ᠡᠷᠢᠶᠡᠨ ᠬᠤᠳᠠ ᠶᠢᠨ ᠮᠣᠩᠭᠤᠯ  ᠦᠨᠳᠤᠰᠤᠳᠡᠨ ᠤ ᠳᠤᠮᠳᠠᠳᠤ ᠰᠤᠷᠭᠠᠭᠤᠯᠢ  ᠲᠠᠪᠤᠳᠤᠭᠠᠷ ᠬᠤᠭᠤᠴᠠᠭᠠᠨ ᠤ ᠬᠠᠪᠤᠷ ᠤᠨ ᠤᠯᠠᠷᠢᠯ ᠤᠨ ᠬᠡᠭᠡᠷᠯᠡᠨ ᠬᠦᠶᠦᠬᠦ  ᠤᠷᠤᠯᠳᠤᠭᠠᠨ‌‍ᠬᠢᠭᠰᠡᠨ
ᠨᠡᠶᠢᠲᠡᠯᠡᠭᠰᠡᠨ ᠴᠠᠭ᠄
2022/4/6
ᠡᠷᠢᠶᠡᠨ  ᠬᠤᠳᠠ   ᠶᠢᠨ  ᠶᠡᠷᠦᠩᠬᠡᠶᠢᠯᠬᠠᠰᠡᠨ ᠷᠠᠳᠢᠣ᠋ ᠶᠢᠨ  ᠰᠤᠷᠪᠤᠯᠵᠢᠯᠠᠭᠴᠢ  ᠪᠦᠷᠢᠩᠭᠤᠸ᠎ᠠ   ᠶᠢᠨ  ᠮᠡᠳᠡᠭᠡᠯᠡᠭᠰᠡᠨ  ᠢᠶᠠᠷ᠄ᠡᠷᠢᠶᠡᠨ ᠬᠤᠳᠠ ᠶᠢᠨ ᠮᠣᠩᠭᠤᠯ  ᠦᠨᠳᠤᠰᠤᠳᠡᠨ ᠤ ᠳᠤᠮᠳᠠᠳᠤ ᠰᠤᠷᠭᠠᠭᠤᠯᠢ  ᠲᠠᠪᠤᠳᠤᠭᠠᠷ ᠬᠤᠭᠤᠴᠠᠭᠠᠨ ᠤ ᠬᠠᠪᠤᠷ ᠤᠨ ᠤᠯᠠᠷᠢᠯ ᠤᠨ ᠬᠡᠭᠡᠷᠯᠡᠨ ᠬᠦᠶᠦᠬᠦ  ᠤᠷᠤᠯᠳᠤᠭᠠᠨ‌‍ᠬᠢᠭᠰᠡᠨ       ᠰᠤᠷᠤᠭᠴᠢᠳ  ᠤᠨ ᠪᠡᠶ᠎ᠡ ᠲᠠᠮᠢᠷ ᠤᠨ ᠬᠦᠳᠡᠯᠭᠡᠭᠡᠨ ᠳᠤ ᠤᠷᠤᠯᠴᠠᠬᠤ ᠢᠳᠡᠪᠬᠢᠵᠢᠯ ᠢ   ᠲᠠᠶᠢᠴᠢᠯᠠᠵᠦ᠂ ᠶᠣᠰᠣ ᠰᠤᠷᠲᠠᠬᠤᠨ᠂  ᠤᠶᠤᠨ ᠤᠬᠠᠭᠠᠨ᠂ ᠪᠡᠶ᠎ᠡ ᠮᠠᠬᠠᠪᠤᠳ᠂ ᠭᠤᠸ᠎ᠠ ᠰᠠᠶᠢᠬᠠᠨ᠂ ᠬᠥᠳᠡᠯᠮᠦᠷᠢ ᠬᠦᠴᠦ  ︽ᠲᠠᠪᠤᠨ ᠬᠥᠮᠦᠵᠢᠯ ᠢ ᠵᠡᠷᠭᠡᠪᠡᠷ ᠠᠳᠬᠤᠬᠤ︾  ᠶᠢᠨ ᠲᠦᠯᠦᠭᠡ᠂ ᠤᠶᠢᠷ᠎ᠠ ᠶᠢᠨ ᠡᠳᠦᠷ᠂   ᠡᠷᠢᠶᠡᠨ ᠬᠤᠳᠠ ᠶᠢᠨ ᠮᠣᠩᠭᠤᠯ  ᠦᠨᠳᠤᠰᠤᠳᠡᠨ ᠤ ᠳᠤᠮᠳᠠᠳᠤ ᠰᠤᠷᠭᠠᠭᠤᠯᠢ  ᠲᠠᠪᠤᠳᠤᠭᠠᠷ ᠬᠤᠭᠤᠴᠠᠭᠠᠨ ᠤ ᠬᠠᠪᠤᠷ ᠤᠨ ᠤᠯᠠᠷᠢᠯ ᠤᠨ  ᠬᠡᠭᠡᠷᠯᠡᠨ ᠬᠦᠶᠦᠬᠦ ᠤᠷᠤᠯᠳᠤᠭᠠᠨ ᠢ  ᠵᠤᠬᠢᠶᠡᠨ ᠪᠠᠶᠢᠭᠤᠯᠵᠦ  ᠂ ᠪᠦᠬᠦ ᠰᠤᠷᠭᠠᠭᠤᠯᠢ ᠶᠢᠨ  400 ᠭᠠᠷᠤᠢ ᠪᠠᠭᠰᠢ  ᠰᠤᠷᠤᠠᠠᠴᠢ ᠬᠠᠮᠲᠤᠪᠠᠷ 2022  ᠣᠨ ᠤ ᠬᠠᠪᠤᠷ ᠤᠨ ᠤᠯᠠᠷᠢᠯ ᠤᠨ ᠠᠩᠬᠠᠨ ᠤ ᠬᠤᠯᠠ ᠭᠦᠶᠦᠯᠲᠡ   ᠳᠤ ᠤᠷᠤᠯᠴᠠᠪᠠ᠃           ᠡᠬᠢᠯᠡᠯᠳᠡ ᠶᠢᠨ  ᠲᠤᠬᠢᠶ᠎ᠡ ᠳᠤᠤᠭᠠᠷᠬᠤ ᠲᠠᠢ ᠵᠡᠷᠭᠡ᠂ ᠠᠩᠬ᠎ᠠ  ᠲᠤᠮᠳᠠᠳᠤ ᠶᠢᠨ  ᠡᠮᠡᠭᠲᠡᠢ ᠶᠢᠨ ᠳᠤᠭᠤᠶᠢᠯᠠᠩ ᠤᠨ ᠲᠠᠮᠢᠷᠴᠢᠳ  ᠤᠷᠢᠳᠠᠪᠠᠷ ᠡᠬᠢᠯᠡᠯᠳᠡ ᠶᠢᠨ ᠴᠡᠭ ᠠᠴᠠ ᠬᠦᠶᠦᠵᠦ᠂ ᠬᠠᠷᠢᠯᠴᠠᠨ ᠵᠣᠷᠢᠭᠵᠢᠭᠤᠯᠵᠤ᠂  ᠮᠡᠷᠡᠶᠢᠨ ᠴᠢᠷᠮᠠᠶᠢᠵᠤ᠂ ᠪᠠᠭᠠᠴᠤᠳ ᠤᠨ ᠵᠠᠯᠠᠭᠤ ᠨᠠᠰᠤᠨ ᠤ ᠠᠮᠢᠵᠢᠷᠠᠯ ᠤᠨ ᠬᠦᠴᠦᠨ   ᠢ  ᠬᠠᠷᠠᠭᠤᠯᠵᠦ᠂  ᠨᠥᠬᠦᠷᠰᠡᠭ᠂ ᠡᠷᠡᠯᠬᠡᠭᠯᠡᠨ ᠲᠡᠮᠡᠴᠡᠵᠦ ᠤᠷᠤᠭᠰᠢᠯᠠᠨ ᠳᠠᠪᠰᠢᠬᠤ᠂ ᠣᠭᠲᠣᠬᠠᠨ ᠴᠤ ᠲᠠᠲᠠᠭᠠᠯᠵᠠᠬᠤ ᠦᠭᠡᠢ ᠪᠡᠶ᠎ᠡ ᠲᠠᠮᠢᠷ ᠤᠨ ᠵᠣᠷᠢᠭ ᠰᠠᠨᠠᠭ᠎ᠠ   ᠶᠢ  ᠢᠯᠡᠷᠡᠭᠦᠯᠪᠡ᠃           ᠡᠭᠦᠨ ᠤ ᠬᠠᠮᠳᠦ᠂ ᠤᠷᠤᠯᠳᠤᠭᠠᠨ ᠤ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ ᠰᠤᠷᠭᠠᠭᠤᠯᠢ ᠶᠢᠨ ᠡᠷᠬᠢᠨ ᠲᠣᠭᠤᠷᠢᠨ ᠳᠠᠬᠢ ᠤᠷᠤᠯᠳᠤᠭᠠᠨ ᠤ ᠵᠠᠮ ᠱᠤᠭᠤᠮ  ᠢ ᠵᠤᠬᠢᠰᠳᠠᠢ ᠰᠣᠩᠭᠤᠵᠤ᠂ ᠵᠠᠮ ᠬᠠᠷᠢᠯᠴᠠᠭᠠᠨ ᠤ ᠴᠠᠭᠳᠠᠭ᠎ᠠ ᠲᠠᠢ ᠬᠠᠮᠵᠢᠯᠴᠠᠨ᠂ ᠤᠷᠤᠯᠳᠤᠭᠠᠨ ᠤ ᠬᠡᠰᠡᠭ ᠪᠦᠷᠢ ᠳᠤ ᠪᠠᠭᠰᠢ ᠪᠠ ᠰᠤᠷᠭᠠᠭᠤᠯᠢ ᠶᠢᠨ ᠡᠮᠴᠢ ᠲᠣᠬᠢᠷᠠᠭᠤᠯᠵᠤ᠂ ᠤᠷᠤᠯᠳᠤᠭᠠᠨ ᠳᠤ ᠣᠷᠣᠯᠴᠠᠭᠰᠠᠳ ᠢ ᠬᠠᠮᠠᠭᠠᠯᠠᠨ᠂ ᠪᠡᠶ᠎ᠡ ᠶᠢᠨ ᠲᠠᠮᠢᠷ ᠤᠨ ᠭᠡᠮᠲᠦᠯ ᠰᠢᠷᠬᠠᠲᠤᠯ ᠤᠨ ᠭᠡᠨᠡᠳᠲᠡ ᠶᠢᠨ ᠠᠳᠡᠯ ᠭᠠᠷᠬᠤ ᠶᠢ ᠪᠦᠲᠦᠮᠵᠢᠲᠡᠶ  ᠰᠡᠷᠭᠡᠶᠢᠯᠡᠭᠰᠡᠨ ᠪᠠᠶᠢᠨ᠎ᠠ᠃      ᠣᠶᠢᠯᠠᠭᠠᠭᠰᠠᠨ ᠢᠶᠠᠷ᠂ ᠲᠣᠰ ᠤᠳᠠᠭᠠᠨ ᠤ ᠤᠷᠤᠯᠳᠤᠭᠠᠨ ᠢ ᠥᠨᠳᠥᠷ ᠳᠤᠮᠳᠠᠳᠤ ᠶᠢᠨ ᠡᠷᠡᠭᠲᠡᠢ ᠂ ᠡᠮᠡᠭᠲᠡᠢ ᠶᠢᠨ ᠳᠤᠭᠤᠶᠢᠯᠠᠩ᠂ ᠠᠩᠬ᠎ᠠ ᠳᠤᠮᠳᠠᠳᠤ ᠶᠢᠨ ᠡᠷᠡᠭᠲᠡᠢ ᠂ ᠡᠮᠡᠭᠲᠡᠢ ᠶᠢᠨ ᠳᠤᠭᠤᠶᠢᠯᠠᠩ ᠪᠠ ᠪᠠᠭᠰᠢ ᠶᠢᠨ ᠳᠤᠭᠤᠶᠢᠯᠠᠩ ᠭᠡᠵᠦ  ᠬᠤᠪᠢᠶᠠᠨ᠂ ᠥᠨᠳᠥᠷ ᠳᠤᠮᠳᠠᠳᠤ  ᠶᠢᠨ  ᠡᠷᠡᠭᠳᠠᠢ  ᠶᠢᠨ ᠳᠤᠭᠤᠶᠢᠯᠠᠩ 7500 ᠮᠧᠲᠷ᠂ ᠥᠨᠳᠥᠷ ᠳᠤᠮᠳᠠᠳᠤ  ᠶᠢᠨ  ᠡᠮᠡᠭᠳᠠᠢ ᠶᠢᠨ ᠳᠤᠭᠤᠶᠢᠯᠠᠩ ᠪᠠ ᠠᠩᠬ᠎ᠠ ᠳᠤᠮᠳᠠᠳᠤ ᠶᠢᠨ ᠡᠷᠡᠭᠳᠠᠢ  ᠶᠢᠨ  ᠳᠤᠭᠤᠶᠢᠯᠠᠩ 6000 ᠮᠧᠲᠷ᠂ ᠠᠩᠬ᠎ᠠ  ᠳᠤᠮᠳᠠᠳᠤ ᠵᠢᠨ‌ᠡᠮᠡᠭᠳᠠᠢ ᠶᠢᠨ  ᠳᠤᠭᠤᠶᠢᠯᠠᠩ 5000 ᠮᠧᠲᠷ᠂ ᠪᠠᠭᠰᠢ  ᠶᠢᠨ ᠳᠤᠭᠤᠶᠢᠯᠠᠩ 3500 ᠮᠧᠲᠷ   ᠬᠤᠯᠠ ᠬᠦᠶᠦᠭᠰᠡᠨ ᠪᠠᠶᠢᠨ᠎ᠠ᠃    
 
ᠢᠷᠡᠯᠲᠡ᠄ ᠬᠠᠮ ᠵᠢᠭᠤᠴᠢᠯᠠᠭᠤᠷ ᠤᠨ ᠶᠠᠷᠦᠩᠬᠡᠶᠢᠯᠡᠭᠰᠡᠨ ᠷᠠᠳᠢᠤ᠋
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号