ᠯᠦ ᠪᠦᠦ ᠳ᠋ᠦᠩ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 11 ᠳ᠋ᠣᠭᠡᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠪᠣᠯᠭᠢᠴᠢᠯᠠᠵᠤ ᠠᠷᠠᠯᠵᠢᠶᠠᠯᠠᠬᠤ ᠠᠰᠠᠭᠤᠳᠠᠯ ᠢ ᠲᠥᠪᠯᠡᠷᠡᠭᠦᠯᠦᠨ ᠵᠠᠰᠠᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2022/4/27
     4 ᠰᠠᠷ᠎ᠠ ᠶᠢᠨ 25 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠲᠠ ᠶᠢᠨ ᠳᠠᠷᠤᠭ᠎ᠠ ᠯᠦ ᠪᠦᠦ ᠳ᠋ᠦᠩ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 11 ᠳ᠋ᠣᠭᠡᠷ ᠤᠳᠠᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠳᠡᠭᠡᠳᠦ ᠱᠠᠲᠤᠨ ᠤ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠨᠠᠮ ᠤᠨ ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠢ ᠪᠣᠯᠭᠢᠴᠢᠯᠠᠵᠤ ᠠᠷᠠᠯᠵᠢᠶᠠᠯᠠᠬᠤ ᠠᠰᠠᠭᠤᠳᠠᠯ ᠢ ᠲᠥᠪᠯᠡᠷᠡᠭᠦᠯᠦᠨ ᠵᠠᠰᠠᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃
   ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠵᠠᠩ ᠶᠢᠩ ᠵᠢᠶᠧ᠂ ᠬᠤᠲᠠ ᠶᠢᠨ ᠳᠡᠳ᠋ ᠳᠠᠷᠤᠭ᠎ᠠ ᠵᠠᠩ ᠶᠦᠩ ᡁᠢ ᠬᠤᠷᠠᠯ ᠳᠤ ᠣᠷᠣᠯᠴᠠᠵᠤ᠂ ᠬᠤᠲᠠ ᠶᠢᠨ ᠳᠡᠳ᠋ ᠳᠠᠷᠤᠭ᠎ᠠ ᠸᠠᠩ ᠳ᠋ᠦᠩ ᠱᠧᠩ᠂ ᠵᠧᠦ ᠵᠢᠩ ᠷᠠᠨ ᠸᠢᠳᠢᠤ᠋ ᠪᠠᠷ ᠤᠲᠠᠰᠤ ᠵᠠᠯᠭᠠᠬᠤ ᠬᠡᠯᠪᠡᠷᠢ ᠪᠠᠷ ᠬᠤᠷᠠᠯ ᠳᠤ ᠣᠷᠣᠯᠴᠠᠪᠠ᠃    ᠬᠤᠷᠠᠯ ᠠᠴᠠ ᠱᠢ ᠲᠠᠢ ᠹᠧᠩ ᠱᠦᠵᠢ ᠶᠢᠨ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠬᠤᠯᠠ ᠶᠡᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠶᠠᠷᠢᠯᠴᠠᠬᠤ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ︽︿ᠪᠥᠬᠦ ᠣᠷᠣᠨ ᠤ ᠨᠠᠮ ᠤᠨ ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠢ ᠪᠣᠯᠭᠢᠴᠢᠯᠠᠵᠤ ᠠᠷᠠᠯᠵᠢᠶᠠᠯᠠᠬᠤ ᠠᠰᠠᠭᠤᠳᠠᠯ ᠢ ᠲᠥᠪᠯᠡᠷᠡᠭᠦᠯᠦᠨ ᠵᠠᠰᠠᠬᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ ᠤᠨ ᠬᠡᠷᠡᠭᠵᠢᠭᠦᠯᠬᠦ ᠲᠥᠰᠥᠯ﹀ ᠢ ᠳᠠᠷᠤᠮᠠᠯᠯᠠᠨ ᠲᠠᠷᠬᠠᠭᠠᠬᠤ ᠳᠣᠬᠠᠢ ᠮᠡᠳᠡᠭᠳᠡᠯ︾ ︽︿ᠪᠥᠬᠦ ᠬᠤᠲᠠ ᠶᠢᠨ ᠨᠠᠮ ᠤᠨ ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠢ ᠪᠣᠯᠭᠢᠴᠢᠯᠠᠵᠤ ᠠᠷᠠᠯᠵᠢᠶᠠᠯᠠᠬᠤ ᠠᠰᠠᠭᠤᠳᠠᠯ ᠢ ᠲᠥᠪᠯᠡᠷᠡᠭᠦᠯᠦᠨ ᠵᠠᠰᠠᠬᠤ ᠬᠤᠲᠠ ᠶᠢᠨ ᠨᠠᠮ ᠤᠨ ᠬᠤᠷᠢᠶ᠎ᠠ ᠶᠢᠨ ᠠᠯᠪᠠᠨ ᠭᠡᠷ ᠤᠨ ᠬᠡᠷᠡᠭᠵᠢᠭᠦᠯᠬᠦ ᠲᠥᠰᠥᠯ﹀ ᠢ ᠳᠠᠷᠤᠮᠠᠯᠯᠠᠨ ᠲᠠᠷᠬᠠᠭᠠᠬᠤ ᠳᠣᠬᠠᠢ ᠮᠡᠳᠡᠭᠳᠡᠯ︾ ᠤᠨ ᠵᠣᠷᠢᠭ ᠰᠠᠨᠠᠭ᠎ᠠ ᠶᠢ ᠣᠯᠠᠮᠵᠢᠯᠠᠨ ᠰᠣᠷᠣᠯᠴᠠᠪᠠ᠃    ᠯᠦ ᠪᠦᠦ ᠳ᠋ᠦᠩ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠪᠣᠯ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠥᠯᠥᠭᠡᠯᠡᠬᠦ ᠵᠠᠩᠭᠢᠯᠠᠭ᠎ᠠ ᠶᠢᠨ ᠴᠡᠭ ᠪᠣᠯᠣᠨ᠎ᠠ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠢᠮᠠᠭᠲᠠ ᠠᠵᠤ ᠠᠬᠤᠢ ᠶᠢᠨ ᠲᠣᠭᠲᠠᠭᠤᠨ ᠨᠡᠮᠡᠭᠳᠡᠯ ᠪᠣᠯᠣᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠬᠤᠯᠠ ᠭᠠᠷᠳᠠᠴᠠ ᠪᠣᠯᠭᠠᠵᠤ᠂ ᠳᠡᠭᠡᠷ᠎ᠡ ᠠᠴᠠ ᠳᠣᠷᠣᠭᠰᠢ ᠱᠠᠲᠤ ᠱᠠᠲᠤ ᠪᠠᠷ ᠳᠠᠷᠤᠯᠲᠠ ᠥᠭᠴᠦ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠰᠤᠷᠲᠠᠯ ᠢ ᠪᠠᠲᠤᠯᠠᠬᠤ ᠪᠠ ᠪᠠᠶᠢᠯᠳᠤᠬᠤ ᠪᠣᠳᠣᠯᠭ᠎ᠠ ᠶᠢᠨ ᠲᠥᠯᠦᠪᠵᠢᠭᠦᠯᠭᠡ ᠶᠢ ᠴᠢᠩᠭᠠᠳᠬᠠᠵᠤ᠂ ᠮᠠᠨ ᠤ ᠬᠤᠳᠠ ᠶᠢᠨ ᠭᠤᠣᠯᠳᠠᠯᠭ᠎ᠠ ᠲᠠᠢ ᠲᠦᠷᠦᠯ ᠵᠦᠢᠯ ᠢ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠣᠯᠬᠤ ᠶᠢ ᠪᠦᠬᠦ ᠬᠦᠴᠦᠨ ᠢᠶᠠᠷ ᠠᠬᠢᠭᠤᠯᠬᠤ ᠬᠡᠷᠡᠭᠲᠡᠢ ᠭᠡᠪᠡ᠃ ᠡᠯ᠎ᠡ ᠬᠤᠪᠢᠳᠠᠨ ᠬᠠᠮᠢᠶᠠᠷᠴᠤ ᠪᠠᠶᠢᠭ᠎ᠠ ᠬᠤᠳᠠ ᠶᠢᠨ ᠳᠡᠳ᠋ ᠳᠠᠷᠤᠭ᠎ᠠ ᠪᠦᠬᠦ ᠲᠠᠯ᠎ᠠ ᠶᠢ ᠪᠣᠳᠣᠯᠬᠢᠯᠠᠨ ᠲᠦᠷᠦᠯ ᠵᠦᠢᠯ ᠢ ᠠᠳᠬᠤᠵᠤ᠂ ᠠᠷᠭ᠎ᠠ ᠪᠦᠬᠦᠨ ᠢ ᠰᠦᠪᠡᠭᠴᠢᠯᠡᠨ᠂ ᠨᠡᠩ ᠥᠨᠳᠥᠷ ᠵᠣᠭᠰᠣᠴᠠ᠂ ᠨᠡᠩ ᠥᠷᠭᠡᠨ ᠬᠠᠷᠠᠭᠠᠰᠤ ᠪᠣᠯᠣᠨ ᠨᠡᠩ ᠴᠢᠩᠭ᠎ᠠ ᠡᠭᠦᠷᠭᠡᠯᠡᠯ ᠢᠶᠠᠷ ᠮᠠᠨ ᠤ ᠬᠤᠳᠠ ᠶᠢᠨ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠶᠤᠯᠭᠦᠢ ᠦᠢᠯᠡᠳᠪᠦᠷᠢᠯᠡᠯ ᠪᠣᠯᠣᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠵᠦ᠂ ᠭᠦᠨᠵᠡᠭᠡᠢ ᠰᠤᠳᠤᠯᠤᠨ᠂ ᠪᠣᠳᠠᠲᠠᠢ ᠠᠵᠢᠯᠯᠠᠬᠤ ᠪᠠᠷ ᠲᠦᠷᠦᠯ ᠵᠦᠢᠯ ᠢ ᠠᠳᠬᠤᠵᠤ᠂ ᠲᠦᠷᠦᠯ ᠵᠦᠢᠯ ᠢᠶᠠᠷ ᠬᠥᠭᠵᠢᠯᠲᠡ ᠶᠢ ᠠᠬᠢᠭᠤᠯᠵᠤ᠂ ᠡᠨᠡ ᠵᠢᠯ ᠤᠨ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠥᠨᠳᠥᠷ ᠶᠠᠰᠤ ᠴᠢᠨᠠᠷ ᠲᠠᠢ ᠥᠨᠳᠥᠷ ᠪᠦᠲᠦᠮᠵᠢᠲᠡᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠲᠣᠬᠢᠷᠠᠭᠤᠯᠵᠤ ᠬᠢᠨᠠᠨ ᠵᠢᠯᠤᠭᠤᠳᠬᠤ ᠪᠠᠨ ᠴᠢᠩᠭᠠᠳᠬᠠᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠠᠷᠢᠭᠤᠴᠠᠯᠭ᠎ᠠ ᠶᠢᠨ ᠬᠡᠯᠬᠢᠶ᠎ᠡ ᠶᠢ ᠦᠷᠭᠦᠯᠵᠢᠯᠡᠨ ᠴᠢᠩᠭᠠᠯᠠᠵᠤ᠂ ᠦᠢᠯᠡᠴᠢᠯᠡᠭᠡᠨ ᠤ ᠪᠠᠲᠤᠯᠠᠭ᠎ᠠ ᠶᠢ ᠰᠠᠶᠢᠲᠤᠷ ᠬᠢᠵᠦ᠂ ᠪᠥᠬᠦ ᠬᠦᠴᠦᠨ ᠢᠶᠠᠷ ᠢᠶᠠᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠴᠠᠭ ᠢ ᠠᠮᠵᠢᠨ᠂ ᠳᠡᠮᠵᠢᠯᠭᠡ ᠬᠠᠩᠭᠠᠬᠤ ᠬᠡᠷᠡᠭᠲᠡᠢ᠃ ᠦᠨᠡᠨᠬᠦ ᠠᠳᠬᠤᠨ ᠪᠣᠳᠠᠲᠠᠢ ᠠᠵᠢᠯᠯᠠᠬᠤ ᠳᠤᠮᠳᠠ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠵᠣᠷᠢᠭᠲᠠᠢ ᠪᠠᠷ ᠬᠠᠲᠠᠭᠤ ᠶᠢ ᠬᠦᠨᠳᠡᠵᠤ  ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠳᠡᠭᠡᠨ ᠴᠢᠳᠠᠮᠠᠭᠠᠢ ᠪᠠᠶᠢᠵᠤ᠂ ᠠᠷᠭ᠎ᠠ ᠪᠦᠬᠦᠨ ᠢ ᠰᠦᠪᠡᠭᠴᠢᠯᠡᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠦᠴᠢᠷ ᠠᠰᠠᠭᠤᠳᠠᠯ ᠢ ᠰᠢᠢᠳᠪᠦᠷᠢᠯᠡᠵᠦ᠂ ᠴᠢᠬᠤᠯᠠ ᠶᠡᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠳᠤ ᠰᠠᠶᠢᠨ ᠰᠠᠶᠢᠬᠠᠨ ᠣᠷᠴᠢᠨ ᠲᠣᠭᠤᠷᠢᠨ ᠢ ᠡᠭᠦᠳᠴᠦ ᠥᠭᠬᠦ ᠬᠡᠷᠡᠭᠲᠡᠢ ᠭᠡᠵᠦ ᠵᠢᠭᠠᠪᠣᠷᠢᠯᠠᠪᠠ᠃      ᠯᠦ ᠪᠦᠦ ᠳ᠋ᠦᠩ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠪᠣᠯᠭᠢᠴᠢᠯᠠᠵᠤ ᠠᠷᠠᠯᠵᠢᠶᠠᠯᠠᠬᠤ ᠠᠰᠠᠭᠤᠳᠠᠯ ᠢ ᠲᠥᠪᠯᠡᠷᠡᠭᠦᠯᠦᠨ ᠵᠠᠰᠠᠬᠤ ᠶᠢ ᠦᠷᠨᠢᠬᠦᠯᠬᠦ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠤᠨ ᠨᠡᠩ ᠡᠷᠡᠭᠦᠯ ᠴᠢᠭᠢᠷᠠᠭ ᠂ ᠨᠡᠩ ᠵᠢᠷᠤᠮᠵᠢᠯ ᠲᠠᠢ᠂ ᠨᠡᠩ ᠲᠥᠪ ᠴᠢᠩᠭ᠎ᠠ ᠪᠠᠶᠢᠬᠤ ᠱᠠᠭᠠᠷᠳᠠᠯᠭ᠎ᠠ ᠶᠢᠨ ᠲᠣᠭᠤᠷᠢᠨ ᠳᠤ᠂ ᠥᠨᠳᠥᠷ ᠪᠠᠷᠢᠮᠵᠢᠶ᠎ᠠ ᠴᠢᠩᠭ᠎ᠠ ᠱᠠᠭᠠᠷᠳᠠᠯᠭ᠎ᠠ ᠪᠠᠷ ᠴᠢᠨᠠᠷ ᠰᠠᠶᠢᠲᠠᠢ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ ᠨᠠᠷᠢᠯᠢᠭᠵᠢᠭᠤᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠣᠳᠣᠬᠠᠨ ᠤ ᠠᠵᠢᠯ ᠤᠨ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠤᠨ᠂ ᠬᠠᠷᠠᠯᠲᠠ ᠶᠢᠨ ᠴᠢᠭᠯᠡᠯ ᠢᠶᠠᠷ ᠬᠦᠴᠦᠯᠡᠵᠦ᠂ ᠤᠨᠢᠨ ᠳᠡᠭᠡᠷ᠎ᠡ ᠨᠢ ᠵᠠᠰᠠᠵᠤ᠂ ᠦᠨᠡᠨ ᠪᠣᠳᠠᠲᠠᠢ ᠪᠠᠷ ᠬᠦᠴᠢᠷ ᠠᠰᠠᠭᠤᠳᠠᠯ ᠢ ᠬᠦᠨᠳᠡᠵᠤ᠂ ᠣᠳᠣᠬᠠᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠳᠤ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠦᠨ ᠰᠢᠢᠳᠪᠦᠷᠢᠯᠡᠵᠦ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠶᠢ ᠪᠤᠢ ᠪᠣᠯᠭᠠᠬᠤ ᠬᠡᠷᠡᠭᠲᠡᠢ᠃ ᠳᠦᠪ ᠴᠢᠩᠭ᠎ᠠ ᠭᠤᠣᠯ ᠬᠦᠭ ᠠᠶᠠᠰ ᠢ ᠭᠤᠶᠢᠪᠢᠰᠢ ᠦᠭᠡᠢ ᠪᠠᠷᠢᠮᠲᠠᠯᠠᠵᠤ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠲᠥᠪ ᠴᠢᠩᠭ᠎ᠠ  ᠵᠢᠷᠣᠮᠯᠠᠵᠦ  ᠂ ᠢᠯᠵᠢᠷᠡᠬᠤ ᠵᠣᠷᠢᠭ ᠦᠭᠡᠢ᠂ ᠢᠯᠵᠢᠷᠡᠵᠦ ᠴᠢᠳᠠᠬᠤ ᠦᠭᠡᠢ᠂ ᠢᠯᠵᠢᠷᠠᠬᠤ ᠶᠢ ᠪᠤᠳᠤᠬᠤ ᠦᠭᠡᠢ ᠪᠠᠶᠢᠬᠤ ᠶᠢ ᠠᠬᠢᠭᠤᠯᠬᠤ ᠲᠠᠢ ᠤᠶᠠᠯᠳᠤᠭᠤᠯᠵᠤ᠂ ︽ᠦᠡᠭᠭᠡᠨ ᠲᠠᠯ᠎ᠠ ᠶᠢ ᠵᠠᠰᠠᠬᠤ︾ ᠱᠠᠲᠤᠴᠢ ᠴᠢᠨᠠᠷᠲᠠᠢ ᠦᠷ᠎ᠡ ᠪᠦᠲᠦᠭᠡᠯ ᠢ ︽ᠦᠨᠳᠦᠰᠦ ᠠᠴᠠ ᠨᠢ ᠵᠠᠰᠠᠬᠤ︾ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠶᠢ ᠲᠠᠰᠤᠷᠠᠯᠳᠠ ᠦᠭᠡᠢ ᠲᠦᠯᠬᠢᠨ ᠠᠬᠢᠭᠤᠯᠬᠤ ᠬᠡᠷᠡᠭᠲᠡᠢ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号