡᠵᠤ ᠶᠠᠷᠢᠶ᠎ᠠ ᠲᠠᠯᠪᠢᠵᠠᠢ᠃ ᠳᠡᠳ᠋ ᠡᠷᠬᠢᠯᠡᠭᠴᠢ ᠪᠠᠢ ᠱᠣ᠋ ᠮᠢᠩ᠂ ᠳ᠋ᠦᠩ ᠵᠢᠶᠧ ᠹᠧᠩ᠂ ᠸᠠᠩ ᠵᠢᠩ ᠵᠢᠴᠢ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ  ᠶᠢᠨ ᠬᠤᠷᠢᠶᠠᠨ ᠤ ᠠᠯᠪᠠᠨ ᠭᠡᠷ ᠤᠨ ᠨᠠᠮ ᠤᠨ ᠤᠳᠤᠷᠢᠳᠬᠤ ᠳᠤᠭᠤᠶᠢᠯᠠᠩ ᠤᠨ ᠤᠳᠤᠷᠢᠳᠬᠤ ᠪᠠᠭ ᠤᠨ ᠪᠦᠷᠢᠯᠳᠦᠭᠦᠨ ᠪᠣᠯᠣᠨ ᠪᠠᠶᠢᠭᠤᠯᠤᠯᠭ᠎ᠠ   ᠶᠢᠨ ᠪᠤᠰᠤᠳ ᠨᠠᠮ ᠤᠨ ᠭᠡᠰᠢᠭᠦᠨ ᠬᠤᠷᠠᠯ ᠳᠤ ᠣᠷᠣᠯᠴᠠᠭᠰᠠᠨ ᠪᠥᠭᠡᠳ ︽ᠠᠷᠪᠠᠨ ᠨᠢᠭᠡᠨ ᠴᠢᠩᠭ᠎ᠠ ᠰᠡᠷᠬᠡᠶᠢᠯᠡᠬᠦ︾ ᠠᠮᠠᠯᠠᠯᠲᠠ ᠶᠢᠨ ᠪᠢᠴᠢᠭ ᠲᠤ ᠭᠠᠷ ᠤᠨ ᠦᠰᠦᠭ ᠵᠢᠷᠤᠪᠠ᠃     ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠨᠠᠮ ᠤᠨ ᠪᠠᠶᠢᠭᠤᠯᠤᠯᠲᠠ ᠶᠢᠨ ᠰᠢᠨ᠎ᠡ ᠠᠭᠤᠤ ᠶᠡᠭᠡ ᠢᠨᠵᠧᠨᠧᠷᠢᠩ ᠢ ᠠᠬᠢᠭᠤᠯᠬᠤ ᠥᠨᠳᠥᠷᠴᠡ ᠠᠴᠠ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠲᠥᠪ ᠴᠢᠩᠭ᠎ᠠ ᠪᠠᠶᠢᠯᠭᠠᠬᠤ ᠶᠢᠨ ᠴᠢᠬᠤᠯᠠ ᠶᠡᠭᠡ ᠠᠴᠢ ᠬᠤᠯᠪᠣᠭᠳᠠᠯ ᠤᠨ ᠲᠤᠬᠠᠢ ᠤᠯᠠᠨ ᠤᠳᠠᠭ᠎ᠠ ᠴᠢᠬᠤᠯᠠ ᠥᠭᠦᠯᠡᠯᠲᠡ ᠬᠢᠵᠡᠢ᠃ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠦᠬᠦ ᠠᠵᠢᠯᠲᠠᠳ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠤᠯᠤᠰ ᠲᠦᠷᠦ ᠶᠢᠨ ᠬᠠᠷᠢᠭᠤᠴᠠᠯᠭ᠎ᠠ ᠪᠠᠨ ᠴᠢᠩᠭᠠᠳᠬᠠᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠪᠣᠯᠭᠢᠴᠢᠯᠠᠨ ᠠᠷᠠᠯᠵᠢᠶᠠᠯᠠᠵᠤ ᠪᠠᠶᠢᠭ᠎ᠠ ᠠᠰᠠᠭᠤᠳᠠᠯ ᠢ ᠲᠥᠪᠯᠡᠷᠡᠭᠦᠯᠦᠨ ᠵᠠᠰᠠᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠲᠥᠪᠯᠡᠷᠡᠭᠦᠯᠦᠨ ᠵᠠᠰᠠᠬᠤ ᠶᠢ ᠥᠷᠨᠢᠭᠦᠯᠬᠦ ᠦᠵᠡᠯ ᠰᠠᠨᠠᠭᠠᠨ ᠤ ᠤᠬᠠᠮᠰᠠᠷ ᠂ ᠤᠯᠤᠰ ᠲᠦᠷᠦ ᠶᠢᠨ ᠤᠬᠠᠮᠰᠠᠷ᠂ ᠠᠵᠢᠯᠯᠠᠭᠠᠨ ᠤ ᠤᠬᠠᠮᠰᠠᠷ ᠢᠶᠠᠨ ᠦᠨᠡᠨᠬᠦ ᠴᠢᠩᠭᠠᠳᠬᠠᠬᠤ ᠬᠡᠷᠡᠭᠲᠡᠢ ᠭᠡᠵᠦ ᠱᠠᠭᠠᠷᠳᠠᠵᠠᠢ᠃     ᠬᠤᠷᠠᠯ ᠠᠴᠠ᠂ ᠰᠢ ᠶᠢᠨ ᠫᠢᠩ  ᠤ ᠶᠡᠷᠦᠩᠬᠡᠢ ᠱᠦᠵᠢ ᠶᠢᠨ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠲᠥᠪ ᠴᠢᠩᠭ᠎ᠠ ᠪᠠᠶᠢᠯᠭᠠᠬᠤ ᠲᠤᠬᠠᠢ ᠴᠢᠬᠤᠯᠠ ᠥᠭᠦᠯᠡᠯᠲᠡ ᠪᠣᠯᠣᠨ ᠳᠡᠭᠡᠳᠦ ᠱᠠᠲᠤᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠵᠤ᠂ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠪᠣᠯᠭᠢᠴᠢᠯᠠᠨ ᠠᠷᠠᠯᠵᠢᠶᠠᠯᠠᠭᠤᠯᠬᠤ ᠠᠵᠢᠯ ᠢ ᠲᠥᠪᠯᠡᠷᠡᠭᠦᠯᠦᠨ ᠵᠠᠰᠠᠬᠤ ᠶᠢ ᠨᠠᠷᠢᠯᠢᠭ ᠪᠣᠳᠠᠲᠠᠢ ᠬᠢᠬᠦ ᠬᠡᠷᠡᠭᠲᠡᠢ᠃ ᠪᠣᠯᠭᠢᠴᠢᠯᠠᠭᠰᠠᠨ ᠠᠷᠠᠯᠵᠢᠶ᠎ᠠ ᠶᠢᠨ ᠠᠰᠠᠭᠤᠳᠠᠯ ᠢ ᠰᠢᠢᠳᠪᠦᠷᠢᠯᠡᠬᠦ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠴᠢᠩᠳᠠᠯᠠᠬᠤ ᠪᠠ ᠵᠢᠷᠤᠮᠵᠢᠭᠤᠯᠬᠤ ᠶᠢ ︽ᠬᠤᠶᠠᠷ ᠢ ᠲᠣᠭᠲᠠᠭᠠᠬᠤ︾ ᠶᠢ ᠬᠦᠷᠢᠶᠡᠯᠡᠬᠦ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠴᠢᠬᠤᠯᠠ ᠠᠷᠭ᠎ᠠ ᠬᠡᠮᠵᠢᠶ᠎ᠡ ᠪᠣᠯᠭᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠢᠭᠲᠠᠷᠠᠯ ᠤᠨ ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠲᠥᠪᠯᠡᠷᠡᠭᠦᠯᠦᠨ ᠵᠠᠰᠠᠬᠤ ᠠᠵᠢᠯ ᠢ ᠪᠦᠬᠦ ᠬᠦᠴᠦᠨ ᠢᠶᠠᠷ ᠢᠶᠠᠨ ᠥᠷᠨᠢᠭᠦᠯᠬᠦ ᠬᠡᠷᠡᠭᠲᠡᠢ᠃    ︽ᠭᠤᠣᠯᠳᠠᠯᠭ᠎ᠠ︾ ᠶᠢᠨ ᠭᠤᠣᠯ ᠬᠦᠭ ᠠᠶᠠᠰ ᠢ ᠢᠮᠠᠭᠲᠠ ᠭᠤᠶᠢᠪᠢᠰᠢ ᠦᠭᠡᠢ ᠪᠠᠷᠢᠮᠲᠠᠯᠠᠵᠤ᠂ ᠲᠥᠪᠯᠡᠷᠡᠭᠦᠯᠦᠨ ᠵᠠᠰᠠᠬᠤ ᠠᠵᠢᠯ ᠢ ᠠᠬᠢᠭᠤᠯᠬᠤ ᠪᠠ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠬᠤ᠂ ᠤᠷᠳᠤ ᠬᠤᠭᠤᠴᠠᠭ᠎ᠠ ᠪᠠᠷ ᠪᠦᠲᠦᠮᠵᠢᠲᠡᠢ ᠪᠠᠶᠢᠯᠭᠠᠬᠤ ᠶᠢ ᠠᠬᠢᠭᠤᠯᠬᠤ ᠶᠢ ᠤᠶᠠᠯᠳᠤᠭᠤᠯᠵᠤ᠂ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠬᠤ ᠠᠵᠢᠯ ᠢ ᠵᠣᠬᠢᠶᠠᠨ ᠪᠠᠶᠢᠭᠤᠯᠤᠨ ᠰᠠᠶᠢᠲᠤᠷ ᠥᠷᠨᠢᠭᠦᠯᠬᠦ ᠬᠡᠷᠡᠭᠲᠡᠢ᠃ ᠰᠠᠬᠢᠯᠭ᠎ᠠ ᠪᠠᠲᠤ ᠶᠣᠰᠣ ᠳᠦᠷᠢᠮ ᠭᠡᠬᠦ ᠡᠨᠡ ᠬᠦ ᠬᠥᠪᠴᠢ ᠶᠢ ᠢᠮᠠᠭᠲᠠ ᠴᠢᠩᠭᠠᠷᠠᠭᠤᠯᠵᠤ᠂ ᠴᠠᠭ ᠢᠮᠠᠭᠲᠠ ᠨᠠᠮ ᠤᠨ ᠳᠦᠷᠢᠮ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠪᠠᠷ ᠥᠪᠡᠷ ᠢ ᠪᠠᠨ  ᠡᠵᠡᠮᠳᠡᠵᠦ᠂ ︽ᠠᠷᠪᠠᠨ ᠨᠢᠭᠡᠨ ᠴᠢᠩᠭ᠎ᠠ ᠰᠡᠷᠭᠡᠶᠢᠯᠡᠬᠦ︾ ᠶᠢ ᠴᠢᠩᠭ᠎ᠠ ᠵᠢᠷᠤᠮᠯᠠᠵᠤ᠂ ᠡᠷᠬᠡ ᠶᠢ ᠲᠥᠪ ᠭᠤᠣᠯᠴᠢ ᠪᠠᠷ ᠬᠡᠷᠡᠭᠯᠡᠬᠦ᠂ ᠡᠷᠬᠡ ᠶᠢ ᠬᠠᠤᠯᠢ ᠶᠣᠰᠣᠭᠠᠷ ᠬᠡᠷᠡᠭᠯᠡᠬᠦ᠂ ᠠᠷᠠᠳ ᠤᠨ ᠲᠥᠯᠥᠭᠡ ᠡᠷᠬᠡ ᠶᠢ ᠬᠡᠷᠡᠭᠯᠡᠬᠦ  ᠠᠷᠢᠭᠤᠨ ᠴᠢᠬᠡᠴᠢ ᠪᠠᠷ ᠡᠷᠬᠡ ᠶᠢ ᠬᠡᠷᠡᠭᠯᠡᠬᠦ ᠶᠢ ᠪᠠᠷᠢᠮᠲᠠᠯᠠᠵᠤ᠂ ᠤᠯᠤᠰ ᠲᠦᠷᠦ ᠶᠢᠨ ᠪᠣᠭᠤᠮᠲᠠ ᠂ ᠡᠷᠬᠡ ᠶᠢᠨ ᠪᠣᠭᠤᠮᠲᠠ᠂  ᠬᠠᠷᠢᠯᠴᠠᠭ᠎ᠠ ᠶᠢᠨ ᠪᠣᠭᠤᠮᠲᠠ᠂ ᠠᠮᠢᠳᠤᠷᠠᠯ ᠤᠨ ᠪᠣᠭᠤᠮᠲᠠ᠂ ᠲᠦᠷᠦᠯ ᠰᠠᠳᠤᠨ ᠤ ᠰᠡᠳᠬᠢᠯᠭᠡ ᠶᠢᠨ ᠪᠣᠭᠤᠮᠲᠠ ᠶᠢ ᠰᠠᠬᠢᠵᠤ᠂ ᠲᠥᠪ ᠭᠤᠣᠯᠴᠢ ᠠᠷᠢᠭᠤᠨ ᠴᠢᠬᠡᠴᠢ ᠶᠢᠨ ᠦᠯᠢᠭᠡᠷ ᠳᠠᠭᠤᠷᠢᠶᠠᠯ ᠪᠣᠯᠬᠤ ᠪᠠᠷ ᠴᠢᠷᠮᠠᠶᠢᠬᠤ ᠬᠡᠷᠡᠭᠲᠡᠢ ᠭᠡᠵᠡᠢ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号