︽ᠠᠮᠤᠷ ᠲᠦᠪᠰᠢᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ ᠠᠮᠤᠷ ᠲᠦᠪᠰᠢᠨ ᠢᠶᠠᠷ ᠬᠥᠭᠵᠢᠬᠦ ᠶᠢ ᠠᠬᠢᠭᠤᠯᠤᠨ᠎ᠠ︾ ᠭᠡᠷᠡᠯᠳᠦᠠᠣᠳᠦ ᠰᠤᠮᠤ ᠤᠯᠠᠨ ᠵᠦᠢᠯ ᠤᠨ ᠠᠷᠭ᠎ᠠ ᠬᠡᠮᠵᠢᠶ᠎ᠡ ᠪᠠᠷ ᠬᠥᠳᠡᠭᠡ ᠲᠣᠰᠬᠤᠨ ᠤ ᠴᠡᠭᠴᠡᠯᠡᠨ ᠵᠠᠰᠠᠯᠳᠠ ᠶᠢᠨ ᠭᠤᠣᠯᠳᠠᠯᠭ᠎ᠠ ᠲᠠᠢ ᠠᠵᠢᠯ ᠢ ᠨᠠᠶᠢᠳᠠᠪᠣᠷᠢᠵᠢᠭᠤᠯᠣᠨ ᠴᠢᠩᠭᠠᠳᠬᠠᠪᠠ
ᠨᠡᠶᠢᠲᠡᠯᠡᠭᠰᠡᠨ ᠴᠠᠭ᠄
2022/4/8
    ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ   ᠢ ᠰᠢᠯᠢᠳᠡᠭᠵᠢᠭᠦᠯᠬᠦ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ   ᠶᠢ ᠤᠯᠠᠮ ᠨᠢᠭᠡ ᠠᠯᠬᠤᠮ ᠴᠢᠩᠭᠠᠳᠬᠠᠨ᠂ ᠰᠤᠮᠤᠨ ᠤ ᠥᠷᠭᠡᠨ ᠣᠯᠠᠨ ᠺᠠᠳ᠋ᠷ ᠣᠯᠠᠨ ᠲᠦᠮᠡᠨ ᠤ ᠬᠠᠤᠯᠢ ᠪᠠᠷ ᠵᠠᠰᠠᠬᠤ ᠤᠬᠠᠮᠰᠠᠷ   ᠢ ᠴᠢᠩᠭᠠᠳᠬᠠᠬᠤ   ᠶᠢᠨ ᠳᠣᠯᠠᠳᠠ᠂ ᠭᠡᠷᠡᠯᠳᠦᠠᠣᠳᠦ ᠰᠤᠮᠤ ᠠᠶᠤᠯᠭᠦᠢ ᠦᠢᠯᠡᠳᠪᠦᠷᠢᠯᠡᠯ᠂ ᠠᠵᠤ ᠠᠬᠤᠶᠢᠯᠠᠯ ᠳᠤ ᠬᠤᠯᠪᠣᠭᠳᠠᠬᠤ ᠠᠶᠤᠯ ᠲᠦᠭᠰᠢᠭᠦᠷᠢ ᠬᠡᠮ ᠰᠣᠭᠤᠭ ᠤᠨ ᠵᠥᠷᠢᠴᠡᠯ ᠵᠢᠭᠤᠷᠠᠯᠳᠤᠭᠠᠨ   ᠢ ᠵᠢᠭᠰᠠᠭᠠᠨ ᠪᠠᠶᠢᠴᠠᠭᠠᠬᠤ᠂ ᠠᠮᠢᠨ ᠬᠡᠷᠡᠭ   ᠢ ᠰᠡᠷᠭᠡᠶᠢᠯᠡᠨ ᠡᠵᠡᠮᠳᠡᠬᠦ᠂ ︽ᠲᠣᠰᠬᠤᠨ ᠤ ᠡᠵᠡᠷᠬᠡᠭᠴᠢ︾ ᠪᠣᠯᠣᠨ ᠣᠪᠣᠭ ᠣᠭᠰᠠᠭ᠎ᠠ ᠶᠢᠨ ᠬᠠᠷᠭᠢᠰ ᠬᠦᠴᠦᠨ   ᠢ ᠴᠡᠭᠴᠡᠯᠡᠨ ᠵᠠᠰᠠᠬᠤ ᠵᠡᠷᠭᠡ ᠭᠤᠣᠯᠳᠠᠯᠭ᠎ᠠ ᠲᠠᠢ ᠠᠵᠢᠯ   ᠢ ᠲᠦᠯᠬᠢᠨ ᠠᠬᠢᠭᠤᠯᠬᠤ ᠬᠤᠷᠠᠯ ᠬᠤᠷᠠᠯᠳᠤᠭᠤᠯᠪᠠ᠃
    ᠬᠤᠷᠠᠯ ᠠᠴᠠ᠂ ᠡᠯ᠎ᠡ ᠰᠠᠯᠠᠭ᠎ᠠ ᠮᠥᠴᠢᠷ ᠤᠨ ᠬᠢᠨ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠴᠢᠨᠠᠭᠰᠢᠳᠠ ᠪᠦᠷᠢᠨᠰᠢᠭᠦᠯᠵᠦ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠪᠦᠬᠦ ᠰᠤᠮᠤᠨ ᠳᠤ ᠠᠶᠤᠯᠭᠦᠢ ᠦᠢᠯᠡᠳᠪᠦᠷᠢᠯᠡᠯ᠂ ᠵᠥᠷᠢᠴᠡᠯ ᠵᠢᠭᠤᠷᠠᠯᠳᠣᠭᠠᠨ᠂ ᠠᠮᠢᠨ ᠬᠡᠷᠡᠭ ᠢ ᠰᠡᠷᠭᠡᠶᠢᠯᠡᠨ ᠡᠵᠡᠮᠳᠡᠬᠦ᠂ ︽ᠲᠣᠰᠬᠤᠨ ᠤ ᠡᠵᠡᠷᠬᠡᠭᠴᠢ︾ ᠪᠣᠯᠣᠨ ᠣᠪᠣᠭ ᠣᠭᠰᠠᠭ᠎ᠠ ᠶᠢᠨ ᠬᠠᠷᠭᠢᠰ ᠬᠦᠴᠦᠨ ᠢ ᠴᠡᠭᠴᠡᠯᠡᠨ ᠵᠠᠰᠠᠬᠤ ᠵᠡᠷᠭᠡ ᠠᠵᠢᠯ ᠤᠨ ᠪᠠᠶᠢᠴᠠᠭᠠᠯᠲᠠ ᠶᠢ ᠥᠷᠨᠢᠭᠦᠯᠵᠦ᠂ ᠠᠶᠤᠯ ᠲᠦᠭᠰᠢᠭᠦᠷᠢ ᠶᠢᠨ ᠭᠡᠮ ᠰᠣᠭᠤᠭ ᠢ ᠪᠦᠬᠦ ᠲᠠᠯ᠎ᠠ ᠪᠠᠷ ᠪᠠᠶᠢᠴᠠᠭᠠᠨ ᠴᠡᠭᠴᠡᠯᠡᠵᠦ᠂ ᠡᠯ᠎ᠡ ᠲᠦᠷᠦᠯ ᠤᠨ ᠠᠳᠡᠯ ᠭᠠᠷᠬᠤ ᠶᠢ ᠬᠠᠮᠤᠭ ᠤᠨ ᠶᠡᠭᠡ ᠬᠡᠮᠵᠢᠶ᠎ᠡ ᠪᠠᠷ ᠰᠡᠷᠭᠡᠶᠢᠯᠡᠨ ᠬᠤᠷᠢᠭᠯᠠᠵᠤ᠂ ᠰᠤᠮᠤᠨ ᠤ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ ᠦᠵᠡᠯ ᠰᠠᠨᠠᠭ᠎ᠠ ᠪᠠᠨ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠨᠡᠶᠢᠭᠡᠮ ᠤᠨ ᠲᠣᠭᠲᠠᠭᠤᠨ ᠪᠠᠶᠢᠳᠠᠯ ᠢ ᠰᠠᠶᠢᠲᠤᠷ ᠬᠠᠮᠠᠭᠠᠯᠠᠬᠤ ᠶᠠᠪᠤᠳᠠᠯ ᠢ ᠬᠠᠮᠤᠭ ᠤᠨ ᠴᠢᠬᠤᠯᠠ ᠬᠠᠲᠠᠭᠤ ᠡᠭᠦᠷᠭᠡ ᠪᠣᠯᠭᠠᠵᠤ᠂ ᠠᠰᠠᠭᠤᠳᠠᠯ ᠭᠠᠷᠬᠤ ᠦᠭᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠠᠮᠢᠨ ᠬᠡᠷᠡᠭ ᠢ ᠵᠠᠪᠠᠯ ᠰᠡᠷᠭᠡᠶᠢᠯᠡᠬᠦ᠂ ᠠᠮᠢᠨ ᠬᠡᠷᠡᠭ ᠢ ᠵᠠᠪᠠᠯ ᠢᠯᠡᠷᠡᠭᠦᠯᠬᠦ ᠣᠶᠢᠯᠠᠭᠠᠭᠳᠠᠬᠤᠨ ᠢ ᠪᠤᠢ ᠪᠣᠯᠭᠠᠵᠤ᠂ ᠵᠠᠩᠭᠢᠯᠠᠭ᠎ᠠ ᠶᠢ ᠨᠢ ᠣᠨᠣᠪᠴᠢᠲᠠᠢ ᠡᠷᠢᠵᠦ ᠂ ᠡᠪᠡᠳᠴᠢᠨ ᠳᠤᠨᠢ ᠲᠠᠭᠠᠷᠠᠭᠤᠯᠤᠨ ᠡᠮ ᠥᠭᠴᠦ᠂ ᠡᠯ᠎ᠡ ᠵᠦᠢᠯ ᠤᠨ ᠠᠵᠢᠯ ᠢ ᠴᠢᠩᠭ᠎ᠠ ᠠᠳᠬᠤᠵᠤ ᠪᠣᠳᠠᠲᠠᠢ ᠠᠳᠬᠤᠬᠤ ᠬᠡᠷᠡᠭᠲᠡᠢ᠃ ᠡᠬᠢ ᠡᠭᠦᠰᠦᠯ ᠠᠴᠠ ᠨᠢ ᠵᠢᠭᠰᠠᠭᠠᠨ ᠪᠠᠶᠢᠴᠠᠭᠠᠬᠤ᠂ ᠡᠬᠢ ᠡᠭᠦᠰᠦᠯ ᠠᠴᠠ ᠨᠢ ᠤᠷᠢᠳᠴᠢᠯᠠᠨ ᠰᠡᠷᠭᠡᠶᠢᠯᠡᠬᠦ᠂ ᠡᠬᠢ ᠡᠭᠦᠰᠦᠯ ᠠᠴᠠ ᠨᠢ ᠠᠷᠢᠯᠭᠠᠬᠤ ᠳᠤ ᠰᠠᠭᠤᠷᠢᠯᠠᠨ᠂ ᠠᠵᠤ ᠠᠬᠤᠶᠢᠯᠠᠯ᠂ ᠮᠠᠯᠵᠢᠬᠤ ᠲᠠᠷᠢᠶᠠᠯᠠᠬᠤ ᠡᠷᠦᠬᠡ ᠳᠤ ᠭᠦᠨᠵᠡᠭᠡᠶᠢᠷᠡᠵᠦ᠂ ᠵᠥᠷᠢᠴᠡᠯ ᠵᠢᠭᠤᠷᠠᠯᠳᠤᠭᠠᠨ ᠤ ᠳᠠᠯᠳᠠ ᠬᠡᠮ ᠢ ᠵᠢᠭᠰᠠᠭᠠᠨ ᠪᠠᠶᠢᠴᠠᠭᠠᠬᠤ ᠠᠵᠢᠯ ᠢ ᠪᠥᠬᠦ ᠲᠠᠯ᠎ᠠ ᠪᠠᠷ ᠥᠷᠨᠢᠭᠦᠯᠵᠦ᠂ ᠵᠥᠷᠢᠴᠡᠯ ᠵᠢᠭᠤᠷᠠᠯᠳᠤᠭᠠᠨ ᠤ ᠡᠬᠡ ᠲᠠᠩᠰᠠ ᠶᠢ ᠪᠠᠶᠢᠭᠤᠯᠤᠨ᠂ ᠴᠠᠭ ᠲᠤᠬᠠᠢ ᠳᠤᠨᠢ ᠰᠠᠨᠠᠭᠠᠴᠢᠯᠠᠭ᠎ᠠ ᠠᠴᠠ ᠪᠠᠨ ᠭᠡᠷ ᠲᠤᠨᠢ ᠬᠦᠷᠴᠦ ᠰᠢᠢᠳᠪᠦᠷᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠢ᠃ ᠠᠵᠢᠯ ᠤᠨ ᠳᠤᠲᠠᠭᠤᠳᠠᠯ ᠢ ᠨᠥᠬᠦᠪᠦᠷᠢᠯᠡᠵᠦ᠂ ︽ᠰᠢᠯᠢ ᠶᠢᠨ ᠭᠤᠣᠯ ᠠᠶᠢᠮᠠᠭ ᠤᠨ 2022 ︱ 2025 ᠣᠨ ᠤ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠠᠵᠢᠯ ᠤᠨ ᠬᠡᠷᠡᠭᠵᠢᠭᠦᠯᠬᠦ ᠲᠥᠰᠥᠯ︾ ᠢ ᠴᠢᠩᠭ᠎ᠠ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠠᠵᠢᠯ ᠤᠨ ᠪᠣᠳᠠᠲᠠᠶᠢᠵᠢᠵᠤ ᠦᠷ᠎ᠡ ᠪᠦᠲᠦᠮᠵᠢ ᠣᠯᠬᠤ ᠶᠢ ᠯᠠᠪᠳᠠᠭᠤᠨ ᠪᠠᠲᠤᠲᠠᠢ ᠠᠬᠢᠭᠤᠯᠤᠨ᠎ᠠ᠃
    ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠰᠢᠯᠢ ᠶᠢᠨ ᠭᠤᠣᠯ ᠠᠶᠢᠮᠠᠭ ᠤᠨ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠠᠵᠤ ᠠᠬᠤᠶᠢᠯᠠᠯ ᠳᠤ ᠬᠤᠯᠪᠣᠭᠳᠠᠭᠰᠠᠨ ᠠᠶᠤᠯ ᠲᠦᠭᠰᠢᠭᠦᠷᠢ ᠶᠢᠨ ᠳᠠᠯᠳᠠ ᠬᠡᠮ ᠤᠨ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠬᠤ ᠵᠢᠴᠢ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠵᠡᠷᠭᠡ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠭᠰᠠᠨ ᠪᠥᠭᠡᠳ ᠣᠳᠣᠬᠢ ᠱᠠᠲᠤᠨ ᠤ ᠰᠤᠮᠤ ᠶᠢᠨ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠠᠷᠢᠯᠭᠠᠬᠤ ᠪᠠ ᠠᠮᠢᠨ ᠬᠡᠷᠡᠭ ᠢ ᠰᠡᠷᠭᠡᠶᠢᠯᠡᠨ ᠡᠵᠡᠮᠳᠡᠬᠦ᠂ ︽ᠲᠣᠰᠬᠤᠨ ᠤ ᠡᠵᠡᠷᠬᠡᠭᠴᠢ︾ ᠶᠢ ᠴᠡᠭᠴᠡᠯᠡᠨ ᠵᠠᠰᠠᠬᠤ ᠠᠵᠢᠯ ᠳᠤ ᠪᠠᠶᠢᠷᠢᠯᠠᠭᠤᠯᠤᠯᠲᠠ ᠬᠢᠵᠡᠢ᠃     ᠬᠤᠷᠠᠯ ᠳᠤ ᠣᠷᠣᠯᠴᠠᠭᠰᠠᠳ ︽ᠠᠮᠢ ᠨᠠᠰᠤ ᠲᠠᠶᠢᠱᠠᠨ ᠠᠭᠤᠯᠠᠨ ᠠᠴᠠ ᠬᠦᠨᠳᠦ ︱ ᠰᠢ ᠶᠢᠨ ᠫᠢᠩ ᠶᠡᠷᠦᠩᠬᠡᠢ ᠱᠦᠵᠢ ᠶᠢᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠶᠢ ᠰᠤᠷᠤᠯᠴᠠᠶ᠎ᠠ︾ ᠭᠡᠬᠦ ᠲᠤᠰᠬᠠᠢ ᠰᠡᠳᠦᠪᠲᠦ ᠹᠢᠯᠢᠮ ᠢ ᠦᠵᠡᠪᠡ᠃     ᠰᠤᠮᠤᠨ ᠤ ᠬᠠᠷᠢᠶ᠎ᠠ ᠲᠣᠭᠤᠷᠢᠭ ᠤᠨ 15 ᠠᠵᠤ ᠠᠬᠤᠶᠢᠯᠠᠯ ᠤᠨ ᠲᠥᠯᠥᠭᠡᠯᠡᠭᠴᠢ᠂ ᠭᠠᠴᠠᠭᠠᠨ ᠤ ᠬᠤᠶᠠᠷ ᠵᠥᠪᠯᠡᠯ᠂ ᠰᠤᠮᠤᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ ᠲᠣᠮᠢᠯᠠᠭᠰᠠᠨ ᠰᠠᠯᠪᠤᠷᠢ᠂ ᠬᠠᠤᠯᠢ ᠴᠠᠭᠠᠵᠠ ᠶᠢᠨ ᠭᠠᠵᠠᠷ ᠤᠨ 30 ᠭᠠᠷᠤᠢ ᠬᠥᠮᠥᠨ ᠬᠤᠷᠠᠯ ᠳᠤ ᠣᠷᠣᠯᠴᠠᠵᠠᠢ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号