ᠪᠢ ᠣᠯᠠᠨ ᠲᠦᠮᠡᠨ ᠳᠤ ᠪᠣᠳᠠᠲᠠᠢ ᠠᠵᠢᠯ ᠬᠢᠨ᠎ᠡ᠂ ︽ᠬᠤᠷᠤᠭᠤᠨ ᠦᠵᠦᠭᠦᠷ ᠤᠨ ᠤᠷ᠎ᠠ ᠮᠡᠷᠭᠡᠵᠢᠯ︾  ᠨᠢ ︽ᠬᠤᠷᠤᠭᠤᠨ ᠦᠵᠦᠭᠦᠷ ᠤᠨ ᠠᠵᠤ ᠠᠬᠤᠢ︾ ᠵᠦᠭ ᠤᠷᠤᠭᠰᠢᠯᠠᠵᠤ ᠪᠣᠶ ᠬᠤᠲᠠ ᠶᠢᠨ ᠡᠮᠡᠭᠲᠡᠶᠢᠴᠦᠳ ᠤᠨ ᠬᠤᠯᠪᠤᠭ᠎ᠠ ᠠᠴᠠ ᠡᠷᠭᠢᠯᠡᠭᠰᠡᠨ ︽ᠭᠤᠪᠢ ᠶᠢᠨ ᠴᠡᠴᠡᠭ︾ ᠭᠠᠷ ᠤᠷᠠᠯᠠᠯ ᠤᠨ ᠪᠣᠯᠪᠠᠰᠤᠷᠠᠯ ᠤᠨ ᠠᠩᠭᠢ ᠳᠤ ᠭᠢᠯᠠᠰ ᠴᠡᠭ ᠲᠠᠢ ᠪᠣᠯᠪᠠ
ᠨᠡᠶᠢᠲᠡᠯᠡᠭᠰᠡᠨ ᠴᠠᠭ᠄
2022/4/8
   ᠡᠮᠡᠭᠲᠡᠶᠢᠴᠦᠳ ᠤᠨ ᠠᠳᠠᠯ ᠦᠢᠯᠡᠰ ᠴᠣᠭᠴᠠᠯᠠᠵᠤ ᠠᠵᠢᠯ ᠣᠯᠬᠤ ᠴᠢᠳᠠᠪᠤᠷᠢ ᠶᠢ ᠬᠥᠮᠥᠵᠢᠭᠦᠯᠵᠦ᠂ ᠠᠵᠢᠯ ᠣᠯᠬᠤ ᠬᠦᠴᠢᠷ ᠠᠰᠠᠭᠤᠳᠠᠯ ᠢ ᠰᠢᠢᠳᠪᠦᠷᠢᠯᠡᠬᠦ ᠶᠢᠨ ᠲᠤᠯᠠᠳᠠ᠂ 4 ᠰᠠᠷ᠎ᠠ ᠶᠢᠨ 7 ᠤ ᠡᠳᠦᠷ᠂ ᠬᠤᠲᠠ ᠶᠢᠨ ᠡᠮᠡᠭᠲᠡᠶᠢᠴᠦᠳ ᠤᠨ ᠬᠤᠯᠪᠤᠭ᠎ᠠ᠂ ᠭᠠᠷ ᠤᠷᠠᠯᠠᠯ ᠤᠨ ᠡᠮᠡᠭᠲᠡᠶᠢᠴᠦᠳ ᠤᠨ ᠲᠤᠰᠬᠠᠢ ᠠᠵᠢᠯ ᠤᠨ ᠬᠤᠷᠰᠢᠶ᠎ᠠ ᠬᠠᠮᠲᠤᠷᠠᠨ ︽ᠭᠤᠪᠢ ᠶᠢᠨ ᠴᠡᠴᠡᠭ︾ ᠭᠠᠷ ᠤᠷᠠᠯᠠᠯ ᠤᠨ ᠪᠣᠯᠪᠠᠰᠤᠷᠠᠯ ᠤᠨ ᠠᠩᠭᠢ ᠡᠷᠭᠢᠯᠡᠵᠦ᠂ ᠡᠮᠡᠭᠲᠡᠶᠢᠴᠦᠳ ᠤᠨ ︽ᠬᠤᠷᠤᠭᠤᠨ ᠦᠵᠦᠭᠦᠷ ᠤᠨ ᠤᠷ᠎ᠠ ᠮᠡᠷᠭᠡᠵᠢᠯ︾ ᠢ ︽ᠬᠤᠷᠤᠭᠤᠨ ᠦᠵᠦᠭᠦᠷ ᠤᠨ ᠠᠵᠤ ᠠᠬᠤᠢ︾ ᠳᠠᠰᠢ ᠬᠤᠪᠢᠷᠠᠭᠤᠯᠬᠤ ᠶᠢ ᠠᠬᠢᠭᠤᠯᠪᠠ᠃
   ᠪᠣᠯᠪᠠᠰᠤᠷᠠᠯ ᠤᠨ ᠲᠤᠬᠠᠢ ᠶᠢᠨ ᠲᠠᠯᠠᠪᠠᠢ    ᠪᠣᠯᠪᠠᠰᠤᠷᠠᠭᠤᠯᠤᠯ ᠤᠨ ᠳᠤᠮᠳᠠ᠂ ᠬᠤᠲᠠ ᠶᠢᠨ ᠭᠠᠷ ᠤᠷᠠᠯᠠᠯ ᠤᠨ ᠡᠮᠡᠭᠲᠡᠶᠢᠴᠦᠳ ᠤᠨ ᠲᠤᠰᠬᠠᠢ ᠬᠤᠷᠰᠢᠶᠠᠨ ᠤ ᠬᠠᠷᠢᠭᠤᠴᠠᠯᠭᠠᠲᠠᠨ ︽ᠭᠤᠪᠢ ᠶᠢᠨ ᠴᠡᠴᠡᠭ︾ ᠤᠨ ᠢᠷᠡᠯᠲᠡ᠂ ᠲᠦᠭᠦᠬᠡᠢ ᠮᠠᠲ᠋ᠧᠷᠢᠶᠠᠯ ᠰᠣᠩᠭᠤᠨ ᠠᠪᠬᠤ᠂ ᠬᠠᠮᠢᠶ᠎ᠠ ᠪᠦᠬᠦᠢ ᠪᠠᠭᠠᠵᠢ ᠬᠡᠷᠡᠭᠰᠡᠯ ᠦᠶᠯᠡᠳᠬᠦ ᠵᠡᠷᠭᠡ ᠲᠠᠯ᠎ᠠ   ᠠᠴᠠ ᠭᠠᠷᠳᠠᠵᠤ᠂ ᠲᠣᠷᠭ᠎ᠠ ᠳᠤᠷᠳᠤᠩ᠂ ᠲᠣᠣᠷ ᠱᠠ᠂ ᠪᠥᠰ ᠪᠠᠷᠠᠭ᠎ᠠ ᠪᠠᠷ ᠲᠠᠩ ᠰᠢᠷᠬᠡᠭ ᠴᠡᠴᠡᠭ ᠦᠢᠯᠡᠳᠬᠦ᠂ ᠭᠠᠷ ᠢᠶᠠᠷ ᠪᠠᠷᠢᠭᠰᠠᠨ ᠪᠠᠭᠴᠠ ᠴᠡᠴᠡᠭ ᠪᠠᠷᠢᠬᠤ᠂ ᠦᠷᠭᠦᠯᠵᠢ ᠬᠠᠷᠠᠭᠳᠠᠳᠠᠭ ᠬᠤᠸᠠᠷ ᠤᠨ ᠲᠣᠷᠭ᠎ᠠ ᠳᠤᠷᠳᠤᠩ ᠤᠨ ᠥᠩᠭᠡ ᠶᠢ ᠬᠡᠷᠬᠢᠨ ᠲᠣᠬᠢᠷᠠᠭᠤᠯᠬᠤ᠂ ᠡᠯ᠎ᠡ ᠲᠥᠷᠥᠯ ᠤᠨ ᠬᠤᠸᠠᠷ ᠤᠨ ᠪᠠᠭᠴᠠ ᠶᠢ ᠪᠣᠳᠠᠲᠠᠢ ᠦᠶᠯᠡᠳᠬᠦ ᠠᠯᠬᠤᠮ ᠳᠠᠷᠠᠭ᠎ᠠ ᠵᠡᠷᠭᠡ ᠶᠢ ᠨᠠᠷᠢᠨ ᠲᠠᠶᠢᠯᠪᠤᠷᠢᠯᠠᠭᠰᠠᠨ ᠪᠠᠶᠢᠨ᠎ᠠ᠃    ᠪᠣᠯᠪᠠᠰᠤᠷᠠᠯ ᠳᠤ ᠣᠷᠣᠯᠴᠠᠭᠰᠠᠨ ᠰᠤᠷᠤᠭᠴᠢᠳ ᠤᠨ ᠬᠠᠯᠠᠭᠤᠨ ᠰᠡᠳᠬᠢᠯᠭᠡ ᠣᠷᠭᠢᠯᠵᠤ᠂ ᠡᠰᠬᠡᠬᠦ᠂ ᠡᠪᠬᠡᠵᠦ ᠨᠤᠭᠤᠯᠬᠤ᠂ ᠯᠠ ᠪᠠᠷ ᠰᠢᠲᠠᠭᠠᠬᠤ᠂ ᠴᠠᠪᠠᠤ ᠶᠢ ᠳᠤᠰᠤᠭᠠᠬᠤ ᠵᠡᠷᠭᠡ  ᠠᠯᠬᠤᠮ ᠪᠦᠷᠢ ᠳᠤ ᠴᠥᠮ ᠮᠠᠰᠢ ᠠᠩᠬᠠᠷᠤᠯ  ᠢᠶᠠᠨ ᠲᠥᠪᠯᠡᠷᠡᠭᠦᠯᠦᠨ᠎ᠡ᠃ ᠳᠡᠮᠡᠢ ᠤᠳᠠᠯ ᠦᠭᠡᠢ ᠥᠩᠭᠡ ᠲᠠᠭᠠᠷᠠᠭᠤᠯᠬᠤ ᠳᠤ ᠵᠣᠬᠢᠮᠵᠢᠲᠠᠢ᠂ ᠨᠠᠷᠢᠯᠢᠭ ᠰᠠᠶᠢᠬᠠᠨ ᠭᠦᠷᠦᠮᠡᠯ ᠮᠠᠨᠳᠠᠷᠠᠸ᠎ᠠ ᠴᠡᠴᠡᠭ᠂ ᠯᠢᠰᠢ ᠴᠡᠴᠡᠭ᠂ ᠰᠠᠷᠭᠠᠢ ᠴᠡᠴᠡᠭ   ᠢ ᠠᠮᠵᠢᠯᠲᠠ ᠲᠠᠢ ᠬᠢᠵᠦ᠂ ᠵᠢᠭᠠᠬᠠᠨ ᠴᠢᠮᠡᠭᠯᠡᠪᠡᠯ ᠠᠮᠢᠳᠤ ᠳᠦᠷᠰᠦᠯᠢᠭ ᠪᠣᠯᠳᠠᠭ᠃ ᠰᠤᠷᠤᠭᠴᠢᠳ ᠥᠪᠡᠷ ᠥᠪᠡᠷ ᠤᠨ ᠪᠦᠲᠦᠭᠡᠯ ᠢᠶᠠᠨ ᠬᠠᠷᠢᠯᠴᠠᠨ ᠠᠳᠠᠯᠢᠳᠬᠠᠨ ᠦᠵᠡᠭᠦᠯᠵᠦ᠂ ᠣᠮᠤᠭ ᠪᠠᠭ᠋ᠠᠳᠤᠯᠲᠤ ᠰᠡᠳᠬᠢᠯᠭᠡ ᠪᠠᠷ ᠳᠦᠭᠦᠷᠡᠩ ᠪᠠᠶᠢᠯ᠎ᠠ᠃
   ᠰᠤᠷᠤᠭᠴᠢ ᠭᠠᠷ ᠤᠷᠠᠯᠠᠯ ᠤᠨ ᠪᠦᠲᠦᠭᠡᠭᠳᠡᠬᠦᠨ ᠢ ᠨᠠᠷᠢᠨ ᠬᠢᠨᠠᠮᠠᠭᠠᠢ ᠰᠤᠷᠤᠨ᠎ᠠ    ᠰᠠᠶ᠋ᠢᠬᠠᠨ ᠮᠠᠨᠳᠠᠷᠠᠸ᠎ᠠ ᠴᠡᠴᠡᠭ ᠤᠨ ᠪᠠᠭᠴᠠ ᠶᠢ ᠬᠢᠵᠦ ᠳᠠᠭᠤᠰᠬᠠᠭᠰᠠᠨ ᠪᠣᠯᠪᠠᠰᠤᠷᠠᠯ ᠳᠤ ᠣᠷᠣᠯᠴᠠᠭᠰᠠᠨ ᠨᠢᠭᠡᠨ ᠰᠤᠷᠤᠭᠴᠢ᠄ ︽ᠪᠢ ᠪᠣᠯ ᠭᠡᠷᠡᠯᠠᠤᠳᠤ ᠰᠤᠮᠤᠨ ᠤ ᠮᠠᠯᠴᠢᠨ᠂ ᠬᠤᠳᠠ ᠳᠤ ᠰᠤᠷᠭᠠᠭᠤᠯᠢ ᠳᠤ ᠰᠠᠭᠤᠵᠤ ᠪᠠᠶᠢᠭ᠎ᠠ ᠬᠡᠦᠬᠡᠳ ᠢᠶᠠᠨ ᠠᠰᠠᠷᠠᠵᠤ ᠪᠠᠶᠢᠨ᠎ᠠ᠃ ᠡᠨᠡ ᠬᠤᠶᠠᠷ ᠵᠢᠯ ᠳᠤ ᠬᠢᠵᠢᠭ ᠤᠨ ᠪᠠᠶᠢᠳᠠᠯ ᠠᠴᠠ ᠪᠣᠯᠵᠤ ᠮᠠᠶᠢᠮᠠᠢ ᠨᠢ ᠳᠡᠮᠡᠢ ᠰᠠᠶᠢᠨ ᠪᠢᠰᠢ ᠪᠣᠯᠤᠭᠰᠠᠨ ᠪᠥᠭᠡᠳ ᠣᠷᠣᠯᠭ᠎ᠠ ᠨᠢ ᠴᠦ ᠪᠠᠭᠤᠷᠠᠭᠰᠠᠨ ᠪᠠᠶᠢᠨ᠎ᠠ᠃ ᠰᠣᠨᠣᠰᠤᠯᠲᠠ ᠪᠠᠷ ᠡᠮᠡᠭᠲᠡᠶᠢᠴᠦᠳ ᠤᠨ ᠬᠤᠯᠪᠣᠭᠠᠲᠤ ᠬᠤᠷᠠᠯ ᠡᠨᠡ ᠬᠦ ᠪᠣᠯᠪᠠᠰᠤᠷᠠᠯ ᠢ ᠡᠷᠬᠢᠯᠡᠭᠡᠳ ᠢᠷᠡᠯ᠎ᠡ ᠭᠡᠨ᠎ᠡ᠂ ᠳᠤᠷ᠎ᠠ ᠰᠣᠨᠢᠷᠬᠠᠯ ᠢᠶᠠᠨ ᠬᠥᠮᠥᠵᠢᠭᠦᠯᠬᠦ ᠶᠢᠨ ᠬᠠᠮᠲᠤ ᠥᠪᠡᠷ ᠤᠨ ᠨᠡᠬᠡᠮᠡᠯ ᠤᠨ ᠤᠷ᠎ᠠ ᠮᠡᠷᠭᠡᠵᠢᠯ ᠢᠶᠠᠷ ᠢᠶᠠᠨ ᠪᠠᠭ᠎ᠠ ᠰᠠᠭ᠎ᠠ ᠣᠷᠣᠯᠭ᠎ᠠ ᠣᠯᠵᠤ ᠭᠡᠷ ᠤᠨ ᠵᠠᠷᠤᠳᠠᠯ ᠢᠶᠠᠨ ᠨᠥᠬᠦᠪᠦᠷᠢᠯᠡᠬᠦ ᠶᠢ ᠬᠦᠰᠡᠵᠦ ᠪᠠᠶᠢᠨ᠎ᠠ᠃︾ ᠭᠡᠵᠦ ᠬᠡᠯᠡᠵᠦ ᠪᠠᠶᠢᠯ᠎ᠠ᠃
   ᠬᠢᠭᠰᠡᠨ ᠪᠡᠯᠡᠨ ᠬᠤᠸᠠᠷ    ᠣᠶᠢᠯᠠᠭᠠᠭᠰᠠᠨ ᠢᠶᠠᠷ᠂ ᠲᠣᠰ ᠤᠳᠠᠭᠠᠨ ᠤ ᠪᠣᠯᠪᠠᠰᠤᠷᠠᠭᠤᠯᠤᠯ ᠤᠨ ᠬᠤᠭᠤᠴᠠᠭ᠎ᠠ ᠨᠢ ᠭᠤᠷᠪᠠᠨ ᠡᠳᠦᠷ ᠪᠣᠯᠣᠨ᠎ᠠ ᠂ ᠪᠣᠯᠪᠠᠰᠤᠷᠠᠭᠤᠯᠤᠯ ᠳᠤ ᠣᠷᠣᠯᠴᠠᠭᠰᠠᠨ ᠪᠥᠭᠡᠳ ᠰᠢᠯᠭᠠᠯᠲᠠ ᠳᠤ ᠬᠢᠷᠢ ᠲᠡᠩᠴᠡᠭᠰᠡᠨ ᠰᠣᠷᠣᠭᠴᠢ ᠭᠠᠷ ᠤᠷᠠᠯᠠᠯ ᠤᠨ ᠡᠮᠡᠭᠲᠡᠶᠢᠴᠦᠳ ᠤᠨ ᠲᠤᠰᠬᠠᠢ ᠠᠵᠢᠯ ᠤᠨ ᠬᠤᠷᠰᠢᠶ᠎ᠠ ᠠᠴᠠ ᠵᠠᠬᠢᠶᠠᠯᠠᠭ᠎ᠠ ᠶᠢᠨ ᠡᠭᠦᠷᠭᠡ ᠶᠢ ᠠᠪᠴᠤ  ᠂ ᠡᠭᠦᠷᠭᠡ ᠪᠠᠨ ᠪᠡᠶᠡᠯᠡᠭᠦᠯᠪᠡᠯ ᠳᠠᠷᠤᠢ ᠵᠣᠬᠢᠴᠠᠩᠭᠤᠢ ᠬᠠᠷᠠᠮᠵᠢ ᠣᠯᠵᠤ ᠪᠣᠯᠣᠨ᠎ᠠ᠃
 
ᠢᠷᠡᠯᠲᠡ᠄ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号