ᠯᠢᠦ ᡁᠢ ᠫᠢᠩ ᠲᠤᠰᠬᠠᠢ ᠰᠡᠳᠦᠪᠲᠦ ᠬᠤᠷᠠᠯ ᠵᠢᠴᠢ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠭᠠᠷᠳᠠᠨ ᠪᠠᠶᠢᠴᠠᠭᠠᠵᠤ ᠵᠣᠬᠢᠴᠠᠭᠤᠯᠤᠨ ᠪᠠᠲᠤᠯᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠵᠤ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢ  ᠱᠠᠭᠠᠷᠳᠠᠨ ᠪᠠᠶᠢᠴᠠᠭᠠᠬᠤ ᠵᠠᠬᠢᠳᠠᠯ ᠰᠣᠷᠪᠤᠯᠵᠢᠯᠠᠭ᠎ᠠ ᠶᠢᠨ ᠬᠡᠷᠡᠭ ᠢ ᠬᠢᠨᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2022/4/7
     4 ᠰᠠᠷ᠎ᠠ ᠶᠢᠨ 5 ᠤ ᠡᠳᠦᠷ᠂ ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠯᠢᠦ ᡁᠢ ᠫᠢᠩ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠶᠢᠨ ᠲᠤᠰᠬᠠᠢ ᠰᠡᠳᠦᠪᠲᠦ ᠬᠤᠷᠠᠯ ᠵᠢᠴᠢ ᠲᠥᠪ ᠤᠨ ᠣᠷᠴᠢᠨ ᠳᠣᠭᠤᠷᠢᠨ ᠤ ᠬᠠᠮᠠᠭᠠᠯᠠᠯᠲᠠ ᠶᠢ ᠱᠠᠭᠠᠷᠳᠠᠨ ᠪᠠᠶᠢᠴᠠᠭᠠᠵᠤ ᠵᠣᠬᠢᠴᠠᠭᠤᠯᠤᠨ ᠪᠠᠲᠤᠯᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠲᠥᠪ ᠤᠨ ᠠᠮᠢ ᠠᠬᠤᠢ ᠶᠢᠨ ᠣᠷᠴᠢᠨ  ᠳᠣᠭᠤᠷᠢᠨ ᠤ ᠬᠠᠮᠠᠭᠠᠯᠠᠯᠲᠠ ᠶᠢ ᠱᠠᠭᠠᠷᠳᠠᠨ ᠪᠠᠶᠢᠴᠠᠭᠠᠬᠤ ᠵᠠᠬᠢᠳᠠᠯ ᠰᠣᠷᠪᠤᠯᠵᠢᠯᠠᠭ᠎ᠠ ᠶᠢᠨ ᠬᠡᠷᠡᠭ ᠢ ᠬᠠᠷᠭᠤᠭᠤᠯᠤᠨ ᠪᠠᠶᠢᠴᠠᠭᠠᠭᠰᠠᠨ ᠪᠠᠶᠢᠳᠠᠯ ᠢ ᠰᠣᠨᠣᠰᠴᠤ᠂ ᠬᠠᠮᠢᠶ᠎ᠠ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃
    ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠯᠦ ᠪᠦᠦ ᠳ᠋ᠦᠩ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠵᠠᠩ ᠯᠢ ᠴᠧᠩ᠂ ᠬᠤᠲᠠ ᠶᠢᠨ ᠳᠡᠳ᠋ ᠳᠠᠷᠤᠭ᠎ᠠ ᠵᠠᠩ ᠶᠦᠩ ᡁᠢ ᠬᠤᠷᠠᠯ ᠳᠤ ᠣᠷᠣᠯᠴᠠᠪᠠ᠃
    ᠯᠢᠦ ᡁᠢ ᠫᠢᠩ᠂ ᠪᠦᠬᠦ ᠬᠤᠲᠠ ᠶᠢᠨ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠂ ᠰᠢᠯᠢ ᠶᠢᠨ ᠭᠤᠣᠯ ᠠᠶᠢᠮᠠᠭ ᠤᠨ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ  ᠶᠢ ᠡᠷᠡᠰ ᠲᠤᠤᠱᠯᠠᠭᠤᠯᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠨᠠᠶᠢᠳᠠᠪᠤᠷᠢᠵᠢᠭᠤᠯᠬᠤ ᠤᠬᠠᠮᠰᠠᠷᠲᠤ ᠴᠢᠨᠠᠷ᠂ ᠰᠠᠨᠠᠭᠠᠴᠢᠯᠠᠭᠠᠲᠤ ᠴᠢᠨᠠᠷ᠂ ᠡᠷᠡᠰ ᠪᠠᠲᠤ ᠴᠢᠨᠠᠷ ᠢ ᠴᠢᠨᠠᠭᠰᠢᠳᠠ ᠴᠢᠩᠭᠠᠳᠬᠠᠵᠤ᠂ ᠤᠯᠤᠰ ᠲᠦᠷᠦ ᠶᠢᠨ ᠵᠣᠭᠰᠣᠴᠠ ᠠᠴᠠ ᠦᠵᠡᠬᠦ᠂ ᠤᠯᠤᠰ ᠲᠦᠷᠦ ᠶᠢᠨ ᠵᠣᠭᠰᠣᠴᠠ ᠠᠴᠠ ᠰᠢᠢᠳᠪᠣᠷᠢᠯᠡᠬᠦ ᠶᠢ ᠪᠠᠷᠢᠮᠲᠠᠯᠠᠵᠤ᠂ ᠲᠥᠪ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠬᠤ ᠠᠵᠢᠯ ᠳᠤ ᠪᠦᠬᠦ ᠬᠦᠴᠦᠨ ᠢᠶᠠᠷ ᠢᠶᠠᠨ ᠬᠠᠮᠵᠢᠯᠴᠠᠵᠤ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠠᠪᠤᠴᠠ ᠶᠢ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠬᠦ ᠶᠠᠪᠤᠴᠠ ᠪᠣᠯᠭᠠᠵᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠰᠢᠨ᠎ᠡ ᠠᠬᠢᠴᠠ ᠰᠢᠨ᠎ᠡ ᠦᠷ᠎ᠡ ᠪᠦᠲᠦᠮᠵᠢ ᠪᠠᠷ ᠠᠷᠠᠳ ᠤᠯᠠᠨ ᠤ ᠵᠣᠯ ᠵᠢᠷᠭᠠᠯᠲᠤ ᠲᠥᠷᠥᠭᠳᠡᠯ᠂ ᠬᠠᠨᠤᠮᠵᠢ ᠶᠢᠨ ᠬᠡᠮᠵᠢᠶ᠎ᠡ ᠶᠢ ᠨᠡᠮᠡᠭᠳᠡᠬᠦᠯᠬᠦ ᠬᠡᠷᠡᠭᠳᠠᠢ ᠭᠡᠪᠡ᠃    ᠯᠢᠦ ᡁᠢ ᠫᠢᠩ᠂ ᠡᠯ᠎ᠡ ᠱᠠᠳᠦ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠤᠯᠤᠰ ᠲᠦᠷᠦ ᠶᠢ ᠡᠷᠬᠢᠮᠯᠡᠬᠦ ᠥᠨᠳᠥᠷᠴᠡ ᠠᠴᠠ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠬᠤ ᠳᠤᠭᠤᠶᠢᠯᠠᠩ ᠤᠨ ᠲᠤᠰᠢᠶᠠᠨ ᠥᠭᠴᠦ ᠰᠢᠢᠳᠪᠦᠷᠢᠯᠡᠭᠦᠯᠦᠭᠰᠡᠨ ᠵᠠᠬᠢᠳᠠᠯ ᠰᠣᠷᠪᠤᠯᠵᠢᠯᠠᠭ᠎ᠠ ᠶᠢᠨ ᠬᠡᠷᠡᠭ ᠢ ᠰᠢᠢᠳᠪᠦᠷᠢᠯᠡᠬᠦ ᠶᠢ ᠲᠡᠷᠡ ᠬᠡᠪ ᠢᠶᠠᠷ ᠨᠢ ᠰᠠᠶᠢᠲᠤᠷ ᠠᠳᠬᠤᠵᠤ᠂ ᠲᠠᠩᠰᠠ ᠪᠠᠨ ᠮᠡᠳᠡᠷᠡᠵᠦ ᠲᠠᠩᠰᠠ ᠪᠠᠨ ᠠᠪᠴᠤ᠂ ᠬᠠᠭᠤᠳᠠᠰᠤ ᠶᠣᠰᠣᠭᠠᠷ ᠪᠦᠬᠦᠨ ᠢ ᠬᠤᠷᠢᠶᠠᠨ ᠠᠪᠴᠤ᠂ ᠲᠡᠷᠡ ᠳᠠᠷᠤᠢ ᠳᠤᠨᠢ ᠬᠡᠷᠡᠭᠵᠢᠭᠦᠯᠵᠦ ᠲᠡᠷᠡ ᠳᠠᠷᠤᠢ ᠳᠤᠨᠢ ᠥᠭᠡᠷᠡᠴᠢᠯᠡᠵᠦ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠵᠦ᠂ ᠡᠯ᠎ᠡ ᠲᠦᠷᠦᠯ ᠤᠨ ᠠᠰᠠᠭᠤᠳᠠᠯ ᠢ ᠲᠤᠶᠢᠯᠪᠤᠷᠢᠲᠠᠢ ᠥᠭᠡᠷᠡᠴᠢᠯᠡᠬᠦ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠵᠣᠬᠢᠴᠠᠭᠤᠯᠤᠨ ᠬᠠᠮᠵᠢᠯᠴᠠᠬᠤ ᠪᠠ ᠬᠢᠨᠠᠨ ᠵᠢᠯᠤᠭᠤᠳᠴᠤ ᠪᠠᠶᠢᠴᠠᠭᠠᠬᠤ ᠪᠠᠨ ᠴᠢᠩᠭᠠᠳᠬᠠᠵᠤ᠂ ᠣᠲᠣ ᠶᠢᠨ ᠪᠠᠶᠢᠭ᠎ᠠ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠭᠡᠯ ᠢᠶᠠᠨ ᠪᠠᠬᠢᠵᠢᠭᠦᠯᠦᠨ ᠳᠡᠭᠡᠭᠰᠢᠯᠡᠭᠦᠯᠵᠦ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠬᠤ ᠳᠤᠭᠤᠶᠢᠯᠠᠩ ᠤᠨ ᠲᠤᠰᠢᠶᠠᠨ ᠰᠢᠢᠳᠪᠦᠷᠢᠯᠡᠭᠦᠯᠦᠭᠰᠡᠨ ᠵᠠᠬᠢᠳᠠᠯ ᠰᠣᠷᠪᠤᠯᠵᠢᠯᠠᠭ᠎ᠠ ᠪᠠᠷ ᠢᠯᠡᠴᠢᠯᠡᠨ ᠮᠡᠳᠡᠭᠦᠯᠦᠭᠰᠡᠨ ᠬᠡᠷᠡᠭ ᠢ ᠰᠢᠢᠳᠪᠦᠷᠢᠯᠡᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠪᠣᠳᠠᠲᠤ ᠠᠵᠢᠯᠯᠠᠭ᠎ᠠ ᠪᠠᠷ ᠢᠶᠠᠨ ᠣᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠬᠠᠷᠢᠭᠤ ᠥᠭᠬᠦ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠬᠤ ᠳᠤᠭᠤᠶᠢᠯᠠᠩ ᠤᠨ ᠲᠤᠰᠢᠶᠠᠨ ᠥᠭᠴᠦ ᠰᠢᠢᠳᠪᠦᠷᠢᠯᠡᠭᠦᠯᠦᠭᠰᠡᠨ ᠵᠠᠬᠢᠳᠠᠯ ᠰᠣᠷᠪᠤᠯᠵᠢᠯᠠᠭ᠎ᠠ ᠶᠢᠨ ᠬᠡᠷᠡᠭ ᠢ ᠲᠦᠷᠭᠡᠨ ᠪᠠᠶᠢᠴᠠᠭᠠᠵᠤ ᠲᠦᠷᠭᠡᠨ ᠰᠢᠢᠳᠪᠦᠷᠢᠯᠡᠬᠦ ᠶᠢ ᠲᠤᠪᠤᠶᠢᠯᠭᠠᠵᠦ᠂ ᠲᠡᠷᠡ ᠳᠠᠷᠤᠢ ᠳᠤᠨᠢ ᠭᠥᠯᠢᠶᠡᠨ ᠠᠪᠴᠤ ᠳᠠᠮᠵᠢᠭᠤᠯᠵᠤ᠂ ᠲᠡᠷᠡ ᠳᠠᠷᠤᠢ ᠳᠤᠨᠢ ᠪᠠᠶᠢᠴᠠᠭᠠᠨ ᠰᠢᠢᠳᠪᠦᠷᠢᠯᠡᠵᠦ᠂ ᠲᠡᠷᠡ ᠳᠠᠷᠤᠢ ᠳᠤᠨᠢ ᠴᠡᠭᠴᠡᠯᠡᠨ ᠰᠠᠶᠢᠵᠢᠷᠠᠭᠤᠯᠵᠤ᠂ ᠲᠡᠷᠡ ᠳᠠᠷᠤᠢ ᠳᠤᠨᠢ ᠬᠠᠷᠢᠭᠤ ᠲᠤᠰᠬᠠᠬᠤ ᠬᠡᠷᠡᠭᠲᠡᠢ᠃ ᠴᠢᠩᠭ᠎ᠠ ᠪᠦᠭᠡᠳ ᠬᠦᠴᠦᠳᠠᠢ ᠠᠳᠬᠤᠬᠤ ᠶᠢ ᠲᠤᠪᠤᠶᠢᠯᠭᠠᠵᠦ᠂ ᠭᠤᠣᠯᠳᠠᠯᠭ᠎ᠠ ᠲᠠᠢ ᠠᠰᠠᠭᠤᠳᠠᠯ ᠢ ᠭᠦᠨᠵᠡᠭᠡᠢ ᠪᠠᠶᠢᠴᠠᠭᠠᠵᠤ᠂ ᠡᠷᠡᠰ ᠢᠶᠠᠷ ᠥᠭᠡᠷᠡᠴᠢᠯᠡᠵᠦ᠂ ᠨᠡᠶᠢᠲᠡᠴᠢ ᠴᠢᠨᠠᠷᠲᠠᠢ ᠠᠰᠠᠭᠤᠳᠠᠯ ᠢ ᠪᠦᠬᠦ ᠲᠠᠯ᠎ᠠ ᠪᠠᠷ ᠪᠠᠶᠢᠴᠠᠭᠠᠵᠤ᠂ ᠯᠠᠪᠳᠠᠭᠤᠨ ᠪᠠᠲᠤᠲᠠᠢ ᠥᠭᠡᠷᠡᠴᠢᠯᠡᠵᠦ᠂ ᠬᠦᠴᠢᠷ ᠲᠦᠪᠡᠭᠲᠡᠢ ᠠᠰᠠᠭᠤᠳᠠᠯ ᠢ ᠲᠤᠶᠢᠯᠪᠤᠷᠢᠲᠠᠢ ᠪᠠᠶᠢᠴᠠᠭᠠᠵᠤ᠂ ᠡᠮᠬᠢ ᠵᠢᠷᠤᠮ ᠲᠠᠢ ᠥᠭᠡᠷᠡᠴᠢᠯᠡᠵᠦ᠂ ᠪᠤᠢ ᠪᠦᠬᠦᠢ ᠠᠰᠠᠭᠤᠳᠠᠯ ᠢ ᠲᠤᠶᠢᠯᠪᠤᠷᠢᠲᠠᠢ ᠥᠭᠡᠷᠡᠴᠢᠯᠡᠬᠦ ᠶᠢ ᠪᠠᠲᠤᠯᠠᠬᠤ ᠬᠡᠷᠡᠭᠲᠡᠢ᠃ ᠪᠣᠳᠠᠳᠠᠢ ᠪᠠᠶᠢᠳᠠᠯ ᠪᠠ ᠬᠠᠣᠯᠢ ᠴᠠᠭᠠᠵᠠ ᠪᠠᠷ ᠦᠨᠳᠣᠰᠣᠯᠡᠯ ᠪᠣᠯᠭᠠᠵᠦ᠂ ᠦᠨᠡᠨ ᠠᠴᠠ ᠵᠥᠪ ᠢ ᠡᠷᠢᠬᠦ᠂ ᠬᠠᠤᠯᠢ ᠲᠣᠭᠲᠠᠭᠠᠯ ᠢ ᠵᠢᠷᠤᠮᠯᠠᠬᠤ ᠶᠢ ᠲᠤᠪᠤᠶᠢᠯᠭᠠᠵᠦ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠰᠢᠯᠭᠠᠯᠲᠠ ᠶᠢ ᠳᠠᠭᠠᠭᠠᠵᠤ ᠳᠡᠶᠢᠯᠬᠦ ᠶᠢ ᠪᠠᠲᠤᠯᠠᠬᠤ ᠬᠡᠷᠡᠭᠲᠡᠢ᠃ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠬᠦ ᠶᠢ ᠪᠠᠷᠢᠮᠲᠠᠯᠠᠵᠤ᠂ ᠠᠮᠢ ᠠᠬᠤᠢ ᠶᠢᠨ ᠣᠷᠴᠢᠨ ᠲᠣᠭᠤᠷᠢᠨ ᠤ ᠶᠡᠭᠡ ᠪᠠᠶᠢᠴᠠᠭᠠᠯᠲᠠ᠂ ᠶᠡᠭᠡ ᠴᠡᠭᠴᠡᠯᠡᠨ ᠵᠠᠰᠠᠯᠲᠠ᠂ ᠶᠡᠭᠡ ᠳᠡᠭᠡᠭᠰᠢᠯᠡᠯᠲᠡ ᠶᠢᠨ ᠠᠵᠢᠯ ᠢ ᠪᠣᠳᠠᠲᠠᠢ ᠰᠠᠶᠢᠲᠤᠷ ᠠᠳᠬᠤᠵᠤ᠂ ᠣᠳᠣᠬᠠᠨ ᠤ ᠪᠠᠶᠢᠳᠠᠯ ᠳᠤ ᠰᠠᠭᠤᠷᠢᠯᠠᠨ ᠴᠡᠭᠴᠡᠯᠡᠨ ᠰᠠᠶᠢᠵᠢᠷᠠᠭᠤᠯᠬᠤ ᠶᠢ ᠠᠳᠬᠤᠬᠤ ᠶᠢᠨ ᠬᠠᠮᠲᠤ ᠠᠯᠤᠰ ᠬᠡᠳᠦ ᠶᠢ ᠪᠣᠳᠣᠯᠬᠢᠯᠠᠨ ᠦᠨᠳᠦᠰᠦ ᠠᠴᠠ ᠨᠢ ᠵᠠᠰᠠᠬᠤ ᠶᠢ ᠠᠳᠬᠤᠵᠤ᠂ ᠲᠤᠰᠢᠶᠠᠨ ᠥᠭᠴᠦ ᠰᠢᠢᠳᠪᠦᠷᠢᠯᠡᠭᠦᠯᠦᠭᠰᠡᠨ ᠠᠳᠠᠯᠢ ᠲᠦᠷᠦᠯ ᠤᠨ ᠠᠰᠠᠭᠤᠳᠠᠯ ᠢ ᠪᠦᠬᠦ ᠲᠠᠯ᠎ᠠ ᠪᠠᠷ ᠪᠠᠶᠢᠴᠠᠭᠠᠵᠤ᠂ ᠲᠤᠰᠬᠠᠢ ᠲᠦᠷᠦᠯ ᠢᠶᠠᠷ ᠴᠡᠭᠴᠡᠯᠡᠨ ᠵᠠᠰᠠᠵᠤ᠂ ᠰᠢᠰᠲ᠋ᠧᠮ ᠲᠠᠢ ᠰᠢᠢᠳᠪᠦᠷᠢᠯᠡᠵᠦ᠂ ᠳᠤᠲᠠᠭᠤᠳᠠᠯ ᠪᠠᠭᠤᠷᠠᠢ ᠲᠠᠯ᠎ᠠ ᠪᠠᠨ ᠲᠦᠷᠭᠡᠨ ᠨᠥᠬᠦᠪᠦᠷᠢᠯᠡᠵᠦ᠂ ᠨᠢᠭᠡ ᠠᠰᠠᠭᠤᠳᠠᠯ ᠢ ᠵᠠᠯᠠᠷᠠᠭᠤᠯᠬᠤ᠂ ᠨᠢᠭᠡ ᠲᠦᠷᠦᠯ ᠤᠨ ᠠᠯᠳᠠᠭ᠎ᠠ ᠶᠢ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠵᠦ᠂ ᠨᠢᠭᠡ ᠪᠦᠯᠦᠭ ᠠᠯᠳᠠᠰᠢ ᠭᠠᠷᠬᠤ ᠶᠢ ᠬᠤᠷᠢᠭᠯᠠᠵᠤ᠂ ᠪᠦᠬᠦ ᠬᠤᠳᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠤᠨ ᠦᠷᠭᠦᠯᠵᠢᠯᠡᠨ ᠲᠣᠭᠲᠠᠭᠤᠨ ᠢᠶᠠᠷ ᠰᠠᠶᠢᠵᠢᠷᠠᠬᠤ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号