| ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠠᠭᠤᠤ ᠭᠠᠪᠢᠶ᠎ᠠ ᠠᠤᠭ᠎ᠠ ᠵᠢᠳᠬᠦᠯ ᠢ ᠳᠤᠷᠠᠰᠤᠨ | ᠰᠠᠨᠠᠭᠠᠯᠵᠠᠵᠤ᠂ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠲᠤ ᠬᠢᠵᠠᠭᠠᠯᠠᠰᠢ ᠦᠭᠡᠢ ᠭᠠᠰᠢᠭᠤᠳᠠᠯ ᠢᠶᠠᠨ | ᠢᠯᠡᠳᠬᠡᠬᠦ ᠶᠢᠨ ᠳᠣᠯᠠᠳᠠ᠂ 4 ᠰᠠᠷ᠎ᠠ ᠶᠢᠨ 1 ᠤ ᠡᠳᠦᠷ᠂ ᠡᠷᠢᠶᠡᠨ ᠤ ᠬᠢᠯᠢ ᠪᠠᠷ ᠣᠷᠣᠵᠤ ᠭᠠᠷᠬᠤ ᠬᠢᠯᠢ ᠶᠢᠨ | ᠬᠠᠮᠠᠭᠠᠯᠠᠯᠲᠠ ᠶᠢᠨ ᠪᠠᠶᠢᠴᠠᠭᠠᠬᠤ ᠦᠷᠳᠡᠭᠡ ᠠᠷᠠᠳ ᠤᠨ ᠴᠠᠭᠳᠠᠭ᠎ᠠ ᠶᠢ ᠵᠣᠬᠢᠶᠠᠨ ᠪᠠᠶᠢᠭᠤᠯᠵᠤ ︽ᠦᠷᠡᠭᠳᠡᠭᠰᠡᠨ | ᠪᠠᠭᠠᠲᠤᠷᠴᠤᠳ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠬᠤᠪᠢᠰᠬᠠᠯ ᠤᠨ ᠣᠳᠣᠮᠰᠢᠯ ᠢ ᠤᠯᠠᠮᠵᠢᠯᠠᠬᠤ︾ ᠭᠤᠣᠯ | ᠰᠡᠳᠦᠪᠲᠦ ᠳᠤᠷᠠᠰᠬᠠᠬᠤ ᠠᠵᠢᠯᠯᠠᠭ᠎ᠠ ᠥᠷᠨᠢᠭᠦᠯᠪᠡ᠃ | ᠬᠢᠯᠢ ᠶᠢᠨ ᠪᠠᠶᠢᠴᠠᠭᠠᠬᠤ ᠥᠷᠲᠡᠭᠡᠨ ᠤ ᠠᠷᠠᠳ ᠤᠨ ᠴᠠᠭᠳᠠᠭ᠎ᠠ ᠨᠠᠷ ᠬᠤᠪᠢᠰᠬᠠᠯ ᠤᠨ ᠦᠷᠡᠭᠳᠡᠭᠰᠡᠨ | ᠪᠠᠭᠠᠲᠤᠷᠴᠤᠳ ᠢ ᠬᠢᠵᠠᠭᠠᠯᠠᠰᠢ ᠦᠭᠡᠢ ᠬᠦᠨᠳᠦᠳᠬᠡᠨ ᠪᠢᠰᠢᠷᠡᠬᠦ ᠪᠠ ᠳᠤᠷᠠᠰᠤᠨ ᠰᠠᠨᠠᠭᠠᠯᠵᠠᠬᠤ ᠰᠡᠳᠬᠢᠯᠭᠡ ᠪᠠᠷ | ᠳᠤᠷᠠᠰᠬᠠᠯ ᠤᠨ ᠬᠥᠰᠢᠶ᠎ᠡ ᠶᠢᠨ ᠡᠮᠦᠨ᠎ᠡ ᠲᠡᠷᠢ ᠲᠡᠭᠰᠢ ᠮᠥᠷᠯᠡᠨ ᠵᠢᠭᠰᠠᠪᠠ᠃ ᠰᠦᠷ ᠵᠢᠪᠬᠤᠯᠠᠩᠲᠤ ᠬᠦᠭ ᠠᠶᠠᠰ | ᠴᠤᠤᠷᠢᠶᠠᠲᠤᠬᠤ ᠶᠢ ᠳᠠᠭᠠᠯᠳᠤᠨ᠂ ᠤᠯᠠᠨ ᠢᠶᠠᠷ ᠢᠶᠠᠨ ᠤᠯᠤᠰ ᠤᠨ ᠰᠦᠯᠳᠡ ᠳᠠᠭᠤᠤ ᠶᠢ ᠬᠠᠩᠭᠢᠨᠠᠲᠠᠯ᠎ᠠ | ᠳᠠᠭᠤᠯᠠᠬᠤ ᠶᠢᠨ ᠬᠠᠮᠲᠤ ᠦᠷᠡᠭᠳᠡᠭᠰᠡᠨ ᠪᠠᠭᠠᠲᠤᠷᠴᠤᠳ ᠲᠤ ᠴᠡᠴᠡᠭᠲᠦ ᠰᠠᠭᠰᠤ ᠬᠦᠷᠭᠡᠪᠡ᠃ ᠳᠠᠷᠠᠭ᠎ᠠ ᠳᠤᠨᠢ᠂ | ᠠᠷᠠᠳ ᠤᠨ ᠴᠠᠭᠳᠠᠭ᠎ᠠ ᠨᠠᠷ ᠲᠣᠭᠤᠷᠢᠨ ᠶᠠᠪᠤᠵᠤ ᠳᠤᠷᠠᠰᠬᠠᠯ ᠤᠨ ᠬᠥᠰᠢᠶ᠎ᠡ ᠶᠢ ᠪᠠᠷᠠᠳᠠᠬᠤ ᠶᠢᠨ ᠬᠠᠮᠲᠤ ᠮᠠᠯᠠᠭᠠᠢ ᠪᠠᠨ | ᠠᠪᠴᠤ ᠬᠢᠴᠢᠶᠡᠩᠭᠦᠶᠢᠯᠡᠨ ᠵᠣᠭᠰᠣᠵᠤ᠂ ᠦᠷᠡᠭᠳᠡᠭᠰᠡᠨ ᠪᠠᠭᠠᠲᠤᠷᠴᠤᠳ ᠲᠤ ᠮᠡᠬᠦᠶᠢᠨ ᠶᠣᠰᠣᠯᠠᠪᠠ᠃ | ᠲᠣᠰ ᠤᠳᠠᠭᠠᠨ ᠤ ᠳᠤᠷᠠᠰᠬᠠᠬᠤ ᠠᠵᠢᠯᠯᠠᠭ᠎ᠠ ᠶᠢ ᠥᠷᠨᠢᠭᠦᠯᠬᠦ ᠨᠢ ᠪᠥᠬᠦ ᠠᠷᠠᠳ ᠤᠨ ᠴᠠᠭᠳᠠᠭ᠎ᠠ ᠶᠢᠨ ᠦᠵᠡᠯ | ᠰᠠᠨᠠᠭᠠᠨ ᠤ ᠲᠠᠯ᠎ᠠ ᠪᠠᠷ ᠬᠢ ᠥᠪᠡᠷ ᠢ ᠪᠠᠨ ᠳᠡᠭᠡᠭᠰᠢᠯᠡᠭᠦᠯᠬᠦ ᠪᠠ ᠭᠦᠨᠵᠡᠭᠡᠢ ᠤᠬᠢᠶᠠᠯ ᠪᠣᠯᠬᠤ ᠪᠠᠷ ᠪᠠᠷᠠᠬᠤ ᠦᠭᠡᠢ᠂ | ᠨᠠᠩ ᠴᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠢ ᠥᠷᠨᠢᠭᠦᠯᠬᠦ᠂ ᠴᠠᠭᠳᠠᠭ᠎ᠠ ᠶᠢ | ᠬᠦᠴᠦᠷᠬᠡᠭᠵᠢᠭᠦᠯᠵᠦ ᠴᠠᠭᠳᠠᠭ᠎ᠠ ᠶᠢ ᠮᠠᠨᠳᠤᠭᠤᠯᠬᠤ ᠵᠣᠷᠢᠭ ᠰᠠᠨᠠᠭ᠎ᠠ ᠬᠦᠴᠦᠨ ᠴᠢᠳᠠᠯ ᠢ ᠨᠢᠭᠲᠠᠷᠠᠭᠤᠯᠬᠤ ᠴᠢᠬᠤᠯᠠ | ᠬᠢᠴᠢᠶᠡᠯ ᠪᠣᠯᠬᠤ ᠶᠤᠮ᠃ ᠠᠷᠠᠳ ᠤᠨ ᠴᠠᠭᠳᠠᠭ᠎ᠠ ᠨᠠᠷ᠄ ᠰᠢᠨ᠎ᠡ ᠴᠠᠭ ᠦᠶ᠎ᠡ ᠶᠢᠨ ᠨᠡᠭᠦᠳᠡᠯ ᠠᠷᠠᠳ ᠤᠨ | ᠬᠠᠮᠢᠶᠠᠷᠤᠯᠲᠠ ᠶᠢᠨ ᠴᠠᠭᠳᠠᠭ᠎ᠠ ᠪᠣᠯᠣᠭᠰᠠᠨ ᠤ ᠬᠤᠪᠢ ᠳᠤ᠂ ᠰᠢ ᠶᠢᠨ ᠫᠢᠩ ᠶᠡᠷᠦᠩᠬᠡᠢ ᠱᠦᠵᠢ ᠶᠢᠨ ᠦᠷᠡᠭᠳᠡᠭᠰᠡᠨ | ᠪᠠᠭᠠᠲᠤᠷᠴᠤᠳ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠬᠤᠪᠢᠰᠬᠠᠯ ᠤᠨ ᠣᠳᠣᠮᠰᠢᠯ ᠢ ᠤᠯᠠᠮᠵᠢᠯᠠᠨ | ᠵᠠᠯᠭᠠᠮᠵᠢᠯᠠᠬᠤ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ | ᠡᠭᠦᠷᠢᠳᠡ ᠰᠢᠨᠲᠠᠷᠠᠰᠢ ᠦᠭᠡᠢ ᠵᠣᠷᠢᠭ ᠰᠠᠨᠠᠭᠠᠨ ᠤ ᠳᠦᠷᠰᠦ ᠪᠠᠶᠢᠳᠠᠯ ᠪᠣᠯᠣᠨ ᠴᠤᠴᠠᠯᠲᠠ ᠦᠭᠡᠢ ᠤᠷᠤᠭᠰᠢᠯᠠᠬᠤ | ᠲᠡᠮᠡᠴᠡᠯ ᠤᠨ ᠳᠦᠷᠰᠦ ᠪᠠᠶᠢᠳᠠᠯ ᠢᠶᠠᠷ ᠰᠢᠨ᠎ᠡ ᠴᠠᠭ ᠦᠶ᠎ᠡ ᠶᠢᠨ ᠨᠡᠭᠦᠳᠡᠯ ᠠᠷᠠᠳ ᠤᠨ ᠬᠠᠮᠢᠶᠠᠷᠤᠯᠲᠠ ᠶᠢᠨ | ᠦᠢᠯᠡᠰ ᠲᠤ ᠣᠷᠣᠯᠴᠠᠵᠤ᠂ ᠤᠯᠤᠰ ᠤᠨ ᠠᠮᠤᠷ ᠲᠦᠪᠰᠢᠨ ᠪᠣᠯᠣᠨ ᠪᠣᠭᠤᠮᠲᠠ ᠶᠢᠨ ᠲᠣᠭᠲᠠᠭᠤᠨ ᠢ ᠬᠠᠮᠠᠭᠠᠯᠠᠬᠤ᠂ | ᠭᠠᠳᠠᠭᠠᠳᠤ ᠨᠡᠭᠡᠭᠡᠯᠲᠡ ᠪᠣᠯᠣᠨ ᠠᠵᠤ ᠠᠬᠤᠢ ᠶᠢᠨ ᠬᠥᠭᠵᠢᠯᠲᠡ ᠳᠤ ᠦᠢᠯᠡᠴᠢᠯᠡᠬᠦ ᠳᠤ ᠥᠪᠡᠷ ᠤᠨ ᠬᠦᠴᠦᠨ | ᠴᠢᠳᠠᠯ ᠢᠶᠠᠨ ᠡᠷᠭᠦᠨ᠎ᠡ ᠭᠡᠪᠡ᠃ | |