ᠬᠠᠩᠰᠢ ᠶᠢᠨ ᠡᠳᠦᠷ ︽ᠡᠷᠢᠶᠡᠨ ᠬᠤᠲᠠ ᠶᠢᠨ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠥᠷᠲᠡᠭᠡ ︽ᠦᠷᠡᠭᠳᠡᠭᠰᠡᠨ ᠪᠠᠭᠠᠲᠤᠷᠴᠤᠳ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠬᠤᠪᠢᠰᠬᠠᠯ ᠤᠨ ᠤᠳᠤᠮᠰᠢᠯ ᠢ ᠤᠯᠠᠮᠵᠢᠯᠠᠨ ᠵᠠᠯᠭᠠᠮᠵᠢᠯᠠᠬᠤ︾ ᠭᠤᠣᠯ ᠰᠡᠳᠦᠪᠲᠦ ᠳᠤᠷᠠᠰᠬᠠᠯ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/4/6
    ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠠᠭᠤᠤ ᠭᠠᠪᠢᠶ᠎ᠠ ᠠᠤᠭ᠎ᠠ ᠵᠢᠳᠬᠦᠯ ᠢ ᠳᠤᠷᠠᠰᠤᠨ ᠰᠠᠨᠠᠭᠠᠯᠵᠠᠵᠤ᠂ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠲᠤ ᠬᠢᠵᠠᠭᠠᠯᠠᠰᠢ ᠦᠭᠡᠢ ᠭᠠᠰᠢᠭᠤᠳᠠᠯ ᠢᠶᠠᠨ ᠢᠯᠡᠳᠬᠡᠬᠦ ᠶᠢᠨ  ᠳᠣᠯᠠᠳᠠ᠂ 4 ᠰᠠᠷ᠎ᠠ ᠶᠢᠨ 1  ᠤ ᠡᠳᠦᠷ᠂ ᠡᠷᠢᠶᠡᠨ ᠤ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠦᠷᠳᠡᠭᠡ ᠠᠷᠠᠳ ᠤᠨ ᠴᠠᠭᠳᠠᠭ᠎ᠠ ᠶᠢ ᠵᠣᠬᠢᠶᠠᠨ ᠪᠠᠶᠢᠭᠤᠯᠵᠤ ︽ᠦᠷᠡᠭᠳᠡᠭᠰᠡᠨ ᠪᠠᠭᠠᠲᠤᠷᠴᠤᠳ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠬᠤᠪᠢᠰᠬᠠᠯ ᠤᠨ ᠣᠳᠣᠮᠰᠢᠯ ᠢ ᠤᠯᠠᠮᠵᠢᠯᠠᠬᠤ︾ ᠭᠤᠣᠯ ᠰᠡᠳᠦᠪᠲᠦ ᠳᠤᠷᠠᠰᠬᠠᠬᠤ ᠠᠵᠢᠯᠯᠠᠭ᠎ᠠ ᠥᠷᠨᠢᠭᠦᠯᠪᠡ
    ᠬᠢᠯᠢ ᠶᠢᠨ ᠪᠠᠶᠢᠴᠠᠭᠠᠬᠤ ᠥᠷᠲᠡᠭᠡᠨ ᠤ ᠠᠷᠠᠳ ᠤᠨ ᠴᠠᠭᠳᠠᠭ᠎ᠠ ᠨᠠᠷ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠢ ᠬᠢᠵᠠᠭᠠᠯᠠᠰᠢ ᠦᠭᠡᠢ ᠬᠦᠨᠳᠦᠳᠬᠡᠨ ᠪᠢᠰᠢᠷᠡᠬᠦ ᠪᠠ ᠳᠤᠷᠠᠰᠤᠨ ᠰᠠᠨᠠᠭᠠᠯᠵᠠᠬᠤ ᠰᠡᠳᠬᠢᠯᠭᠡ ᠪᠠᠷ ᠳᠤᠷᠠᠰᠬᠠᠯ ᠤᠨ ᠬᠥᠰᠢᠶ᠎ᠡ ᠶᠢᠨ ᠡᠮᠦᠨ᠎ᠡ ᠲᠡᠷᠢ ᠲᠡᠭᠰᠢ ᠮᠥᠷᠯᠡᠨ ᠵᠢᠭᠰᠠᠪᠠ᠃ ᠰᠦᠷ ᠵᠢᠪᠬᠤᠯᠠᠩᠲᠤ ᠬᠦᠭ ᠠᠶᠠᠰ ᠴᠤᠤᠷᠢᠶᠠᠲᠤᠬᠤ ᠶᠢ ᠳᠠᠭᠠᠯᠳᠤᠨ᠂ ᠤᠯᠠᠨ ᠢᠶᠠᠷ ᠢᠶᠠᠨ ᠤᠯᠤᠰ ᠤᠨ ᠰᠦᠯᠳᠡ ᠳᠠᠭᠤᠤ ᠶᠢ ᠬᠠᠩᠭᠢᠨᠠᠲᠠᠯ᠎ᠠ ᠳᠠᠭᠤᠯᠠᠬᠤ ᠶᠢᠨ ᠬᠠᠮᠲᠤ ᠦᠷᠡᠭᠳᠡᠭᠰᠡᠨ ᠪᠠᠭᠠᠲᠤᠷᠴᠤᠳ ᠲᠤ ᠴᠡᠴᠡᠭᠲᠦ ᠰᠠᠭᠰᠤ ᠬᠦᠷᠭᠡᠪᠡ᠃ ᠳᠠᠷᠠᠭ᠎ᠠ ᠳᠤᠨᠢ᠂ ᠠᠷᠠᠳ ᠤᠨ ᠴᠠᠭᠳᠠᠭ᠎ᠠ ᠨᠠᠷ ᠲᠣᠭᠤᠷᠢᠨ ᠶᠠᠪᠤᠵᠤ ᠳᠤᠷᠠᠰᠬᠠᠯ ᠤᠨ ᠬᠥᠰᠢᠶ᠎ᠡ ᠶᠢ ᠪᠠᠷᠠᠳᠠᠬᠤ ᠶᠢᠨ ᠬᠠᠮᠲᠤ ᠮᠠᠯᠠᠭᠠᠢ ᠪᠠᠨ ᠠᠪᠴᠤ ᠬᠢᠴᠢᠶᠡᠩᠭᠦᠶᠢᠯᠡᠨ ᠵᠣᠭᠰᠣᠵᠤ᠂ ᠦᠷᠡᠭᠳᠡᠭᠰᠡᠨ ᠪᠠᠭᠠᠲᠤᠷᠴᠤᠳ ᠲᠤ ᠮᠡᠬᠦᠶᠢᠨ ᠶᠣᠰᠣᠯᠠᠪᠠ᠃
    ᠲᠣᠰ ᠤᠳᠠᠭᠠᠨ ᠤ ᠳᠤᠷᠠᠰᠬᠠᠬᠤ ᠠᠵᠢᠯᠯᠠᠭ᠎ᠠ ᠶᠢ ᠥᠷᠨᠢᠭᠦᠯᠬᠦ ᠨᠢ ᠪᠥᠬᠦ ᠠᠷᠠᠳ ᠤᠨ ᠴᠠᠭᠳᠠᠭ᠎ᠠ ᠶᠢᠨ ᠦᠵᠡᠯ ᠰᠠᠨᠠᠭᠠᠨ ᠤ ᠲᠠᠯ᠎ᠠ ᠪᠠᠷ ᠬᠢ ᠥᠪᠡᠷ ᠢ ᠪᠠᠨ ᠳᠡᠭᠡᠭᠰᠢᠯᠡᠭᠦᠯᠬᠦ ᠪᠠ ᠭᠦᠨᠵᠡᠭᠡᠢ ᠤᠬᠢᠶᠠᠯ ᠪᠣᠯᠬᠤ ᠪᠠᠷ ᠪᠠᠷᠠᠬᠤ ᠦᠭᠡᠢ᠂ ᠨᠠᠩ ᠴᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠢ ᠥᠷᠨᠢᠭᠦᠯᠬᠦ᠂ ᠴᠠᠭᠳᠠᠭ᠎ᠠ ᠶᠢ ᠬᠦᠴᠦᠷᠬᠡᠭᠵᠢᠭᠦᠯᠵᠦ ᠴᠠᠭᠳᠠᠭ᠎ᠠ ᠶᠢ ᠮᠠᠨᠳᠤᠭᠤᠯᠬᠤ ᠵᠣᠷᠢᠭ ᠰᠠᠨᠠᠭ᠎ᠠ ᠬᠦᠴᠦᠨ ᠴᠢᠳᠠᠯ ᠢ ᠨᠢᠭᠲᠠᠷᠠᠭᠤᠯᠬᠤ ᠴᠢᠬᠤᠯᠠ ᠬᠢᠴᠢᠶᠡᠯ ᠪᠣᠯᠬᠤ ᠶᠤᠮ᠃ ᠠᠷᠠᠳ ᠤᠨ ᠴᠠᠭᠳᠠᠭ᠎ᠠ ᠨᠠᠷ᠄ ᠰᠢᠨ᠎ᠡ ᠴᠠᠭ ᠦᠶ᠎ᠡ ᠶᠢᠨ ᠨᠡᠭᠦᠳᠡᠯ ᠠᠷᠠᠳ ᠤᠨ ᠬᠠᠮᠢᠶᠠᠷᠤᠯᠲᠠ ᠶᠢᠨ ᠴᠠᠭᠳᠠᠭ᠎ᠠ ᠪᠣᠯᠣᠭᠰᠠᠨ ᠤ ᠬᠤᠪᠢ ᠳᠤ᠂ ᠰᠢ ᠶᠢᠨ ᠫᠢᠩ ᠶᠡᠷᠦᠩᠬᠡᠢ ᠱᠦᠵᠢ ᠶᠢᠨ ᠦᠷᠡᠭᠳᠡᠭᠰᠡᠨ ᠪᠠᠭᠠᠲᠤᠷᠴᠤᠳ ᠤᠨ ᠵᠣᠷᠢᠭ ᠰᠠᠨᠠᠭ᠎ᠠ ᠶᠢ ᠪᠠᠳᠠᠷᠠᠭᠤᠯᠵᠤ ᠂ ᠬᠤᠪᠢᠰᠬᠠᠯ ᠤᠨ ᠣᠳᠣᠮᠰᠢᠯ  ᠢ ᠤᠯᠠᠮᠵᠢᠯᠠᠨ ᠵᠠᠯᠭᠠᠮᠵᠢᠯᠠᠬᠤ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠡᠭᠦᠷᠢᠳᠡ ᠰᠢᠨᠲᠠᠷᠠᠰᠢ ᠦᠭᠡᠢ ᠵᠣᠷᠢᠭ ᠰᠠᠨᠠᠭᠠᠨ ᠤ ᠳᠦᠷᠰᠦ ᠪᠠᠶᠢᠳᠠᠯ ᠪᠣᠯᠣᠨ ᠴᠤᠴᠠᠯᠲᠠ ᠦᠭᠡᠢ ᠤᠷᠤᠭᠰᠢᠯᠠᠬᠤ ᠲᠡᠮᠡᠴᠡᠯ ᠤᠨ ᠳᠦᠷᠰᠦ ᠪᠠᠶᠢᠳᠠᠯ ᠢᠶᠠᠷ ᠰᠢᠨ᠎ᠡ ᠴᠠᠭ ᠦᠶ᠎ᠡ ᠶᠢᠨ ᠨᠡᠭᠦᠳᠡᠯ ᠠᠷᠠᠳ ᠤᠨ ᠬᠠᠮᠢᠶᠠᠷᠤᠯᠲᠠ ᠶᠢᠨ ᠦᠢᠯᠡᠰ ᠲᠤ ᠣᠷᠣᠯᠴᠠᠵᠤ᠂ ᠤᠯᠤᠰ ᠤᠨ ᠠᠮᠤᠷ ᠲᠦᠪᠰᠢᠨ ᠪᠣᠯᠣᠨ ᠪᠣᠭᠤᠮᠲᠠ ᠶᠢᠨ ᠲᠣᠭᠲᠠᠭᠤᠨ ᠢ ᠬᠠᠮᠠᠭᠠᠯᠠᠬᠤ᠂ ᠭᠠᠳᠠᠭᠠᠳᠤ ᠨᠡᠭᠡᠭᠡᠯᠲᠡ ᠪᠣᠯᠣᠨ ᠠᠵᠤ ᠠᠬᠤᠢ ᠶᠢᠨ ᠬᠥᠭᠵᠢᠯᠲᠡ ᠳᠤ ᠦᠢᠯᠡᠴᠢᠯᠡᠬᠦ ᠳᠤ ᠥᠪᠡᠷ ᠤᠨ ᠬᠦᠴᠦᠨ ᠴᠢᠳᠠᠯ ᠢᠶᠠᠨ ᠡᠷᠭᠦᠨ᠎ᠡ ᠭᠡᠪᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号