ᠡᠷᠢᠶᠡᠨ ᠬᠤᠳᠠ ᠶᠢᠨ ᠲᠡᠮᠦᠷ ᠵᠠᠮ ᠤᠨ ᠪᠣᠭᠤᠮᠲᠠ ᠶᠢᠨ ᠭᠠᠳᠠᠭᠠᠳᠤ ᠭᠠᠷᠭᠠᠯᠲᠠ ᠶᠢᠨ ᠵᠥᠭᠡᠭᠡᠪᠦᠷᠢ ᠶᠢᠨ ᠬᠡᠮᠵᠢᠶ᠎ᠡ ᠲᠦᠷᠦᠭᠦᠦ ᠤᠯᠠᠷᠢᠯ ᠳᠤ ᠰᠠᠶᠢᠨ ᠡᠬᠢᠯᠡᠯᠲᠡ ᠲᠠᠢ ᠪᠣᠯᠵᠠᠢ
ᠨᠡᠶᠢᠲᠡᠯᠡᠭᠰᠡᠨ ᠴᠠᠭ᠄
2022/4/7
    ᠡᠨᠡ ᠵᠢᠯ ᠤᠨ ᠨᠢᠭᠡᠳᠦᠭᠡᠷ ᠤᠯᠠᠷᠢᠯ ᠳᠤ᠂ ᠡᠷᠢᠶᠡᠨ ᠬᠤᠳᠠ ᠶᠢᠨ ᠲᠡᠮᠦᠷ ᠵᠠᠮ ᠤᠨ ᠪᠣᠭᠤᠮᠲᠠ ᠬᠢᠵᠢᠭ ᠤᠨ ᠨᠥᠯᠥᠭᠡ ᠶᠢ ᠲᠡᠪᠴᠢᠵᠦ᠂ ᠭᠠᠳᠠᠭᠠᠳᠤ ᠳᠤ ᠭᠠᠷᠭᠠᠭᠰᠠᠨ ᠵᠥᠭᠡᠭᠡᠪᠦᠷᠢ ᠶᠢᠨ ᠬᠡᠮᠵᠢᠶ᠎ᠡ 64.2 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 41.4 % ᠨᠡᠮᠡᠭᠳᠡᠵᠦ᠂ 2022 ᠣᠨ ᠤ ᠲᠦᠷᠦᠭᠦᠦ ᠤᠯᠠᠷᠢᠯ ᠤᠨ ︽ᠰᠠᠶᠢᠨ ᠡᠬᠢᠯᠡᠯᠲᠡ︾ ᠶᠢ ᠪᠡᠶᠡᠯᠡᠭᠦᠯᠵᠡᠢ᠃      ᠡᠷᠢᠶᠡᠨ ᠬᠤᠲᠠ ᠶᠢᠨ ᠲᠡᠮᠦᠷ ᠵᠠᠮ ᠤᠨ ᠪᠣᠭᠤᠮᠲᠠ ᠪᠣᠯ ᠳᠤᠮᠳᠠᠳᠤ ᠮᠣᠩᠭᠤᠯ ᠤᠨ ᠬᠠᠮᠤᠭ ᠤᠨ ᠲᠣᠮᠣ ᠲᠡᠮᠦᠷ ᠵᠠᠮ ᠤᠨ ᠪᠣᠭᠤᠮᠲᠠ ᠪᠣᠯᠬᠤ ᠪᠥᠭᠡᠳ ᠪᠠᠰᠠ ᠴᠤ ︽ᠳᠤᠮᠳᠠᠳᠤ ᠮᠣᠩᠭᠤᠯ ᠣᠷᠣᠰ︾ ᠤᠨ ᠠᠵᠤ ᠠᠬᠤᠢ ᠶᠢᠨ ᠬᠤᠩᠭᠢᠯ ᠪᠠ ᠲᠣᠷᠭᠠᠨ ᠵᠠᠮ ᠤᠨ ᠠᠵᠤ ᠠᠬᠤᠢ ᠶᠢᠨ ᠪᠦᠰᠡ ᠶᠢᠨ ᠴᠢᠬᠤᠯᠠ ᠵᠠᠮ ᠬᠠᠷᠢᠯᠴᠠᠭᠠᠨ ᠤ ᠵᠠᠩᠭᠢᠯᠠᠭ᠎ᠠ ᠶᠢᠨ ᠴᠢᠭ ᠪᠣᠯᠣᠨ᠎ᠠ᠃ ᠡᠷᠢᠶᠡᠨ ᠬᠤᠲᠠ ᠶᠢᠨ ᠲᠡᠮᠦᠷ ᠵᠠᠮ ᠤᠨ ᠪᠣᠭᠤᠮᠲᠠ ᠶᠢᠨ ᠬᠢᠨ ᠬᠠᠷᠢᠶ᠎ᠠ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠯᠢ ᠪᠠᠷ ᠣᠷᠣᠵᠤ ᠭᠠᠷᠬᠤ ᠪᠠᠷᠠᠭ᠎ᠠ ᠶᠢᠨ ᠬᠢᠵᠢᠭ ᠢ ᠰᠡᠷᠭᠡᠶᠢᠯᠡᠬᠦ ᠬᠢᠵᠢᠭ ᠪᠠᠶᠢᠴᠠᠭᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠰᠦᠷᠴᠢᠨ ᠠᠷᠢᠭᠤᠳᠬᠠᠬᠤ ᠲᠥᠬᠦᠭᠡᠷᠦᠮᠵᠢ ᠶᠢᠨ ᠥᠭᠡᠷᠡᠴᠢᠯᠡᠯᠲᠡ ᠶᠢ ᠦᠳᠲᠡᠷ ᠲᠦᠷᠭᠡᠨ ᠪᠡᠶᠡᠯᠡᠭᠦᠯᠵᠦ᠂ ︽ᠤᠷᠢᠳᠠᠪᠠᠷ ᠠᠷᠢᠭᠤᠳᠬᠠᠵᠦ᠂ ᠳᠠᠷᠠᠭ᠎ᠠ ᠨᠢ ᠰᠢᠯᠭᠠᠨ ᠪᠠᠶᠢᠴᠠᠭᠠᠵᠤ᠂ ᠳᠠᠷᠠᠭ᠎ᠠ ᠨᠢ ᠬᠦᠷᠦᠯᠴᠡᠬᠦ︾ ᠠᠵᠢᠯ ᠤᠨ ᠶᠠᠪᠤᠴᠠ ᠶᠢ ᠴᠢᠩᠭ᠎ᠠ ᠨᠠᠶᠢᠳᠠᠪᠤᠷᠢᠵᠢᠭᠤᠯᠤᠨ᠂ ᠲᠤᠰᠬᠠᠢ ᠮᠡᠷᠭᠡᠵᠢᠯ ᠤᠨ ᠬᠢᠵᠢᠭ ᠢ ᠰᠡᠷᠭᠡᠶᠢᠯᠡᠬᠦ ᠺᠣᠮᠫᠠᠨᠢ ᠶᠢ ᠣᠷᠣᠭᠤᠯᠤᠨ ᠠᠪᠴᠢᠷᠠᠵᠤ ᠭᠠᠳᠠᠭᠠᠳᠤ ᠠᠴᠠ ᠣᠷᠣᠭᠤᠯᠤᠭᠰᠠᠨ ᠪᠠᠷᠠᠭ᠎ᠠ ᠶᠢ ᠠᠷᠢᠭᠤᠳᠬᠠᠵᠦ᠂ ᠪᠠᠶᠢᠴᠠᠭᠠᠵᠤ᠂ ᠬᠠᠮᠤᠭ ᠤᠨ ᠲᠦᠷᠭᠡᠨ ᠬᠤᠷᠳᠤᠴᠠ ᠪᠠᠷ ᠲᠤᠰᠬᠠᠢ ᠮᠡᠷᠭᠡᠵᠢᠯ ᠤᠨ᠂ ᠠᠮᠤᠷ ᠲᠦᠪᠰᠢᠨ᠂ ᠥᠨᠳᠥᠷ ᠪᠦᠲᠦᠮᠵᠢᠲᠡᠶ ᠬᠢᠵᠢᠭ ᠢ ᠰᠡᠷᠭᠡᠶᠢᠯᠡᠬᠦ   ︽ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ︾ ᠢ ᠪᠠᠶᠢᠭᠤᠯᠪᠠ᠃ ᠪᠣᠭᠤᠮᠲᠠ ᠶᠢᠨ ᠲᠤᠰᠬᠠᠢ ᠠᠩᠭᠢ ᠨᠢ ᠪᠠᠰᠠ ᠬᠢᠯᠢ ᠪᠠᠷ ᠣᠷᠣᠵᠤ ᠢᠷᠡᠬᠦ ᠡᠳ᠋ ᠪᠣᠳᠠᠰ᠂ ᠲᠡᠷᠭᠡ ᠬᠥᠰᠬᠡ᠂ ᠣᠷᠴᠢᠨ ᠲᠣᠭᠤᠷᠢᠨ ᠲᠠᠢ ᠰᠢᠭᠤᠳ ᠣᠶᠢᠷᠠᠳᠬᠤ ᠲᠦᠭᠰᠢᠭᠦᠷᠢ ᠶᠡᠬᠡᠲᠡᠢ ᠠᠵᠢᠯ ᠤᠨ ᠪᠠᠶᠢᠷᠢ ᠶᠢᠨ ᠠᠵᠢᠯᠲᠠᠨ ᠳᠤ ︽N+ 14 + 7︾ ᠶᠢᠨ ᠪᠢᠲᠡᠭᠦᠦ ᠡᠵᠡᠮᠰᠢᠯᠳᠦ ᠬᠠᠮᠢᠶᠠᠷᠤᠯᠲᠠ ᠶᠢᠨ ᠵᠠᠭᠪᠤᠷ ᠢ ᠬᠡᠷᠡᠭᠵᠢᠭᠦᠯᠵᠦ᠂ ᠥᠯᠥ ᠬᠦᠷᠦᠯᠴᠡᠬᠦ ᠬᠡᠯᠪᠡᠷᠢ ᠪᠠᠷ ᠪᠣᠭᠤᠮᠲᠠ ᠪᠠᠷ ᠥᠩᠭᠡᠷᠡᠬᠦ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠪᠣᠭᠤᠮᠲᠠ ᠶᠢᠨ ᠡᠳ᠋ ᠪᠠᠷᠠᠭ᠎ᠠ ᠶᠢ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠲᠤᠬᠠᠶᠢᠯᠠᠭᠰᠠᠨ ᠠᠵᠢᠯ ᠤᠨ ᠠᠮᠤᠷ ᠲᠦᠪᠰᠢᠨ ᠥᠨᠳᠥᠷ ᠪᠦᠲᠦᠮᠵᠢᠲᠡᠶ ᠪᠠᠶᠢᠬᠤ ᠶᠢ ᠪᠠᠲᠤᠯᠠᠪᠠ᠃      ᠬᠢᠯᠢ ᠪᠠᠷ ᠣᠷᠣᠵᠤ ᠭᠠᠷᠬᠤ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ᠲᠤᠭ᠎ᠠ ᠲᠦᠷᠭᠡᠨ ᠨᠡᠮᠡᠭᠳᠡᠬᠦ ᠶᠢ ᠳᠠᠭᠠᠯᠳᠤᠨ᠂ ᠲᠡᠮᠦᠷ ᠵᠠᠮ ᠤᠨ ᠪᠣᠭᠤᠮᠲᠠ ᠶᠢᠨ ᠬᠢᠨ ᠴᠢᠩᠭᠡᠯᠢᠭ ᠢ ᠰᠣᠯᠢᠵᠤ ᠠᠴᠢᠶᠠᠯᠠᠬᠤ ᠰᠢᠨ᠎ᠡ ᠠᠵᠢᠯ ᠤᠨ ᠲᠠᠯᠠᠪᠠᠶ ᠶᠢ ᠨᠡᠭᠡᠭᠡᠵᠦ᠂ ᠰᠣᠯᠢᠵᠤ ᠠᠴᠢᠶᠠᠯᠠᠬᠤ ᠪᠠ ᠬᠢᠯᠢ ᠶᠢᠨ ᠪᠠᠶᠢᠴᠠᠭᠠᠯᠲᠠ ᠶᠢ ᠨᠢᠭᠡ ᠴᠣᠭᠴᠠᠵᠢᠭᠤᠯᠬᠤ ᠠᠵᠢᠯ ᠤᠨ ᠶᠠᠪᠤᠴᠠ ᠶᠢ ᠰᠢᠯᠢᠳᠡᠭᠵᠢᠭᠦᠯᠵᠦ᠂ ᠬᠥᠮᠥᠨ ᠤ ᠬᠦᠴᠦᠨ ᠮᠠᠰᠢᠨ ᠪᠠᠭᠠᠵᠢ ᠶᠢ ᠤᠷᠢᠳᠠᠪᠠᠷ ᠬᠠᠩᠭᠠᠪᠠ᠃ ᠪᠣᠭᠤᠮᠲᠠ ᠶᠢᠨ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ᠰᠣᠯᠢᠵᠤ ᠠᠴᠢᠶᠠᠯᠠᠬᠤ ᠠᠵᠢᠯ ᠤᠨ ᠦᠷ᠎ᠡ ᠪᠦᠲᠦᠮᠵᠢ ᠶᠢ ᠶᠡᠭᠡ ᠪᠠᠷ ᠳᠡᠭᠡᠭᠰᠢᠯᠡᠭᠦᠯᠦᠭᠰᠡᠨ ᠪᠥᠭᠡᠳ ᠮᠣᠩᠭᠤᠯ ᠤᠨ ᠲᠠᠯ᠎ᠠ ᠶᠢᠨ ᠲᠡᠮᠦᠷ ᠵᠠᠮ ᠵᠢᠴᠢ ᠪᠣᠭᠤᠮᠲᠠ᠂ ᠬᠢᠯᠢ ᠶᠢᠨ ᠪᠠᠶᠢᠴᠠᠭᠠᠯᠲᠠ ᠵᠡᠷᠭᠡ ᠨᠢᠭᠡᠴᠡ ᠯᠦᠭᠡ ᠶᠢᠨ ᠨᠡᠪᠲᠡᠷᠡᠯᠴᠡᠭᠡ ᠬᠠᠷᠢᠯᠴᠠᠭ᠎ᠠ ᠪᠠᠨ ᠴᠢᠩᠭᠠᠳᠬᠠᠵᠤ᠂ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ᠪᠠᠶᠢᠴᠠᠭᠠᠨ ᠰᠢᠯᠭᠠᠵᠤ ᠶᠠᠪᠤᠭᠤᠯᠬᠤ ᠴᠠᠭ ᠢ ᠤᠯᠠᠮ ᠨᠢᠭᠡ ᠠᠯᠬᠤᠮ ᠪᠠᠭᠠᠰᠬᠠᠵᠤ᠂ ᠰᠠᠭᠠᠳ ᠦᠭᠡᠢ ᠨᠡᠪᠲᠡᠷᠡᠬᠦ ᠶᠢ ᠪᠠᠲᠤᠯᠠᠪᠠ᠃ ᠡᠨᠡ ᠵᠢᠯ ᠤᠨ ᠨᠢᠭᠡᠳᠦᠭᠡᠷ ᠤᠯᠠᠷᠢᠯ ᠳᠤ᠂ ᠡᠷᠢᠶᠡᠨ ᠬᠤᠲᠠ ᠶᠢᠨ ᠲᠡᠮᠦᠷ ᠵᠠᠮ ᠤᠨ ᠪᠣᠭᠤᠮᠲᠠ ᠶᠢᠨ ᠬᠢᠯᠢ ᠪᠠᠷ ᠣᠷᠣᠵᠤ ᠭᠠᠷᠬᠤ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ 734 ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 25.7 % ᠪᠠᠷ ᠨᠡᠮᠡᠭᠳᠡᠵᠡᠢ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号