ᠡᠷᠢᠶᠡᠨ ᠬᠤᠲᠠ ᠶᠢᠨ ᠠᠩᠬᠠᠳᠠᠭᠴᠢ ᠴᠢᠰᠤ ᠲᠦᠯᠦᠵᠢᠭᠦᠯᠬᠦ ᠡᠰ ᠤᠨ ᠬᠠᠨᠳᠢᠪᠯᠡᠭ᠌ᠴᠢ ᠠᠮᠵᠢᠯᠲᠠ ᠲᠠᠢ ᠪᠠᠷ ᠬᠠᠨᠳᠢᠪᠯᠡᠪᠠ
ᠨᠡᠶᠢᠲᠡᠯᠡᠭᠰᠡᠨ ᠴᠠᠭ᠄
2022/4/6
         4  ᠰᠠᠷ᠎ᠠ ᠶᠢᠨ 1 ᠤ ᠡᠳᠦᠷ ᠤᠨ ᠦᠳᠡ ᠶᠢᠨ 12 ᠴᠠᠭ 18 ᠮᠢᠨᠦ᠋ᠲ ᠲᠤ᠂ 4 ᠴᠠᠭ ᠭᠠᠷᠤᠢ  ᠴᠢᠰᠤ ᠲᠦᠯᠦᠵᠢᠭᠦᠯᠬᠦ ᠡᠰ ᠴᠤᠭᠯᠠᠭᠤᠯᠬᠤ ᠪᠠᠷ ᠳᠡᠮᠵᠢᠨ᠂ ᠡᠷᠢᠶᠡᠨ ᠬᠤᠳᠠ ᠶᠢᠨ ᠰᠠᠶᠢᠨ ᠲᠤᠷᠠᠴᠢᠨ ᠵᠠᠩ ᠵᠢᠶᠦ᠋ᠨ 247 ᠮᠢᠯᠢᠯᠢᠲᠷ  ᠴᠢᠰᠤ ᠲᠦᠯᠦᠵᠢᠭᠦᠯᠬᠦ ᠡᠰ ᠤᠨ ᠬᠥᠪᠥᠮᠡᠯ ᠰᠢᠩᠭᠡᠨ ᠢ ᠠᠮᠵᠢᠯᠲᠠᠲᠠᠢ ᠬᠠᠨᠳᠢᠪᠯᠡᠵᠤ᠂ ᠥᠪᠡᠷᠲᠡᠭᠡᠨ ᠵᠠᠰᠠᠬᠤ ᠣᠷᠣᠨ ᠤ 125 ᠳ᠋ᠤᠭᠠᠷ  ᠵᠢᠱᠢᠶ᠎ᠡ᠂ ᠰᠢᠯᠢ ᠶᠢᠨ ᠭᠤᠣᠯ ᠠᠶᠢᠮᠠᠭ ᠤᠨ  ᠲᠤᠯᠤᠳᠤᠭᠠᠷ ᠵᠢᠱᠢᠶ᠎ᠡ᠂  ᠡᠷᠢᠶᠡᠨ ᠬᠤᠲᠠ ᠶᠢᠨ  ᠠᠩᠬᠠᠨ ᠤ ᠵᠢᠱᠢᠶ᠎ᠡ ᠠᠮᠵᠢᠯᠳᠠ ᠲᠠᠢ ᠴᠢᠰᠤ ᠲᠦᠯᠦᠵᠢᠭᠦᠯᠬᠦ ᠡᠰ  ᠬᠠᠨᠳᠢᠪᠯᠬᠠᠴᠢ ᠪᠤᠯᠤᠠᠠᠰᠡᠨ ᠪᠠᠶᠢᠨ᠎ᠠ᠃
         ᠴᠢᠰᠤ ᠲᠦᠯᠦᠵᠢᠭᠦᠯᠬᠦ ᠡᠰ  ᠴᠤᠠᠠᠯᠠᠭᠤᠯᠬᠤ ᠠᠵᠢᠯ ᠳᠠᠭᠤᠰᠤᠭᠰᠠᠨ ᠤ ᠳᠠᠷᠠᠭ᠎ᠠ᠂ ᠤᠨᠳᠤᠤ ᠨᠢᠭᠡ ᠴᠢᠰᠤᠨ ᠡᠪᠡᠳᠴᠢᠨ ᠲᠠᠢ ᠡᠪᠡᠳᠴᠢᠲᠡᠨ ᠤ ᠪᠡᠶ᠎ᠡ ᠳᠤ  ᠶᠠᠭᠦᠯᠡᠵᠦ᠂  ᠲᠠᠭᠦᠨ ᠳᠤ ᠠᠮᠢ ᠨᠠᠰᠤᠨ ᠤ  ᠭᠡᠷᠡᠯ ᠭᠡᠭᠡ ᠤᠯᠭᠤᠬᠤ ᠪᠤᠯᠤᠨ᠎ᠠ᠃       ᠵᠠᠩ ᠵᠢᠶᠦ᠋ᠨ ᠪᠣᠯ  ᠡᠷᠢᠶᠡᠨ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠠᠵᠢᠯᠲᠠᠨ᠂ ᠮᠥᠨ ᠴᠦ  ᠡᠷᠢᠶᠡᠨ ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ  ᠰᠠᠶᠢᠨ ᠲᠤᠷᠠᠴᠢᠨ ᠪᠤᠯᠤᠨ᠎ᠠ᠃ ᠬᠠᠷᠠᠬᠠᠨ ᠪᠠᠭ᠎ᠠ   ᠠᠴᠠ ᠪᠠᠨ ᠠᠪᠤ ᠡᠵᠢ ᠶᠢᠨ ᠢᠶᠠᠨ ᠨᠥᠯᠥᠭᠡ   ᠶᠢ ᠬᠦᠷᠲᠡᠵᠦ᠂ ᠦᠨᠡᠨᠴᠢ ᠴᠠᠭᠠᠪᠤᠷ᠂ ᠪᠤᠰᠤᠳ   ᠢ ᠲᠤᠰᠠᠯᠠᠬᠤ ᠳᠤᠷᠠᠲᠠᠢ  ᠃ ᠬᠢᠵᠢᠭ ᠤᠨ ᠪᠠᠶᠢᠳᠠᠯ ᠤᠨ ᠬᠤᠭᠤᠴᠠᠭᠠᠨ ᠳᠤ᠂ ᠲᠡᠷᠡ ᠠᠮᠠᠷᠠᠯᠲᠠ ᠶᠢᠨ ᠬᠤᠭᠤᠴᠠᠭ᠎ᠠ ᠪᠠᠨ  ᠤᠮᠠᠷᠳᠠᠵᠦ  ᠂ ᠰᠠᠨᠠᠭᠠᠴᠢᠯᠠᠭ᠎ᠠ ᠠᠴᠠ ᠪᠠᠨ ᠰᠥᠨᠢ  ᠪᠠᠷ ᠵᠢᠵᠢᠭᠦᠷᠯᠡᠨ  ᠂ ᠬᠢᠵᠢᠭ ᠤᠨ ᠪᠠᠶᠢᠳᠠᠯ ᠢ  ᠡᠵᠡᠮᠳᠡᠬᠦ  ᠤᠳᠤᠭ᠎ᠠ ᠦᠭᠡᠢ  ᠲᠠᠶᠢᠨ ᠤ ᠡᠮᠤᠨ᠎ᠡ ᠭᠠᠪᠰᠢᠭᠠᠶᠢᠯᠠᠪᠠ᠃
        2018 ᠣᠨ ᠳᠤ᠂ ᠵᠠᠩ ᠵᠢᠶᠦ᠋ᠨ  ᠡᠷᠢᠶᠡᠨ ᠬᠤᠲᠠ ᠶᠢᠨ  ᠳᠤᠮᠳᠠᠳᠤ ᠶᠢᠨ ᠴᠢᠮᠦᠭᠡᠨ ᠬᠥᠮᠥᠷᠭᠡ ᠵᠢᠨ‌‍ᠴᠢᠰᠤ ᠲᠦᠯᠦᠵᠢᠭᠦᠯᠬᠦ ᠡᠰ ᠬᠠᠨᠳᠢᠪᠯᠠᠬᠤ ᠰᠠᠶᠢᠨ  ᠲᠤᠷᠠᠴᠢᠨ ᠪᠣᠯᠪᠠ᠃ ᠡᠨᠡ ᠵᠢᠯ ᠤᠨ 2 ᠰᠠᠷ᠎ᠠ   ᠶᠢᠨ 8 ᠤ ᠡᠳᠦᠷ᠂  ᠲᠡᠷᠡ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠤᠲᠠᠰᠤ   ᠶᠢ  ᠲᠤᠰᠴᠤ᠂  ᠦᠪᠡᠷ ᠤᠨ ᠬᠢᠨᠢ ᠴᠢᠰᠤᠨ  ᠤ ᠬᠡᠯᠪᠡᠷᠢ  ᠨᠢᠭᠡᠨ ᠡᠪᠡᠳᠴᠢᠳᠡᠨ ᠤ ᠴᠢᠰᠦᠨ ᠤ ᠬᠡᠯᠪᠡᠷᠢ ᠲᠠᠢ ᠠᠩᠬ᠎ᠠ ᠠᠯᠬᠤᠮ ᠲᠤᠬᠢᠷᠬᠠᠰᠡᠨ ᠢ ᠮᠡᠳᠡᠭᠡᠳ  ᠰᠡᠳᠬᠢᠯ ᠬᠥᠳᠡᠯᠵᠡᠢ᠂ ᠡᠩ ᠤᠨ ᠪᠠᠶᠢᠳᠠᠯ ᠳᠤ ᠴᠢᠰᠤᠨ ᠲᠥᠷᠥᠯ ᠤᠨ ᠪᠤᠰᠤ ᠬᠠᠷᠢᠴᠠᠭ᠎ᠠ   ᠶᠢᠨ ᠬᠡᠯᠪᠡᠷᠢ   ᠶᠢᠨ ᠲᠣᠬᠢᠷᠠᠭᠤᠯᠤᠯᠲᠠ   ᠶᠢᠨ ᠠᠮᠵᠢᠯᠲᠠ ᠣᠯᠬᠤ  ᠨᠤᠷᠮ᠎ᠠ ᠨᠢ ᠠᠷᠪᠠᠨ ᠲᠦᠮᠡᠨ  ᠤ ᠨᠢᠭᠡ ᠯᠡ  ᠬᠤᠪᠢ ᠪᠠᠶᠢᠵᠤ᠂ ᠣᠯᠳᠠᠬᠤᠶ᠎ᠠ ᠪᠡᠷᠬᠡ  ᠶᠤᠮ᠃ ᠭᠡᠷ ᠤᠨ ᠬᠥᠮᠥᠰ ᠤᠨ ᠢᠶᠠᠨ ᠳᠡᠮᠵᠢᠯᠭᠡ ᠪᠠᠷ᠂ ᠵᠠᠩ ᠵᠢᠶᠦ᠋ᠨ ᠲᠡᠷᠡ ᠳᠠᠷᠤᠢ ᠳᠤᠨᠢ ᠵᠥᠪᠰᠢᠶᠡᠷᠡᠯ ᠤᠨ ᠪᠢᠴᠢᠭ ᠲᠤ ᠭᠠᠷ ᠤᠨ ᠦᠰᠦᠭ ᠵᠢᠷᠤᠪᠠ᠃ ᠳᠠᠷᠠᠭ᠎ᠠ  ᠳᠤ ᠨᠢ᠂  ᠬᠡᠯᠪᠡᠷᠢ ᠶᠠᠩᠵᠦ ᠶᠢᠨ ᠠᠩᠬᠢᠯᠠᠯ᠂ ᠪᠡᠶ᠎ᠡ ᠶᠢᠨ ᠪᠠᠶᠢᠴᠠᠭᠠᠯᠲᠠ ᠬᠢᠬᠦ  ᠪᠠᠷ ᠳᠡᠮᠵᠢᠨ ᠬᠠᠨᠳᠢᠪᠯᠡᠬᠤ  ᠲᠥᠯᠥᠪᠯᠡᠭᠡ  ᠪᠠᠨ ᠲᠣᠭᠲᠠᠭᠠᠵᠤ᠂  ᠴᠢᠰᠤ ᠲᠦᠯᠦᠵᠢᠭᠦᠯᠬᠦ ᠡᠰ ᠴᠤᠭᠯᠠᠭᠤᠯᠬᠤ ᠮᠡᠳᠡᠭᠳᠡᠯ  ᠪᠠᠨ ᠬᠦᠯᠢᠶᠡᠪᠡ᠃
      ᠬᠢᠵᠢᠭ ᠤᠨ ᠪᠠᠶᠢᠳᠠᠯ ᠤᠨ ᠨᠦᠯᠦᠭᠡᠯᠡᠯ ᠢᠶᠠᠷ᠂ ᠬᠥᠮᠥᠰ ᠤᠨ ᠶᠠᠪᠤᠯᠴᠠᠭ᠎ᠠ ᠬᠢᠵᠠᠭᠠᠷᠯᠠᠭᠳᠠᠵᠤ᠂ ᠬᠠᠨᠳᠢᠪᠯᠡᠬᠤ ᠠᠵᠢᠯ ᠳᠤ ᠳᠥᠭᠦᠮ ᠦᠭᠡᠢ ᠪᠠᠶᠢᠳᠠᠯ ᠢ ᠠᠪᠴᠢᠷᠠᠵᠤ᠂ ᠬᠠᠮᠤᠭ ᠠᠩᠬᠠᠨ ᠤ ᠲᠣᠭᠲᠠᠭᠠᠭᠰᠠᠨ ᠭᠤᠷᠪᠠᠨ ᠰᠠᠷ᠎ᠠ ᠶᠢᠨ ᠳᠤᠮᠳᠠᠴᠢ ᠪᠠᠷ ᠬᠠᠨᠳᠢᠪᠯᠡᠬᠤ ᠲᠥᠯᠥᠪᠯᠡᠭᠡ‌‍ᠴᠦ   ᠬᠤᠶᠢᠰᠢᠯᠠᠭᠤᠯᠤᠠᠠᠳᠠᠵᠠᠢ᠃  ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ  ᠪᠠᠷ᠂ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠭᠠᠵᠠᠷ ᠣᠷᠣᠨ ᠤ ᠬᠢᠵᠢᠭ ᠢ ᠰᠡᠷᠭᠡᠶᠢᠯᠡᠬᠦ ᠲᠥᠷᠥ ᠶᠢᠨ ᠪᠣᠳᠣᠯᠭ᠎ᠠ ᠶᠢ ᠨᠠᠷᠢᠨ ᠣᠶᠢᠯᠠᠭᠠᠵᠤ᠂ ᠡᠯ᠎ᠡ ᠲᠠᠯ᠎ᠠ ᠶᠢᠨ  ᠨᠦᠬᠦᠴᠡᠯ  ᠢ  ᠪᠣᠳᠣᠯᠬᠢᠯᠠᠵᠤ᠂ ᠶᠡᠷᠦᠩᠬᠡᠶᠢᠯᠡᠨ ᠵᠣᠬᠢᠴᠠᠭᠤᠯᠤᠭᠰᠠᠨ ᠤ ᠳᠠᠷᠠᠭ᠎ᠠ᠂ ᠬᠠᠮᠤᠭ ᠡᠴᠦᠰ ᠲᠤ 3 ᠰᠠᠷ᠎ᠠ ᠶᠢᠨ 27 ᠤ ᠡᠳᠦᠷ  ᠡᠷᠢᠶᠡᠨ ᠬᠤᠳᠠ ᠵᠢᠨ‌ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠰᠠᠶᠢᠨ  ᠲᠤᠷᠠᠴᠢᠨ ᠲᠠᠢ  ᠬᠠᠮᠳᠦ ᠵᠠᠩ ᠵᠢᠶᠦ᠋ᠨ ᠬᠥᠬᠡᠬᠤᠲᠠ ᠳᠤ ᠬᠦᠷᠴᠦ ᠬᠠᠨᠳᠢᠪᠯᠡᠬᠤ ᠪᠠᠷ ᠲᠣᠭᠲᠠᠪᠠ᠃           ᠲᠤᠬᠠᠢ ᠶᠢᠨ ᠡᠳᠦᠷ᠂ ᠴᠢᠰᠤ ᠲᠦᠯᠦᠵᠢᠭᠦᠯᠬᠦ ᠡᠰ ᠴᠤᠭᠯᠠᠭᠤᠯᠤᠭᠠᠳ ᠠᠮᠵᠢᠯᠲᠠ ᠣᠯᠣᠭᠰᠠᠨ ᠤ ᠳᠠᠷᠠᠭ᠎ᠠ᠂  ᠡᠷᠢᠶᠡᠨ ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠠᠵᠢᠯᠲᠠᠨ ᠵᠠᠩ ᠵᠢᠶᠦ᠋ᠨ ᠳᠤ  ᠲᠡᠭᠦᠨ ᠤ ᠬᠠᠨᠳᠢᠪ ᠢ ᠬᠦᠷᠳᠡᠭᠰᠡᠨ ᠬᠦᠮᠦᠨ ᠤ ᠲᠠᠯᠠᠷᠬᠠᠯ ᠤᠨ ᠵᠠᠬᠢᠳᠠᠯ ᠢ  ᠭᠠᠷᠳᠠᠭᠤᠯᠪᠠ᠂ ︽ᠲᠠ ᠪᠣᠯ ᠮᠢᠨᠤ ᠬᠡᠦᠬᠡᠳ ᠤᠨ ᠠᠮᠢ ᠶᠢ ᠠᠪᠤᠷᠠᠭᠰᠠᠨ ᠠᠴᠢᠲᠠᠨ ᠮᠥᠨ᠂ ᠮᠠᠨ ᠤ  ᠭᠡᠷ  ᠪᠦᠯᠢ ᠬᠠᠮᠤᠭ ᠬᠦᠴᠢᠷᠳᠡᠯ ᠲᠠᠢ ᠦᠶ᠎ᠡ ᠳᠤ  ᠲᠠ ᠪᠢᠳᠡᠨ ᠳᠤ  ᠭᠡᠷᠡᠯ ᠭᠡᠭᠡ ᠶᠢ ᠠᠪᠴᠢᠷᠠᠵᠤ ᠥᠭᠭᠦᠭᠰᠡᠨ ᠶᠤᠮ᠃ ᠲᠠ ᠪᠣᠯ ᠮᠢᠨᠤ ᠰᠡᠳᠬᠢᠯ ᠳᠤ ᠪᠠᠭᠠᠲᠤᠷ ᠮᠥᠨ᠂ ᠲᠠ ᠮᠢᠨᠤ ᠬᠦᠦ ᠳᠤ ᠬᠤᠶᠠᠳᠠᠭᠢ ᠠᠮᠢ ᠨᠠᠰᠤ ᠶᠢ  ᠤᠯᠭᠤᠯ᠎ᠠ᠂ ᠡᠭᠦᠨ ᠠᠴᠠ ᠬᠤᠶᠢᠰᠢ ᠲᠡᠭᠦᠨ ᠤ ᠪᠡᠶ᠎ᠡ  ᠳᠤ ᠴᠢᠨᠦ ᠴᠢᠰᠤ  ᠤᠷᠤᠰᠤᠨ᠎ᠠ᠂  ᠲᠡᠷᠡ ᠴᠤ ᠪᠠᠰᠠ ᠲᠠᠨ ᠤ ᠬᠡᠦᠬᠡᠳ  ᠠᠳᠠᠯᠢ︾ ᠭᠡᠵᠦ  ᠪᠢᠴᠢᠭᠰᠡᠨ ᠪᠠᠶᠢᠪᠠ᠃  ᠡᠯ᠎ᠡ ᠵᠤᠶᠢᠯ ᠤᠨ ᠰᠢᠯᠳᠠᠭᠠᠨ ᠠᠴᠠ᠂  ᠪᠢᠳᠡ ᠲᠤᠰᠠᠯᠠᠮᠵᠢ   ᠬᠦᠷᠳᠡᠭᠡᠭᠴᠢ ᠶᠢᠨ ᠪᠣᠳᠠᠲᠠᠢ ᠪᠡᠶ᠎ᠡ ᠶᠢᠨ ᠭᠠᠷᠤᠯ ᠢ ᠣᠯᠵᠤ ᠮᠡᠳᠡᠬᠦ ᠶᠢᠨ ᠠᠷᠭ᠎ᠠ ᠦᠭᠡᠢ ᠶᠤᠮ᠃ ᠭᠡᠲᠡᠯ᠎ᠡ ᠶᠡᠭᠡ ᠬᠠᠶᠢᠷ᠎ᠠ ᠨᠢ ᠴᠢᠰᠤ ᠮᠢᠬᠠᠨ ᠤ ᠪᠠᠷᠢᠯᠳᠤᠯᠭ᠎ᠠ ᠲᠠᠢ ᠪᠠᠶᠢᠵᠤ᠂ ᠵᠠᠩ ᠵᠢᠶᠦ᠋ᠨ ᠬᠡᠳᠦᠶᠢᠪᠡᠷ   ᠨᠢᠭᠤᠷ ᠵᠣᠯᠭᠠᠭᠰᠠᠨ ᠦᠭᠡᠢ ᠪᠣᠯᠪᠠᠴᠤ ᠶᠡᠭᠡ ᠬᠠᠶᠢᠷ᠎ᠠ ᠪᠠᠷ ᠨᠦᠬᠦᠭᠡ ᠡᠲᠡᠭᠡᠳ  ᠲᠤ ᠪᠠᠨ ᠬᠠᠶᠢᠷ᠎ᠠ ᠬᠠᠯᠠᠮᠵᠢ   ᠬᠦᠷᠳᠡᠭᠡᠯ᠎ᠡ᠂ ᠵᠠᠩ ᠵᠢᠶᠦ᠋ᠨ ᠥᠪᠡᠷ ᠤᠨ ᠦᠢᠯᠡ ᠠᠵᠢᠯᠯᠠᠭ᠎ᠠ ᠪᠠᠷ ᠢᠶᠠᠨ ︽ᠬᠥᠮᠦᠯᠢᠭ ᠶᠣᠰᠣ᠂ ᠲᠦᠭᠡᠮᠡᠯ ᠬᠠᠶᠢᠷ᠎ᠠ᠂ ᠬᠤᠪᠢ ᠨᠡᠮᠡᠷᠢ ᠦᠵᠡᠭᠦᠯᠬᠦ︾ ᠤᠯᠠᠭᠠᠨ ᠵᠠᠭᠠᠯᠮᠠᠶᠢᠳᠠᠨ ᠤ ᠵᠣᠷᠢᠭ ᠰᠠᠨᠠᠭ᠎ᠠ ᠶᠢ  ᠬᠠᠷᠠᠭᠤᠯᠤᠠᠠᠰᠡᠨ ᠢᠶᠠᠷ ᠪᠠᠷᠠᠬᠤ ᠦᠭᠡᠢ᠂ ᠨᠡᠩ ᠴᠤ ᠰᠢᠨ᠎ᠡ ᠴᠠᠭ ᠦᠶ᠎ᠡ ᠶᠢᠨ ᠪᠣᠭᠤᠮᠲᠠ ᠶᠢᠨ ᠵᠠᠯᠠᠭᠤᠴᠤᠳ ᠤᠨ ᠨᠡᠶᠢᠲᠡ ᠶᠢᠨ ᠠᠰᠠᠷᠠᠮᠵᠢ ᠶᠢᠨ ᠦᠢᠯᠡᠰ ᠲᠤ ᠬᠤᠪᠢ ᠨᠡᠮᠡᠷᠢ ᠦᠵᠡᠭᠦᠯᠬᠦ ᠡᠷᠬᠢᠮ ᠳᠡᠭᠡᠳᠦ ᠵᠠᠩ ᠮᠣᠷᠠᠯ  ᠪᠣᠯᠣᠨ ᠨᠡᠶᠢᠭᠡᠮ ᠤᠨ ᠡᠭᠦᠷᠭᠡᠯᠡᠯ ᠢ ᠬᠠᠷᠠᠭᠤᠯᠵᠠᠢ᠃           ᠣᠶᠢᠯᠠᠭᠠᠭᠰᠠᠨ ᠢᠶᠠᠷ᠂  ᠴᠢᠰᠤ ᠲᠦᠯᠦᠵᠢᠭᠦᠯᠬᠦ ᠡᠰ  ᠪᠣᠯ ᠪᠣᠶ ᠪᠦᠬᠦᠢ ᠴᠢᠰᠤ ᠲᠦᠯᠦᠵᠢᠭᠦᠯᠬᠦ ᠡᠰ  ᠪᠠ ᠡᠭᠡᠯᠢᠯᠡᠭᠡ ᠶᠢᠨ ᠡᠰ ᠤᠨ ᠡᠭᠦᠰᠦᠯ ᠡᠰ ᠮᠥᠨ᠂ ᠲᠡᠷᠡ ᠨᠢ ᠥᠪᠡᠷ ᠢ ᠪᠠᠨ ᠰᠢᠨᠡᠳᠬᠡᠵᠦ᠂ ᠣᠯᠠᠨ ᠴᠢᠭᠯᠡᠯ ᠢᠶᠠᠷ ᠵᠠᠳᠠᠷᠠᠳᠠᠭ᠃ ᠴᠢᠰᠤ ᠲᠦᠯᠦᠵᠢᠭᠦᠯᠬᠦ ᠡᠰ  ᠢᠶᠠᠨ ᠬᠠᠨᠳᠢᠪᠯᠡᠬᠤ ᠨᠢ ᠴᠢᠰᠤ ᠬᠠᠨᠳᠢᠪᠯᠡᠬᠤ ᠲᠠᠢ ᠠᠳᠠᠯᠢ ᠪᠠᠷ ᠬᠠᠨᠳᠢᠪᠯᠡᠭ᠌ᠴᠢ ᠶᠢᠨ ᠪᠡᠶ᠎ᠡ ᠮᠠᠬᠠᠪᠤᠳ ᠲᠤ ᠮᠠᠭᠤ ᠨᠥᠯᠥᠭᠡ  ᠦᠭᠡᠢ᠂ ᠬᠠᠨᠳᠢᠪᠯᠡᠭ᠌ᠰᠠᠨ ᠤ ᠳᠠᠷᠠᠭ᠎ᠠ ᠨᠢᠭᠡ ᠠᠴᠠ ᠬᠤᠶᠠᠷ ᠭᠠᠷᠠᠭ ᠤᠨ ᠳᠣᠲᠣᠷ᠎ᠠ ᠴᠢᠰᠤᠨ ᠳᠣᠲᠣᠷᠠᠬᠢ ᠡᠯ᠎ᠡ ᠵᠦᠢᠯ ᠤᠨ ᠴᠢᠰᠤᠨ ᠤ ᠡᠰ ᠨᠢ ᠤᠤᠯ ᠤᠨ ᠲᠦᠪᠰᠢᠨ ᠳᠡᠭᠡᠨ ᠬᠦᠷᠴᠦ ᠲᠠᠶᠢᠯᠤᠨ᠎ᠠ᠃ ᠴᠢᠰᠤ ᠲᠦᠯᠦᠵᠢᠭᠦᠯᠬᠦ ᠡᠰ ᠢ ᠰᠢᠯᠵᠢᠭᠦᠯᠦᠨ ᠤᠷᠭᠤᠭᠤᠯᠬᠤ ᠪᠣᠯ ᠴᠢᠰᠤ ᠴᠠᠶᠢᠬᠤ ᠡᠪᠡᠳᠴᠢᠨ᠂  ᠴᠢᠰᠤ ᠳᠤᠲᠠᠬᠤ ᠵᠡᠷᠭᠡ ᠴᠢᠰᠤ ᠲᠦᠯᠦᠵᠢᠭᠦ ᠵᠢᠴᠢ ᠦᠯᠦ ᠬᠠᠯᠳᠠᠭᠠᠬᠤ ᠰᠢᠰᠲ᠋ᠧᠮ ᠤᠨ ᠠᠵᠢᠯᠯᠠᠭ᠎ᠠ ᠶᠢᠨ ᠰᠠᠭᠠᠲᠠᠯ ᠤᠨ ᠴᠢᠨᠠᠷᠲᠠᠢ ᠡᠪᠡᠳᠴᠢᠨ ᠢ ᠡᠮᠨᠡᠨ ᠵᠠᠰᠠᠬᠤ ᠪᠦᠲᠦᠮᠵᠢᠲᠡᠶ ᠠᠷᠭ᠎ᠠ ᠪᠠᠷᠢᠯ ᠪᠣᠯᠣᠨ᠎ᠠ᠃ ᠠᠳᠡ ᠪᠢᠳᠡ  ᠨᠠᠩ ᠣᠯᠠᠨ ᠬᠠᠯᠠᠭᠤᠨ ᠰᠡᠳᠬᠢᠯᠲᠦ ᠬᠥᠮᠥᠰ ᠤᠨ ᠴᠢᠰᠤ ᠲᠦᠯᠦᠵᠢᠭᠦᠯᠬᠦ ᠡᠰ  ᠤᠨ ᠰᠠᠶᠢᠨ  ᠲᠤᠷᠠᠴᠢᠨ ᠤ ᠡᠩᠨᠡᠭᠡᠨ ᠳᠤ ᠣᠷᠣᠵᠤ᠂    ᠨᠠᠩ ᠤᠯᠠᠨ ᠠᠮᠢ  ᠨᠠᠰᠤᠨ ᠳᠤ ᠭᠡᠷᠡᠯ ᠭᠡᠭᠡ ᠤᠯᠭᠤᠵᠦ᠂ ᠨᠠᠩ ᠣᠯᠠᠨ ᠡᠪᠡᠳᠴᠢᠲᠡᠨ ᠳᠤ ︽ᠬᠠᠶᠢᠷ᠎ᠠ ᠶᠢᠨ ᠰᠠᠶᠢᠨ ᠰᠠᠶᠢᠬᠠᠨ︾ ᠢ ᠡᠳ᠋ᠯᠡᠭᠦᠯᠬᠦ ᠶᠢ ᠬᠦᠰᠡᠵᠦ ᠪᠠᠶᠢᠨ᠎ᠠ︕
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号