︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠨ᠎ᠡ︾ ᠮᠡᠷᠭᠡᠵᠢᠯ ᠴᠢᠳᠠᠪᠤᠷᠢ ᠬᠦᠷᠭᠡᠵᠦ ᠠᠵᠢᠯ ᠣᠯᠭᠤᠯᠲᠠ ᠶᠢ ᠠᠬᠢᠭᠤᠯᠤᠨ᠎ᠠ  2022 ᠣᠨ ᠳᠤ ᠮᠠᠨ ᠤ ᠬᠤᠳᠠ ᠶᠢᠨ ᠠᠩᠬᠠᠳᠠᠭᠴᠢ ᠬᠤᠭᠤᠴᠠᠭᠠᠨ ᠤ ᠨᠢᠯᠬ᠎ᠠ ᠬᠡᠦᠬᠡᠳ ᠬᠥᠮᠥᠵᠢᠭᠦᠯᠦᠭᠴᠢ ᠶᠢᠨ ᠪᠣᠯᠪᠠᠰᠤᠷᠠᠯ ᠤᠨ ᠠᠩᠭᠢ ᠡᠬᠢᠯᠡᠪᠡ
ᠨᠡᠶᠢᠲᠡᠯᠡᠭᠰᠡᠨ ᠴᠠᠭ᠄
2022/4/27
    ᠣᠶᠢᠷ᠎ᠠ ᠳᠤ᠂ ᠬᠤᠲᠠ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠨᠢ ᠡᠮᠡᠭᠲᠡᠶᠢᠴᠦᠳ‌‍ᠦᠨ ᠬᠤᠯᠪᠣᠭ᠎ᠠ ᠲᠠᠢ ᠬᠠᠮᠵᠢᠯᠴᠠᠨ ᠮᠠᠨ ᠤ ᠬᠤᠲᠠ ᠶᠢᠨ 2022 ᠣᠨ ᠤ ᠠᠩᠬᠠᠨ ᠤ ᠬᠤᠭᠤᠴᠠᠭᠠᠨ ᠤ ᠬᠡᠦᠬᠡᠳ ᠬᠥᠮᠥᠵᠢᠭᠦᠯᠦᠭᠴᠢ ᠶᠢᠨ ᠪᠣᠯᠪᠠᠰᠤᠷᠠᠯ ᠤᠨ ᠠᠩᠭᠢ ᠶᠢ ᠡᠷᠬᠢᠯᠡᠪᠡ᠃ ᠲᠣᠰ ᠬᠤᠭᠤᠴᠠᠭᠠᠨ ᠤ ᠪᠣᠯᠪᠠᠰᠤᠷᠠᠯ ᠤᠨ ᠬᠤᠭᠤᠴᠠᠭ᠎ᠠ ᠨᠢ 33 ᠡᠳᠦᠷ᠂ ᠨᠡᠶᠢᠲᠡ 34 ᠬᠥᠮᠥᠨ ᠣᠷᠣᠯᠴᠠᠨ᠎ᠠ᠃
   ᠣᠨᠴᠠ ᠤᠷᠢᠭᠰᠠᠨ ᠭᠡᠷ ᠪᠦᠯᠢ ᠶᠢᠨ ᠦᠢᠯᠡᠴᠢᠯᠡᠭᠡᠨ ᠤ ᠪᠣᠯᠪᠠᠰᠤᠷᠠᠯ ᠤᠨ ᠯᠧᠺᠲ᠋ᠣᠷ ᠢᠶᠠᠷ ᠬᠢᠴᠢᠶᠡᠯᠯᠡᠬᠦ ᠶᠢ ᠪᠣᠯᠪᠠᠰᠤᠷᠠᠭᠤᠯᠤᠨ᠎ᠠ᠃ ᠪᠣᠯᠪᠠᠰᠤᠷᠠᠭᠤᠯᠤᠯ ᠢ ᠣᠨᠣᠯ ᠤᠨ ᠲᠠᠯ᠎ᠠ ᠪᠠᠷ ᠪᠣᠳᠠᠲᠠᠶᠢᠵᠢᠭᠤᠯᠬᠤ ᠬᠡᠪ ᠵᠠᠭᠪᠤᠷ ᠢᠶᠠᠷ ᠶᠠᠪᠤᠭᠳᠠᠭᠤᠯᠵᠤ᠂ ᠭᠤᠣᠯᠳᠠᠭᠤ ᠨᠢᠯᠬ᠎ᠠ ᠬᠡᠦᠬᠡᠳ ᠬᠥᠮᠥᠵᠢᠭᠦᠯᠦᠭᠴᠢ ᠶᠢᠨ ᠦᠶᠯᠡ ᠠᠵᠢᠯᠯᠠᠭ᠎ᠠ ᠶᠢᠨ ᠵᠢᠷᠤᠮᠵᠢᠯ᠂ ᠨᠢᠯᠬ᠎ᠠ ᠬᠡᠦᠬᠡᠳ ᠤᠨ ᠰᠡᠳᠬᠢᠴᠡ ᠵᠢᠴᠢ ᠹᠢᠽᠢᠣᠯᠣᠭᠢ ᠶᠢᠨ ᠪᠤᠶᠢᠵᠢᠯᠲᠠ ᠶᠢᠨ ᠵᠢᠮ᠎ᠡ ᠶᠣᠰᠣ᠂ ᠰᠢᠮ᠎ᠡ ᠲᠡᠵᠢᠭᠡᠯ ᠵᠢᠴᠢ ᠲᠤᠰᠠᠯᠠᠬᠤ ᠢᠳᠡᠭᠡᠨ ᠤ ᠨᠡᠮᠡᠯᠲᠡ᠂ ᠡᠳᠦᠷ ᠲᠤᠲᠤᠮ ᠤᠨ ᠡᠷᠡᠭᠦᠯᠵᠢᠯ ᠰᠤᠪᠢᠯᠠᠯᠲᠠ᠂ ᠬᠥᠳᠡᠯᠭᠡᠭᠡᠨ ᠤ ᠤᠷ᠎ᠠ ᠴᠢᠳᠠᠪᠤᠷᠢ ᠶᠢᠨ ᠪᠣᠯᠪᠠᠰᠤᠷᠠᠯ ᠵᠡᠷᠭᠡ ᠠᠭᠤᠯᠭ᠎ᠠ ᠶᠢᠨ ᠲᠣᠭᠤᠷᠢᠨ ᠳᠤ ᠬᠢᠴᠢᠶᠡᠯᠯᠡᠵᠦ᠂ ᠮᠠᠰᠢ ᠴᠢᠩᠭ᠎ᠠ ᠬᠡᠷᠡᠭᠯᠡᠭᠡᠨ ᠤ ᠴᠢᠨᠠᠷ ᠲᠠᠢ ᠪᠠᠶᠢᠳᠠᠭ᠃ ᠪᠣᠯᠪᠠᠰᠤᠷᠠᠭᠤᠯᠤᠯ ᠢᠶᠠᠷ ᠳᠡᠮᠵᠢᠨ᠂ ᠰᠤᠷᠤᠭᠴᠢᠳ ᠠᠵᠢᠯ ᠮᠡᠷᠭᠡᠵᠢᠯ ᠤᠨ ᠤᠷ᠎ᠠ ᠴᠢᠳᠠᠪᠤᠷᠢ ᠪᠠ ᠰᠠᠭᠤᠷᠢ ᠮᠡᠳᠡᠯᠭᠡ ᠶᠢ ᠠᠩᠬ᠎ᠠ ᠠᠯᠬᠤᠮ ᠡᠵᠡᠮᠰᠢᠬᠦ ᠪᠣᠯᠣᠨ᠎ᠠ᠃ ᠪᠣᠯᠪᠠᠰᠤᠷᠠᠯ ᠳᠠᠭᠤᠰᠤᠭᠰᠠᠨ ᠤ ᠳᠠᠷᠠᠭ᠎ᠠ᠂ ᠰᠢᠯᠭᠠᠯᠲᠠ ᠳᠤ ᠬᠢᠷᠢ ᠲᠡᠩᠴᠡᠭᠰᠡᠳ ᠲᠤ ᠨᠢᠯᠬ᠎ᠠ ᠬᠡᠦᠬᠡᠳ ᠠᠰᠠᠷᠠᠭᠴᠢ ᠶᠢᠨ ᠠᠵᠢᠯ ᠮᠡᠷᠭᠡᠵᠢᠯ ᠤᠨ ᠬᠢᠷᠢ ᠬᠡᠮ ᠤᠨ ᠦᠨᠡᠮᠯᠡᠯ ᠣᠯᠭᠤᠨ᠎ᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号