ᠪᠦᠬᠦ ᠤᠯᠤᠰ ᠤᠨ ᠡᠳᠦᠷ ᠳᠤᠮᠳᠠᠴᠢ ᠶᠢᠨ ᠰᠢᠨ᠎ᠡ ᠪᠠᠷ ᠨᠡᠮᠡᠭᠳᠡᠭᠰᠡᠨ ᠬᠠᠯᠳᠠᠪᠤᠷᠢᠯᠠᠭᠳᠠᠭᠴᠢ ᠤᠷᠬᠢᠯ ᠤᠨ ᠬᠤᠭᠤᠴᠠᠭᠠᠨ ᠤ ᠬᠢ ᠠᠴᠠ 80% ᠪᠠᠷ ᠪᠠᠭᠤᠷᠠᠵᠤ᠂ ᠨᠥᠬᠦᠴᠡᠯ ᠲᠠᠢ ᠬᠢᠯᠢ ᠶᠢᠨ ᠪᠣᠭᠤᠮᠲᠠ ᠶᠢᠨ ᠬᠤᠳᠠ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠠᠪᠰᠠᠷ ᠤᠨ ᠣᠷᠣᠨ ᠭᠠᠷᠭᠠᠵᠤ ᠪᠣᠯᠣᠨ᠎ᠠ  ᠁ ᠬᠠᠮᠤᠭ ᠤᠨ ᠰᠢᠨ᠎ᠡ ᠪᠠᠶᠢᠳᠠᠯ ᠤᠨ ᠲᠤᠬᠠᠢ ᠮᠡᠳᠡᠭᠡᠯᠡᠯ︕
ᠨᠡᠶᠢᠲᠡᠯᠡᠭᠰᠡᠨ ᠴᠠᠭ᠄
2022/5/11
     ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ 5 ᠳ᠋ᠤᠭᠠᠷ ᠰᠠᠷ᠎ᠠ ᠶᠢᠨ 6 ᠤ ᠡᠳᠦᠷ ᠤᠨ ᠦᠳᠡ  ᠶᠢᠨ ᠬᠤᠶᠢᠨᠠᠬᠢ 3 ᠴᠠᠭ ᠲᠤ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠴᠠᠭ ᠮᠥᠴᠡ ᠶᠢ ᠠᠯᠳᠠᠯ ᠦᠭᠡᠢ᠂ ᠰᠢᠨᠵᠢᠯᠡᠬᠦ ᠤᠬᠠᠭᠠᠨᠴᠢ ᠨᠠᠷᠢᠯᠢᠭ ᠣᠨᠣᠴᠠᠲᠠᠢ ᠪᠠᠷ᠂ ᠪᠣᠳᠠᠲᠠᠢ ᠪᠥᠭᠡᠳ ᠨᠠᠷᠢᠯᠢᠭ ᠠᠳᠬᠤᠵᠤ ᠪᠠᠶᠢᠭ᠎ᠠ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠵᠠᠢ᠃ ᠬᠠᠮᠲᠤ ᠪᠠᠷ ᠠᠩᠬᠠᠷᠤᠯ ᠳᠠᠭᠠᠨ ᠠᠪᠴᠠᠭᠠᠶ᠎ᠠ︕     21 ᠮᠤᠵᠢ ᠪᠣᠯᠣᠨ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠪᠦᠬᠦ ᠣᠷᠣᠨ ᠪᠦᠰᠡ ᠪᠠᠷ ᠢᠶᠠᠨ ᠳᠣᠣᠷ᠎ᠠ ᠲᠦᠭᠰᠢᠭᠦᠷᠢᠲᠡᠢ ᠭᠠᠵᠠᠷ ᠣᠷᠣᠨ ᠪᠣᠯᠬᠤ ᠪᠣᠯᠪᠠᠴᠤ ᠬᠢᠵᠢᠭ ᠤᠨ ᠪᠠᠶᠢᠳᠠᠯ ᠮᠥᠨ ᠬᠦ ᠳᠠᠬᠢᠨ ᠦᠷᠪᠢᠰᠬᠦ ᠲᠦᠭᠰᠢᠭᠦᠷᠢ ᠣᠷᠣᠰᠢᠵᠤ ᠪᠠᠶᠢᠨ᠎ᠠ           4 ᠳ᠋ᠦ᠋ᠭᠡᠷ ᠰᠠᠷ᠎ᠠ ᠶᠢᠨ ᠳᠤᠮᠳᠠᠴᠢ ᠠᠴᠠ ᠨᠠᠭᠠᠰᠢ᠂ ᠮᠠᠨ ᠤ ᠤᠯᠤᠰ ᠤᠨ ᠬᠢᠵᠢᠭ ᠤᠨ ᠪᠠᠶᠢᠳᠠᠯ ᠶᠡᠷᠦᠩᠬᠡᠢ ᠳᠤ ᠪᠠᠨ ᠦᠷᠭᠦᠯᠵᠢᠯᠡᠨ ᠬᠡᠯᠪᠡᠯᠵᠡᠨ ᠪᠠᠭᠤᠷᠠᠬᠤ ᠬᠠᠨᠳᠤᠰᠢ ᠲᠠᠢ ᠪᠠᠶᠢᠵᠤ᠂ ︽5.1︾ ᠤ ᠠᠮᠠᠷᠠᠯᠲᠠ ᠶᠢᠨ ᠬᠤᠭᠤᠴᠠᠭᠠᠨ ᠳᠤ ᠪᠥᠬᠦ ᠤᠯᠤᠰ ᠤᠨ ᠬᠢᠵᠢᠭ ᠤᠨ ᠪᠠᠶᠢᠳᠠᠯ ᠶᠡᠷᠦᠩᠬᠡᠢ ᠳᠤ ᠪᠠᠨ ᠲᠣᠭᠲᠠᠭᠤᠨ ᠪᠣᠯᠵᠤ᠂ 4 ᠳ᠋ᠦ᠋ᠭᠡᠷ ᠰᠠᠷ᠎ᠠ ᠶᠢᠨ 30 ᠤ ᠡᠳᠦᠷ ᠠᠴᠠ 5 ᠳ᠋ᠤᠭᠠᠷ ᠰᠠᠷ᠎ᠠ ᠶᠢᠨ 5 ᠤ ᠡᠳᠦᠷ ᠪᠣᠯᠲᠠᠯ᠎ᠠ᠂ ᠪᠥᠬᠦ ᠤᠯᠤᠰ ᠤᠨ ᠡᠳᠦᠷ ᠳᠤᠮᠳᠠᠴᠢ ᠶᠢᠨ ᠰᠢᠨ᠎ᠡ ᠪᠠᠷ ᠨᠡᠮᠡᠭᠳᠡᠭᠰᠡᠨ ᠬᠠᠯᠳᠠᠪᠤᠷᠢᠯᠠᠭᠳᠠᠭᠴᠢ ᠪᠠᠷᠤᠭ 5800 ᠭᠠᠷᠤᠢ ᠵᠢᠱᠢᠶ᠎ᠡ ᠳᠤ ᠬᠦᠷᠴᠦ᠂ ᠣᠷᠭᠢᠯ ᠤᠨ ᠬᠤᠭᠤᠴᠠᠭᠠᠨ ᠤ ᠬᠢ ᠠᠴᠠ 80% ᠪᠠᠷ ᠪᠠᠭᠤᠷᠠᠪᠠ᠃ ᠱᠠᠩᠬᠠᠢ ᠬᠤᠲᠠ ᠶᠢᠨ ᠬᠢᠵᠢᠭ ᠤᠨ ᠪᠠᠶᠢᠳᠠᠯ ᠨᠢ ᠣᠶᠢᠷ᠎ᠠ ᠶᠢᠨ ᠬᠤᠭᠤᠴᠠᠭᠠᠨ ᠳᠤ ᠡᠳᠦᠷ ᠪᠦᠷᠢ ᠶᠢᠨ ᠰᠢᠨ᠎ᠡ ᠪᠠᠷ ᠨᠡᠮᠡᠭᠳᠡᠬᠦ ᠬᠠᠯᠳᠠᠪᠤᠷᠢᠯᠠᠭᠳᠠᠭᠴᠢ ᠶᠢᠨ ᠲᠤᠭ᠎ᠠ ᠦᠷᠭᠦᠯᠵᠢᠯᠡᠨ ᠪᠠᠭᠠᠰᠴᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠦᠷᠭᠦᠯᠵᠢᠯᠡᠨ ᠲᠣᠭᠲᠠᠭᠤᠨ ᠪᠣᠯᠬᠤ ᠬᠠᠨᠳᠤᠰᠢ ᠲᠠᠢ︔ ᠭᠢᠷᠢᠨ ᠮᠤᠵᠢ ᠶᠢᠨ ᠬᠢᠵᠢᠭ ᠤᠨ ᠪᠠᠶᠢᠳᠠᠯ ᠮᠥᠨ ᠬᠦ ᠰᠡᠭᠦᠯ ᠬᠤᠷᠢᠶᠠᠬᠤ ᠱᠠᠲᠤᠨ ᠳᠤ ᠪᠠᠨ ᠪᠠᠶᠢᠵᠤ᠂ ᠲᠤᠰᠠᠭᠠᠷᠯᠠᠬᠤ ᠴᠡᠭ ᠪᠠ ᠪᠢᠲᠡᠭᠦᠮᠵᠢᠯᠡᠨ ᠡᠵᠡᠮᠳᠡᠬᠦ ᠣᠷᠣᠨ ᠠᠴᠠ ᠭᠠᠳᠠᠨᠠᠬᠢ ᠲᠦᠭᠰᠢᠭᠦᠷᠢ ᠶᠢ ᠦᠨᠳᠦᠰᠦᠨ ᠳᠤ ᠪᠠᠨ ᠡᠵᠡᠮᠳᠡᠪᠡ︔ ᠪᠡᠭᠡᠵᠢᠩ ᠬᠤᠲᠠ ᠶᠢᠨ ᠬᠢᠵᠢᠭ ᠤᠨ ᠪᠠᠶᠢᠳᠠᠯ ᠨᠢ ᠣᠷᠣᠨ ᠬᠡᠪᠴᠢᠶᠡᠨ ᠤ ᠪᠥᠭᠡᠮ ᠬᠦᠴᠢᠯ ᠤᠨ ᠰᠢᠭᠰᠢᠨ ᠪᠠᠶᠢᠴᠠᠭᠠᠯᠲᠠ ᠬᠢᠬᠦ ᠪᠠ ᠨᠢᠭᠲᠠ ᠣᠶᠢᠷᠠᠲᠤᠭᠰᠠᠳ ᠢ ᠵᠢᠭᠰᠠᠭᠠᠨ ᠪᠠᠶᠢᠴᠠᠭᠠᠵᠤ ᠬᠠᠮᠢᠶᠠᠷᠤᠨ ᠡᠵᠡᠮᠳᠡᠬᠦ ᠪᠠᠷ ᠳᠡᠮᠵᠢᠨ᠂ ᠬᠢᠵᠢᠭ ᠲᠠᠷᠬᠠᠬᠤ ᠲᠦᠭᠰᠢᠭᠦᠷᠢ ᠨᠢᠭᠡᠨᠲᠡ ᠨᠡᠯᠢᠶᠡᠳ ᠪᠠᠭᠤᠷᠠᠭᠰᠠᠨ ᠪᠠᠶᠢᠨ᠎ᠠ︔ ᠵᠢᠶᠠᠩᠰᠢ ᠮᠤᠵᠢ ᠶᠢᠨ ᠨᠠᠨᠴᠠᠩ ᠬᠤᠲᠠ ᠶᠢᠨ ᠬᠢᠵᠢᠭ ᠤᠨ ᠪᠠᠶᠢᠳᠠᠯ ᠢ ᠨᠢᠭᠡᠨᠲᠡ ᠪᠦᠲᠦᠮᠵᠢᠲᠡᠶ ᠡᠵᠡᠮᠳᠡᠭᠰᠡᠨ ᠪᠣᠯᠪᠠᠴᠤ ᠱᠠᠩ ᠷᠣᠣ ᠬᠤᠲᠠ ᠶᠢᠨ ᠬᠢᠵᠢᠭ ᠤᠨ ᠪᠠᠶᠢᠳᠠᠯ ᠨᠢ ᠰᠢᠭᠰᠢᠨ ᠪᠠᠶᠢᠴᠠᠭᠠᠬᠤ ᠪᠠ ᠬᠠᠮᠢᠶᠠᠷᠤᠨ ᠡᠵᠡᠮᠳᠡᠬᠦ ᠡᠷᠴᠢᠮ ᠢᠶᠠᠨ ᠴᠢᠩᠭᠠᠷᠠᠭᠤᠯᠬᠤ ᠴᠢᠬᠤᠯᠠᠲᠠᠢ ᠪᠠᠶᠢᠨ᠎ᠠ︔ ᠯᠢᠶᠣᠤᠨᠢᠩ᠂ ᠵᠧᠵᠢᠶᠠᠩ᠂ ᠾᠧᠨᠠᠨ ᠵᠡᠷᠭᠡ ᠭᠠᠵᠠᠷ ᠲᠤ ᠣᠶᠢᠷ᠎ᠠ ᠶᠢᠨ ᠬᠤᠭᠤᠴᠠᠭᠠᠨ ᠳᠤ ᠬᠠᠯᠳᠠᠪᠤᠷᠢᠯᠠᠯ ᠤᠨ ᠢᠷᠡᠯᠲᠡ ᠨᠢ ᠲᠣᠳᠣᠷᠬᠠᠢ ᠦᠭᠡᠢ ᠬᠢᠵᠢᠭ ᠤᠨ ᠪᠠᠶᠢᠳᠠᠯ ᠰᠢᠨ᠎ᠡ ᠪᠠᠷ ᠡᠭᠦᠰᠴᠦ᠂ ᠨᠢᠭᠤᠭᠳᠠᠮᠠᠯ ᠴᠢᠨᠠᠷᠲᠠᠢ ᠪᠠᠷ ᠲᠠᠷᠬᠠᠨ ᠳᠡᠯᠭᠡᠷᠡᠬᠦ ᠲᠦᠭᠰᠢᠭᠦᠷᠢ ᠣᠷᠣᠰᠢᠵᠤ᠂ ᠤᠭ ᠦᠨᠳᠦᠰᠦ ᠶᠢ ᠨᠢ ᠡᠷᠢᠵᠦ ᠪᠠᠶᠢᠴᠠᠭᠠᠬᠤ ᠪᠠ ᠬᠠᠮᠢᠶᠠᠷᠤᠨ ᠡᠵᠡᠮᠳᠡᠵᠦ ᠰᠡᠷᠭᠡᠶᠢᠯᠡᠬᠦ ᠬᠦᠴᠢᠷᠳᠡᠯ ᠨᠡᠮᠡᠭᠳᠡᠵᠡᠢ᠃     ᠣᠲᠣ ᠪᠣᠯᠲᠠᠯ᠎ᠠ᠂ 21 ᠮᠤᠵᠢ ᠪᠣᠯᠣᠨ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠪᠥᠬᠦ ᠣᠷᠣᠨ ᠪᠦᠰᠡ ᠪᠠᠷ ᠵᠶ᠋ᠠᠨ‌‍ᠲ᠋ᠣᠣᠷ᠎ᠠ ᠲᠦᠭᠰᠢᠭᠦᠷᠢᠲᠡᠢ ᠭᠠᠵᠠᠷ ᠣᠷᠣᠨ ᠪᠣᠯᠬᠤ ᠪᠣᠯᠪᠠᠴᠤ ᠬᠢᠵᠢᠭ ᠤᠨ ᠪᠠᠶᠢᠳᠠᠯ ᠮᠥᠨ ᠬᠦ ᠳᠠᠬᠢᠨ ᠦᠷᠪᠢᠰᠬᠦ ᠲᠦᠭᠰᠢᠭᠦᠷᠢ ᠣᠷᠣᠰᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠮᠥᠨ ᠬᠦ ᠬᠦᠨᠳᠦ ᠬᠡᠴᠡᠭᠦᠦ ᠪᠥᠭᠡᠳ ᠪᠤᠳᠤᠯᠢᠶᠠᠨᠲᠠᠢ ᠪᠠᠶᠢᠨ᠎ᠠ᠃   5 ᠳ᠋ᠤᠭᠠᠷ ᠰᠠᠷ᠎ᠠ ᠶᠢᠨ 5 ᠤ ᠡᠳᠦᠷ᠂ ᠳᠡᠯᠡᠬᠡᠢ ᠶᠢᠨ ᠡᠷᠡᠭᠦᠯ ᠬᠠᠮᠠᠭᠠᠯᠠᠯ ᠤᠨ ᠵᠣᠬᠢᠶᠠᠨ ᠪᠠᠶᠢᠭᠤᠯᠤᠯᠲᠠ ᠶᠢᠨ ᠢᠯᠡᠷᠬᠡᠶᠢᠯᠡᠭᠰᠡᠨ ᠢᠶᠠᠷ᠂ 2020 ᠣᠨ ᠪᠠ 2021 ᠣᠨ ᠳᠤ᠂ ᠪᠥᠬᠦ ᠳᠡᠯᠡᠬᠡᠢ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠶᠡᠭᠡ ᠳᠡᠯᠭᠡᠷᠡᠯᠲᠡ ᠲᠠᠢ ᠰᠢᠭᠤᠳ ᠪᠤᠶᠤ ᠳᠠᠮ ᠤᠨ ᠬᠤᠯᠪᠤᠭ᠎ᠠ ᠪᠠᠷ ᠦᠬᠦᠭᠰᠡᠨ ᠬᠥᠮᠥᠨ ᠤ ᠲᠤᠭ᠎ᠠ ᠪᠠᠷᠤᠭ 1490 ᠲᠦᠮᠡ ᠳᠤ ᠬᠦᠷᠴᠡᠢ᠃ ᠣᠳᠣᠬᠠᠨ ᠳᠤ᠂ ᠪᠥᠬᠦ ᠳᠡᠯᠡᠬᠡᠢ ᠶᠢᠨ ᠬᠢᠵᠢᠭ ᠤᠨ ᠪᠠᠶᠢᠳᠠᠯ ᠮᠥᠨ ᠬᠦ ᠥᠨᠳᠥᠷ ᠪᠠᠶᠢᠷᠢᠨ ᠳᠤ ᠪᠠᠶᠢᠵᠤ᠂ ᠸᠢᠷᠦ᠋ᠰ ᠮᠥᠨ ᠯᠡ ᠲᠠᠰᠤᠷᠠᠯᠲᠠ ᠦᠭᠡᠢ ᠬᠤᠪᠢᠰᠴᠤ ᠪᠠᠶᠢᠨ᠎ᠠ᠃    ᠮᠠᠨ ᠤ ᠤᠯᠤᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠪᠥᠬᠦ ᠲᠠᠯ᠎ᠠ ᠪᠠᠷ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ  ︽ᠰᠢᠨᠵᠢᠯᠡᠬᠦ ᠤᠬᠠᠭᠠᠨᠴᠢ ᠨᠠᠷᠢᠯᠢᠭ ᠣᠨᠣᠴᠠᠲᠠᠢ᠂ ᠡᠪᠡᠳᠴᠢᠨ ᠤ ᠵᠢᠱᠢᠶ᠎ᠡ ᠶᠢ ᠬᠥᠳᠡᠯᠦᠩᠭᠦᠢ ᠪᠠᠷ ᠦᠭᠡᠢ ᠪᠣᠯᠭᠠᠬᠤ︾ ᠳᠥᠷᠪᠡᠳᠦᠭᠡᠷ ᠱᠠᠲᠤᠨ ᠳᠤ ᠣᠷᠣᠪᠠ      2020 ᠣᠨ ᠠᠴᠠ ᠨᠠᠭᠠᠰᠢ᠂ ᠮᠠᠨ ᠤ ᠤᠯᠤᠰ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠶᠡᠭᠡ ᠲᠥᠯᠥᠪ᠄ ᠭᠡᠨᠡᠳᠲᠡ ᠶᠢᠨ ᠬᠢᠵᠢᠭ ᠤᠨ ᠪᠠᠶᠢᠳᠠᠯ ᠢ ᠠᠷᠭᠠᠴᠠᠭᠠᠬᠤ ᠪᠦᠰᠡᠯᠡᠨ ᠬᠤᠷᠢᠭᠯᠠᠬᠤ ᠱᠠᠲᠤ᠂ ᠪᠠᠶᠢᠩᠭᠤᠵᠢᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠶᠢᠨ ᠰᠦᠪᠡᠭᠴᠢᠯᠡᠬᠦ ᠱᠠᠲᠤ᠂ ᠪᠥᠬᠦ ᠬᠡᠯᠬᠢᠶ᠎ᠡ ᠪᠠᠷ ᠰᠡᠷᠭᠡᠶᠢᠯᠡᠨ ᠡᠵᠡᠮᠳᠡᠬᠦ ︽ᠡᠪᠡᠳᠴᠢᠨ ᠤ ᠵᠢᠱᠢᠶ᠎ᠡ ᠶᠢ ᠬᠥᠳᠡᠯᠦᠩᠭᠦᠢ ᠪᠠᠷ ᠦᠭᠡᠢ ᠪᠣᠯᠭᠠᠬᠤ︾ ᠱᠠᠲᠤ᠂ ᠪᠥᠬᠦ ᠲᠠᠯ᠎ᠠ ᠪᠠᠷ ᠶᠡᠷᠦᠩᠬᠡᠶᠢᠯᠡᠨ‌‍ᠰᠡᠷᠭᠡᠶᠢᠯᠡᠨ ᠡᠵᠡᠮᠳᠡᠬᠦ ︽ᠰᠢᠨᠵᠢᠯᠡᠬᠦ ᠤᠬᠠᠭᠠᠨᠴᠢ ᠨᠠᠷᠢᠯᠢᠭ ᠣᠨᠣᠴᠠᠲᠠᠢ᠂ ᠡᠪᠡᠳᠴᠢᠨ ᠤ ᠵᠢᠱᠢᠶ᠎ᠡ ᠶᠢ ᠬᠥᠳᠡᠯᠦᠩᠭᠦᠢ ᠪᠠᠷ ᠦᠭᠡᠢ‌‍ᠪᠣᠯᠭᠠᠬᠤ︾ ᠱᠠᠲᠤ ᠭᠡᠬᠦ ᠳᠦᠷᠪᠡᠨ ᠱᠠᠲᠤ ᠬᠤᠪᠢᠶᠠᠵᠤ ᠪᠣᠯᠣᠨ᠎ᠠ᠃ ᠡᠨᠡ ᠵᠢᠯ ᠤᠨ 3 ᠳ᠋ᠤᠭᠠᠷ ᠰᠠᠷ᠎ᠠ ᠠᠴᠠ ᠨᠠᠭᠠᠰᠢ᠂ ᠮᠠᠨ ᠤ ᠤᠯᠤᠰ ᠣᠲᠣ ᠶᠠᠭ ᠪᠥᠬᠦ ᠲᠠᠯ᠎ᠠ ᠪᠠᠷ‌‍ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ︽ᠰᠢᠨᠵᠢᠯᠡᠬᠦ ᠤᠬᠠᠭᠠᠨᠴᠢ ᠨᠠᠷᠢᠯᠢᠭ ᠣᠨᠣᠴᠠᠲᠠᠢ᠂ ᠡᠪᠡᠳᠴᠢᠨ ᠤ ᠵᠢᠱᠢᠶ᠎ᠡ ᠶᠢ ᠬᠥᠳᠡᠯᠦᠩᠭᠦᠢ ᠪᠠᠷ ᠦᠭᠡᠢ ᠪᠣᠯᠭᠠᠬᠤ︾ᠱᠠᠲᠤᠨ ᠳᠤ ᠣᠷᠣᠪᠠ᠂ ᠲᠤᠬᠠᠶᠢᠯᠠᠪᠠᠯ ᠳᠥᠷᠪᠡᠳᠦᠭᠡᠷ ᠱᠠᠲᠤ ᠪᠣᠯᠣᠨ᠎ᠠ᠃ ᠲᠣᠰ ᠱᠠᠲᠤᠨ ᠳᠤ ᠲᠦᠷᠭᠡᠨ ᠪᠥᠭᠡᠳ ᠨᠠᠷᠢᠯᠢᠭ ᠣᠨᠣᠴᠠᠲᠠᠢ ᠪᠠᠶᠢᠬᠤ ᠶᠢ ᠴᠢᠬᠤᠯᠠᠴᠢᠯᠠᠬᠤ ᠠᠴᠠ ᠭᠠᠳᠠᠨ᠎ᠠ ᠶᠡᠷᠦᠩᠬᠡᠶᠢᠯᠡᠭᠰᠡᠨ ᠴᠢᠨᠠᠷ ᠢ ᠨᠠᠩ ᠴᠢᠬᠤᠯᠠᠴᠢᠯᠠᠬᠤ ᠬᠡᠷᠡᠭᠲᠡᠢ᠂ ᠥᠭᠡᠷ᠎ᠡ ᠪᠠᠷ ᠬᠡᠯᠡᠪᠡᠯ ᠬᠠᠯᠳᠠᠪᠤᠷᠢᠯᠠᠯ ᠤᠨ ᠡᠬᠢ ᠰᠤᠷᠪᠤᠯᠵᠢ ᠵᠢᠨ‌ᠬᠠᠮᠢᠶᠠᠷᠤᠯᠲᠠ ᠪᠠ ᠬᠠᠯᠳᠠᠪᠤᠷᠢᠯᠠᠬᠤ ᠠᠷᠭ᠎ᠠ ᠵᠠᠮ ᠢ ᠲᠦᠷᠭᠡᠨ ᠲᠠᠰᠤᠯᠬᠤ ᠶᠢ ᠪᠠᠭᠲᠠᠭᠠᠭᠰᠠᠨ ᠶᠡᠷᠦᠩᠬᠡᠶᠢᠯᠡᠭᠰᠡᠨ ᠴᠢᠨᠠᠷᠲᠠᠢ ᠰᠡᠷᠭᠡᠶᠢᠯᠡᠨ ᠡᠵᠡᠮᠳᠡᠬᠦ ᠠᠷᠭ᠎ᠠ‌‍ᠬᠡᠮᠵᠢᠶ᠎ᠡ ᠨᠦᠭᠦᠳ ᠢ ᠠᠪᠴᠤ᠂ ᠠᠮᠠᠷᠬᠠᠨ ᠬᠠᠯᠳᠠᠪᠤᠷᠢᠯᠠᠬᠤ ᠬᠥᠮᠥᠰ ᠢ ᠬᠠᠮᠠᠭᠠᠯᠠᠬᠤ ᠬᠡᠷᠡᠭᠲᠡᠢ᠃       ᠳᠥᠷᠪᠡᠳᠦᠭᠡᠷ ᠱᠠᠲᠤᠨ ᠳᠤ ︽ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠣᠨᠣᠰᠢᠯᠠᠨ ᠡᠮᠨᠡᠬᠦ ᠲᠥᠰᠥᠯ ︵ᠲᠤᠷᠰᠢᠨ ᠬᠡᠷᠡᠭᠵᠢᠭᠦᠯᠬᠦ ᠶᠢᠰᠦᠳᠦᠭᠡᠷ ᠬᠡᠪ︶︾ ᠤᠨ ᠶᠣᠰᠣᠭᠠᠷ ᠴᠠᠭ ᠲᠤᠬᠠᠢ ᠳᠤ ᠨᠢ ᠵᠥᠪ ᠣᠨᠣᠪᠴᠢᠲᠠᠶ ᠪᠠᠷ ᠲᠥᠷᠥᠯ ᠬᠡᠯᠪᠡᠷᠢ ᠬᠤᠪᠢᠶᠠᠬᠤ ᠪᠠ ᠭᠥᠯᠢᠶᠡᠨ ᠠᠪᠴᠤ ᠡᠮᠨᠡᠨ ᠵᠠᠰᠠᠬᠤ ᠬᠠᠮᠢᠶ᠎ᠠ ᠪᠦᠬᠦᠢ ᠠᠵᠢᠯ ᠢ ᠬᠢᠨ᠎ᠡ᠃ ᠵᠢᠱᠢᠶᠡᠯᠡᠪᠡᠯ ᠠᠭᠤᠰᠬᠢᠨ ᠦᠷᠪᠢᠰᠦᠯ ᠤᠨ ᠢᠯᠡᠷᠡᠯ ᠲᠠᠢ᠂ ᠰᠠᠭᠤᠷᠢ ᠡᠪᠡᠳᠴᠢᠨ ᠲᠠᠢ᠂ ᠥᠨᠳᠥᠷ ᠲᠦᠭᠰᠢᠭᠦᠷᠢᠲᠦ ᠬᠦᠴᠦᠨ ᠵᠦᠢᠯ ᠲᠠᠢ᠂ ᠨᠠᠰᠤᠲᠠᠨ‌ᠨᠢᠯᠬᠠᠰ ᠵᠡᠷᠭᠡ ᠬᠠᠯᠳᠠᠪᠤᠷᠢᠯᠠᠭᠳᠠᠭᠴᠢ ᠢ ᠪᠦᠷ ᠴᠡᠭ ᠲᠣᠭᠲᠠᠭᠠᠭᠰᠠᠨ ᠡᠮᠨᠡᠯᠭᠡ ᠶᠢᠨ ᠬᠤᠷᠢᠶᠠᠨ ᠳᠤ ᠭᠥᠯᠢᠶᠡᠨ ᠠᠪᠴᠤ ᠡᠮᠨᠡᠨ ᠵᠠᠰᠠᠨ᠎ᠠ︔ ᠬᠥᠩᠭᠡᠨ ᠡᠪᠡᠳᠴᠢᠨ ᠪᠤᠶᠤ‌ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠶᠢ ᠴᠢᠩᠭᠡᠯᠢᠭᠲᠦ ᠡᠮᠨᠡᠯᠭᠡ ᠶᠢᠨ ᠬᠤᠷᠢᠶᠠᠨ ᠳᠤ ᠡᠮᠨᠡᠨ ᠵᠠᠰᠠᠨ᠎ᠠ︔ ᠢᠯᠠᠷᠢᠰᠢᠵᠤ ᠡᠮᠨᠡᠯᠭᠡ ᠠᠴᠠ ᠭᠠᠷᠬᠤ ᠪᠤᠶᠤ ᠴᠢᠩᠭᠡᠯᠢᠭ ᠠᠴᠠ ᠭᠠᠷᠤᠭᠰᠠᠳ ᠰᠢᠭᠤᠳ ᠭᠡᠷ ᠲᠤ ᠪᠠᠨ ᠰᠠᠭᠤᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠥᠩᠭᠡᠨ ᠡᠪᠡᠳᠴᠢᠨ ᠪᠠ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠶᠢᠨ ᠡᠳᠦᠷ ᠲᠤᠲᠤᠮ ᠤᠨ ᠡᠮᠴᠢᠯᠡᠭᠡᠨ ᠤ ᠡᠬᠢ ᠪᠠᠶᠠᠯᠢᠭ ᠢ ᠰᠢᠬᠠᠨ ᠡᠵᠡᠯᠡᠬᠦ ᠪᠠᠶᠢᠳᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠨ᠎ᠠ᠃       ︽ᠡᠪᠡᠳᠴᠢᠨ ᠤ ᠵᠢᠱᠢᠶ᠎ᠡ ᠶᠢ ᠬᠥᠳᠡᠯᠦᠩᠭᠦᠢ ᠪᠠᠷ ᠦᠭᠡᠢ ᠪᠣᠯᠭᠠᠬᠤ︾ ᠪᠠᠷ ᠬᠥᠭᠡᠭᠡᠴᠡᠯᠳᠦᠬᠦ ᠬᠠᠷᠠᠯᠲᠠ ᠶᠢᠨ ᠨᠢᠭᠡ ᠨᠢ ᠳᠠᠷᠤᠢ ᠠᠯᠢ ᠴᠢᠳᠠᠬᠤ ᠪᠠᠷ ᠪᠥᠬᠦ‌ᠣᠷᠣᠨ ᠪᠦᠰᠡ ᠶᠢᠨ ᠲᠣᠭᠲᠠᠮᠠᠯ ᠬᠠᠮᠢᠶᠠᠷᠤᠯᠲᠠ ᠠᠴᠠ ᠵᠠᠶᠢᠯᠠᠰᠬᠢᠨ᠎ᠡ                  ︽ᠡᠪᠡᠳᠴᠢᠨ ᠤ ᠵᠢᠱᠢᠶ᠎ᠡ ᠶᠢ ᠬᠥᠳᠡᠯᠦᠩᠭᠦᠢ ᠪᠠᠷ ᠦᠭᠡᠢ ᠪᠣᠯᠭᠠᠬᠤ︾ ᠨᠢ ᠪᠥᠬᠦ ᠣᠷᠣᠨ ᠪᠦᠰᠡ ᠳᠤ ᠲᠣᠭᠲᠠᠮᠠᠯ ᠬᠠᠮᠢᠶᠠᠷᠤᠯᠲᠠ ᠶᠠᠪᠤᠭᠤᠯᠬᠤ ᠭᠡᠰᠡᠨ ᠦᠭᠡ‌‍ᠪᠢᠰᠢ ᠶᠤᠮ᠃ ᠡᠭᠦᠨ ᠲᠠᠢ ᠶᠠᠭ ᠡᠰᠡᠷᠭᠦ ᠪᠠᠷ᠂ ︽ᠡᠪᠡᠳᠴᠢᠨ ᠤ ᠵᠢᠱᠢᠶ᠎ᠡ ᠶᠢ ᠬᠥᠳᠡᠯᠦᠩᠭᠦᠢ ᠪᠠᠷ ᠦᠭᠡᠢ ᠪᠣᠯᠭᠠᠬᠤ︾ ᠬᠥᠭᠡᠭᠡᠴᠡᠯᠳᠦᠬᠦ ᠬᠠᠷᠠᠯᠲᠠ ᠶᠢᠨ ᠨᠢᠭᠡ ᠨᠢ‌‍ᠲ᠋ᠠᠷᠤᠢ ᠪᠦᠬᠦ ᠣᠷᠣᠨ ᠪᠦᠰᠡ ᠶᠢᠨ ᠲᠣᠭᠲᠠᠮᠠᠯ ᠬᠠᠮᠢᠶᠠᠷᠤᠯᠲᠠ ᠠᠴᠠ ᠠᠯᠢ ᠴᠢᠳᠠᠬᠤ ᠪᠠᠷ ᠵᠠᠶᠢᠯᠠᠰᠬᠢᠬᠦ ᠶᠠᠪᠤᠳᠠᠯ ᠪᠣᠯᠣᠨ᠎ᠠ᠃ ᠣᠳᠣᠬᠠᠨ ᠳᠤ᠂ ᠣᠮᠢᠺᠷᠤᠨ ᠣᠨᠳᠣᠣᠰᠢᠭᠰᠠᠨ ᠸᠢᠷᠦ᠋ᠰ ᠤᠨ ᠣᠨᠴᠠᠯᠢᠭ ᠲᠤ ᠴᠢᠭᠯᠡᠭᠦᠯᠦᠨ᠂ ᠨᠢᠭᠡ ᠲᠠᠯ᠎ᠠ ᠪᠠᠷ ᠲᠦᠷᠭᠡᠨ ᠪᠥᠭᠡᠳ ᠡᠷᠡᠰ ᠰᠢᠭᠤᠷᠬᠠᠢ᠂ ᠲᠤᠶᠢᠯᠪᠤᠷᠢᠲᠠᠢ ᠪᠠᠷ ᠬᠠᠮᠢᠶ᠎ᠠ ᠪᠦᠬᠦᠢ‌‍ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠠᠪᠬᠤ ᠬᠡᠷᠡᠭᠲᠡᠢ︔ ᠨᠦᠭᠦᠭᠡ ᠲᠠᠯ᠎ᠠ ᠪᠠᠷ ᠰᠢᠨᠵᠢᠯᠡᠬᠦ ᠤᠬᠠᠭᠠᠨᠴᠢ ᠨᠠᠷᠢᠯᠢᠭ ᠣᠨᠣᠴᠠᠲᠠᠢ ᠪᠠᠷ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠨᠡᠶᠢᠭᠡᠮ ᠤᠨ ᠠᠵᠤ ᠠᠬᠤᠢ ᠶᠢᠨ ᠬᠥᠭᠵᠢᠯᠲᠡ᠂ ᠬᠡᠪ ᠤᠨ ᠦᠢᠯᠡᠳᠪᠦᠷᠢᠯᠡᠯ ᠠᠮᠢᠳᠤᠷᠠᠯ ‍ᠤᠨ‌ᠬᠤᠭᠤᠷᠣᠨᠳᠣᠬᠢ ᠬᠠᠷᠢᠴᠠᠭ᠎ᠠ ᠶᠢ ᠬᠠᠮᠤᠭ ᠤᠨ ᠶᠡᠭᠡ ᠬᠡᠮᠵᠢᠶ᠎ᠡ ᠪᠠᠷ ᠲᠡᠩᠴᠡᠭᠦᠷᠢᠰᠢᠭᠦᠯᠵᠦ᠂ ᠱᠠᠲᠤ ᠱᠠᠲᠤ ᠪᠠᠷ ᠡᠭᠦᠷᠭᠡ ᠨᠡᠮᠡᠬᠦ ᠪᠠ ︽ᠨᠢᠭᠡ ᠯᠡ ᠪᠠᠷᠢᠮᠵᠢᠶ᠎ᠠ ᠪᠠᠷ‌‍ᠱᠠᠭᠠᠷᠳᠠᠬᠤ︾ ᠶᠢ ᠡᠷᠡᠰ ᠰᠡᠷᠭᠡᠶᠢᠯᠡᠬᠦ ᠬᠡᠷᠡᠭᠲᠡᠢ᠃ ᠦᠯᠦ ᠦᠢᠯᠡᠳᠬᠦᠢ ᠪᠠ ᠲᠤᠰᠬᠠᠯ ᠤᠳᠠᠭᠠᠨ ᠪᠠᠶᠢᠬᠤ ᠶᠢ ᠰᠡᠷᠭᠡᠶᠢᠯᠡᠬᠦ ᠮᠥᠷᠲᠡᠭᠡᠨ ᠪᠠᠰᠠ ᠳᠤᠷ᠎ᠠ ᠪᠠᠷ ᠢᠶᠠᠨ ᠦᠢᠯᠡᠳᠬᠦᠢ ᠪᠠ ᠱᠠᠲᠤ ᠱᠠᠲᠤ ᠪᠠᠷ ᠡᠭᠦᠷᠭᠡ ᠨᠡᠮᠡᠬᠦ ᠶᠢ ᠰᠡᠷᠭᠡᠶᠢᠯᠡᠬᠦ ᠬᠡᠷᠡᠭᠲᠡᠢ᠃       ᠵᠠᠷᠴᠢᠮ ᠤᠨ ᠲᠠᠯ᠎ᠠ ᠠᠴᠠ ᠠᠪᠴᠤ ᠬᠡᠯᠡᠪᠡᠯ᠂ ᠬᠢᠵᠢᠭ ᠤᠨ ᠪᠠᠶᠢᠳᠠᠯ ᠤᠨ ᠡᠬᠢᠨ ᠤ ᠬᠤᠭᠤᠴᠠᠭᠠᠨ ᠳᠤ᠂ ᠬᠠᠯᠳᠠᠪᠤᠷᠢᠯᠠᠬᠤ ᠬᠡᠯᠬᠢᠶ᠎ᠡ ᠨᠢ ᠲᠣᠳᠣᠷᠬᠠᠢ᠂ ᠠᠶᠤᠯ‌‍ᠲ᠋ᠦ᠋ᠭᠰᠢᠭᠦᠷᠢ ᠶᠢ ᠡᠵᠡᠮᠳᠡᠵᠦ ᠪᠣᠯᠬᠤ ᠪᠠᠶᠢᠳᠠᠯ ᠳᠣᠣᠷ᠎ᠠ᠂ ᠪᠥᠬᠦ ᠣᠷᠣᠨ ᠪᠦᠰᠡ ᠶᠢᠨ ᠲᠣᠭᠲᠠᠮᠠᠯ ᠬᠠᠮᠢᠶᠠᠷᠤᠯᠲᠠ ᠶᠢ ᠬᠡᠷᠡᠭᠵᠢᠭᠦᠯᠬᠦ ᠴᠢᠬᠤᠯᠠ ᠦᠭᠡᠢ ᠶᠤᠮ᠃ ᠭᠡᠪᠡᠴᠦ‌ᠨᠡᠶᠢᠭᠡᠮ ᠲᠣᠭᠤᠷᠢᠭ ᠲᠤ ᠥᠷᠭᠡᠨ ᠢᠶᠠᠷ ᠲᠠᠷᠬᠠᠨ ᠳᠡᠯᠭᠡᠷᠡᠭᠰᠡᠨ ᠦᠶ᠎ᠡ ᠳᠤ᠂ ᠬᠠᠯᠳᠠᠪᠤᠷᠢᠯᠠᠬᠤ ᠬᠡᠯᠬᠢᠶ᠎ᠡ ᠨᠢ ᠲᠣᠳᠣᠷᠬᠠᠢ ᠦᠭᠡᠢ᠂ ᠲᠤᠬᠠᠶᠢᠯᠠᠪᠠᠯ᠂ ᠬᠠᠯᠳᠠᠪᠤᠷᠢᠯᠠᠯ ‍ᠤᠨ‌ᠡᠬᠢ ᠢᠷᠡᠯᠲᠡ ᠪᠠ ᠬᠠᠯᠳᠠᠪᠤᠷᠢᠯᠠᠭᠳᠠᠭᠴᠢ ᠶᠢᠨ ᠬᠤᠭᠤᠷᠣᠨᠳᠤ᠂ ᠨᠢᠭᠲᠠ ᠣᠶᠢᠷᠠᠲᠤᠭᠰᠠᠳ ᠤᠨ ᠬᠤᠭᠤᠷᠣᠨᠳᠣᠬᠢ ᠬᠠᠷᠢᠴᠠᠭ᠎ᠠ ᠨᠢ ᠲᠣᠳᠣᠷᠬᠠᠢ ᠦᠭᠡᠢ᠂ ᠶᠡᠭᠡ ᠪᠠᠷ‌‍ᠲ᠋ᠠᠷᠬᠠᠨ ᠳᠡᠯᠭᠡᠷᠡᠬᠦ ᠪᠠ ᠬᠡᠪᠴᠢᠶᠡᠵᠢᠯ ᠤᠨ ᠴᠢᠨᠠᠷᠲᠠᠢ ᠳᠠᠬᠢᠨ ᠦᠷᠪᠢᠰᠬᠦ ᠠᠶᠤᠯ ᠲᠦᠭᠰᠢᠭᠦᠷᠢ ᠨᠡᠯᠢᠶᠡᠳ ᠶᠡᠭᠡ ᠪᠣᠯᠤᠭᠰᠠᠨ ᠪᠠᠶᠢᠳᠠᠯ ᠳᠣᠣᠷ᠎ᠠ᠂ ᠬᠢᠵᠢᠭ ‍ᠤᠨ‌‍ᠪᠠᠶᠢᠳᠠᠯ ᠤᠨ ᠣᠨᠴᠠᠯᠢᠭ᠂ ᠣᠷᠣᠰᠢᠵᠤ ᠪᠠᠶᠢᠭ᠎ᠠ ᠱᠠᠲᠤ ᠦᠶ᠎ᠡ᠂ ᠰᠡᠷᠭᠡᠶᠢᠯᠡᠨ ᠡᠵᠡᠮᠳᠡᠬᠦ ᠴᠢᠳᠠᠪᠤᠷᠢ᠂ ᠨᠡᠶᠢᠭᠡᠮ ᠠᠵᠤ ᠠᠬᠤᠢ ᠶᠢᠨ ᠬᠢᠷᠢ ᠲᠦᠪᠰᠢᠨ᠂ ᠬᠥᠮᠥᠨ‌ᠠᠮᠠ ᠶᠢᠨ ᠣᠨᠴᠠᠯᠢᠭ ᠵᠡᠷᠭᠡ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠭᠰᠠᠨ ᠪᠠᠶᠢᠳᠠᠯ ᠳᠣᠣᠷ᠎ᠠ ᠰᠠᠶ᠋ᠢ ᠲᠣᠭᠲᠠᠮᠠᠯ ᠬᠠᠮᠢᠶᠠᠷᠤᠯᠲᠠ ᠵᠢᠴᠢ ᠲᠣᠭᠲᠠᠮᠠᠯ ᠬᠠᠮᠢᠶᠠᠷᠤᠯᠲᠠ‌‍ᠶᠠᠪᠤᠭᠤᠯᠬᠤ ᠪᠣᠳᠠᠲᠠᠢ ᠣᠷᠣᠨ ᠪᠦᠰᠡ ᠶᠢᠨ ᠶᠡᠭᠡ ᠪᠠᠭ᠎ᠠ᠂ ᠬᠦᠷᠢᠶ᠎ᠡ ᠬᠡᠪᠴᠢᠶ᠎ᠡ᠂ ᠴᠠᠭ ᠬᠤᠭᠤᠴᠠᠭ᠎ᠠ ᠪᠠ ᠬᠠᠮᠢᠶᠠᠷᠤᠯᠲᠠ ᠶᠢᠨ ᠡᠷᠴᠢᠮ ᠵᠡᠷᠭᠡ ᠨᠡᠩ ᠴᠢᠩᠭ᠎ᠠ‌‍ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠠᠪᠬᠤ ᠡᠰᠡᠬᠦ ᠶᠢ ᠲᠣᠭᠲᠠᠭᠠᠬᠤ ᠬᠡᠷᠡᠭᠲᠡᠢ᠃ ᠡᠭᠦᠨ ᠠᠴᠠ ᠦᠵᠡᠬᠦ ᠳᠤ᠂ ︽ᠳᠥᠷᠪᠡ ᠶᠢ ᠡᠷᠲᠡ ᠭᠦᠢᠴᠡᠳᠬᠡᠬᠦ︾ ᠵᠢ‌ᠨᠠᠶᠢᠳᠠᠪᠤᠷᠢᠵᠢᠭᠤᠯᠵᠤ᠂ ︽ᠳᠥᠷᠪᠡᠨ ᠲᠠᠯ᠎ᠠ ᠶᠢᠨ ᠬᠠᠷᠢᠭᠤᠴᠠᠯᠭ᠎ᠠ︾ ᠶᠢ ᠨᠠᠶᠢᠳᠠᠪᠤᠷᠢᠵᠢᠭᠤᠯᠪᠠᠯ᠂ ᠳᠠᠷᠤᠢ ᠪᠥᠬᠦ ᠣᠷᠣᠨ ᠪᠦᠰᠡ ᠶᠢᠨ ᠲᠣᠭᠲᠠᠮᠠᠯ ᠬᠠᠮᠢᠶᠠᠷᠤᠯᠲᠠ ᠡᠴᠠ‌‍ᠪᠦ᠋ᠲᠦᠮᠵᠢᠲᠡᠶ ᠵᠠᠶᠢᠯᠠᠰᠬᠢᠵᠦ ᠴᠢᠳᠠᠨ᠎ᠠ᠃       ᠬᠢᠯᠢ ᠶᠢᠨ ᠪᠣᠭᠤᠮᠲᠠ ᠶᠢᠨ ᠬᠤᠲᠠ ᠨᠢ ᠬᠢᠯᠢ ᠶᠢᠨ ᠪᠣᠭᠤᠮᠲᠠ ᠶᠢᠨ ᠰᠡᠷᠭᠡᠶᠢᠯᠡᠨ ᠡᠵᠡᠮᠳᠡᠬᠦ ᠲᠤᠰᠬᠠᠢ ᠠᠩᠭᠢ ᠪᠠᠶᠢᠭᠤᠯᠵᠤ᠂ ᠨᠥᠬᠦᠴᠡᠯ ᠲᠠᠢ ᠬᠢᠯᠢ ᠵᠢᠨ‌‍ᠪᠣᠭᠤᠮᠲᠠ ᠶᠢᠨ ᠬᠤᠲᠠ ᠨᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠠᠪᠰᠠᠷ ᠤᠨ ᠣᠷᠣᠨ ᠭᠠᠷᠭᠠᠵᠤ ᠪᠣᠯᠣᠨ᠎ᠠ  ᠣᠳᠣᠬᠠᠨ ᠳᠤ ᠬᠢᠯᠢ ᠶᠢᠨ ᠪᠣᠭᠤᠮᠲᠠ ᠶᠢᠨ ᠬᠤᠲᠠ ᠨᠢ ᠬᠢᠯᠢ ᠶᠢᠨ ᠪᠣᠭᠤᠮᠲᠠ ᠶᠢᠨ ᠰᠡᠷᠭᠡᠶᠢᠯᠡᠨ ᠡᠵᠡᠮᠳᠡᠬᠦ ᠲᠤᠰᠬᠠᠢ ᠠᠩᠭᠢ ᠪᠠᠶᠢᠭᠤᠯᠵᠤ᠂ ᠲᠤᠬᠠᠢ ᠵᠢᠨ‌ᠭᠠᠵᠠᠷ ᠤᠨ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ ᠶᠢᠨ ᠳᠣᠣᠷ᠎ᠠ᠂ ᠡᠯ᠎ᠡ ᠰᠠᠯᠠᠭ᠎ᠠ ᠮᠥᠴᠢᠷ ᠤᠨ ᠬᠢᠨ ᠲᠠᠢ ᠬᠠᠮᠵᠢᠯᠴᠠᠭ᠎ᠠ ᠪᠠᠨ‌‍ᠴᠢᠩᠭᠠᠳᠬᠠᠨ᠂ ᠬᠠᠷᠢᠶ᠎ᠠ ᠭᠠᠵᠠᠷ᠂ ᠠᠵᠢᠯ ᠲᠥᠷᠥᠯ᠂ ᠰᠠᠯᠠᠭ᠎ᠠ ᠮᠥᠴᠢᠷ᠂ ᠨᠢᠭᠡᠴᠢ ᠶᠢᠨ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠡᠯ᠎ᠡ‌ᠭᠤᠭᠴᠤᠭ᠎ᠠ ᠶᠢᠨ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠪᠠ ᠬᠠᠷᠢᠭᠤᠴᠠᠯᠭᠠᠲᠠᠨ ᠢ ᠲᠣᠳᠣᠷᠬᠠᠶᠢᠯᠠᠵᠤ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ‌‍ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠱᠠᠭᠠᠷᠳᠠᠵᠤ ᠪᠠᠶᠢᠨ᠎ᠠ᠃ ᠥᠭᠡᠷ᠎ᠡ ᠪᠠᠷ ᠬᠡᠯᠡᠪᠡᠯ᠂ ᠬᠢᠯᠢ ᠶᠢᠨ ᠪᠣᠭᠤᠮᠲᠠ ᠶᠢᠨ ᠬᠤᠲᠠ ᠶᠢᠨ ᠪᠦᠬᠦᠯᠢ ᠴᠣᠭᠴᠠ ᠪᠠᠷ ᠨᠢ ᠬᠠᠮᠢᠶᠠᠷᠤᠨ ᠡᠵᠡᠮᠳᠡᠬᠦ ᠣᠷᠣᠨ ᠪᠣᠯᠭᠠᠵᠤ ᠴᠢᠩᠭ᠎ᠠ ᠬᠠᠮᠢᠶᠠᠷᠤᠨ ᠡᠵᠡᠮᠳᠡᠬᠦ ᠣᠳᠣᠬᠢ ᠪᠠᠶᠢᠳᠠᠯ ᠢ ᠬᠤᠪᠢᠷᠠᠭᠤᠯᠵᠤ᠂ ᠨᠥᠬᠦᠴᠡᠯ ᠲᠠᠢ ᠬᠢᠯᠢ ᠶᠢᠨ ᠪᠣᠭᠤᠮᠲᠠ ᠵᠢᠨ‌ᠬᠤᠲᠠ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠠᠪᠰᠠᠷ ᠤᠨ ᠣᠷᠣᠨ ᠭᠠᠷᠭᠠᠵᠤ᠂ ᠣᠷᠣᠨ ᠬᠤᠪᠢᠶᠠᠨ ᠵᠦᠷᠢᠶᠡᠴᠢᠯᠡᠨ ᠬᠠᠮᠢᠶᠠᠷᠤᠨ ᠡᠵᠡᠮᠳᠡᠬᠦ ᠠᠷᠭ᠎ᠠ‌‍ᠬᠡᠮᠵᠢᠶ᠎ᠡ ᠶᠢ ᠬᠡᠷᠡᠭᠵᠢᠭᠦᠯᠵᠦ ᠪᠣᠯᠣᠨ᠎ᠠ᠃ ᠵᠠᠪᠰᠠᠷ ᠤᠨ ᠣᠷᠣᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠡᠯᠢᠶᠡᠳ ᠴᠢᠩᠭ᠎ᠠ ᠬᠠᠮᠢᠶᠠᠷᠤᠯᠲᠠ ᠵᠢ‌‍ᠬᠡᠷᠡᠭᠵᠢᠭᠦᠯᠵᠦ᠂ ᠵᠠᠪᠰᠠᠷ ᠤᠨ ᠣᠷᠣᠨ ᠠᠴᠠ ᠭᠠᠳᠠᠨᠠᠬᠢ ᠭᠠᠵᠠᠷ ᠣᠷᠣᠨ ᠳᠤ ᠪᠠᠶᠢᠩᠭᠤᠵᠢᠭᠰᠠᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠃       ᠲᠦᠷᠭᠡᠨ ᠢᠯᠡᠭᠡᠯᠲᠡ᠂ ᠪᠣᠭᠤᠳᠠᠯ ᠪᠠᠭᠯᠠᠭ᠎ᠠ ᠪᠣᠯᠣᠨ ᠰᠤᠷᠭᠠᠭᠤᠯᠢ ᠶᠢᠨ ᠬᠦᠷᠢᠶᠡᠨ ᠳᠤ ᠣᠷᠣᠬᠤ ᠪᠤᠰᠤᠳ ᠪᠣᠳᠠᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ‌ᠡᠵᠡᠮᠳᠡᠬᠦ ᠡᠯ᠎ᠡ ᠵᠦᠢᠯ ᠤᠨ ᠬᠡᠪ ᠤᠨ ᠪᠠᠶᠢᠴᠠᠭᠠᠯᠲᠠ ᠶᠢ ᠰᠠᠶᠢᠲᠤᠷ ᠬᠢᠬᠦ ᠬᠡᠷᠡᠭᠲᠡᠢ             ᠰᠤᠷᠭᠠᠭᠤᠯᠢ ᠶᠢᠨ ᠬᠦᠷᠢᠶᠡᠨ ᠳᠤ ᠲᠦᠷᠭᠡᠨ ᠢᠯᠡᠭᠡᠯᠲᠡ ᠪᠠ ᠬᠥᠮᠥᠰ ᠤᠨ ᠶᠠᠪᠤᠯᠴᠠᠭ᠎ᠠ ᠶᠢ ᠪᠠᠭᠲᠠᠭᠠᠭᠰᠠᠨ ᠰᠤᠷᠭᠠᠭᠤᠯᠢ ᠶᠢᠨ ᠭᠠᠳᠠᠨᠠᠬᠢ ᠬᠥᠮᠥᠰ ᠲᠠᠢ ᠶᠠᠩᠵᠤ‌‍ᠪᠦ᠋ᠷᠢ ᠶᠢᠨ ᠬᠠᠷᠢᠯᠴᠠᠭ᠎ᠠ ᠶᠠᠪᠤᠭᠳᠠᠬᠤ ᠨᠢ ᠯᠠᠪᠲᠠᠢ ᠶᠤᠮ᠃ ᠲᠦᠷᠭᠡᠨ ᠢᠯᠡᠭᠡᠯᠲᠡ᠂ ᠪᠣᠭᠤᠳᠠᠯ ᠪᠠᠭᠯᠠᠭ᠎ᠠ ᠪᠣᠯᠣᠨ ᠰᠤᠷᠭᠠᠭᠤᠯᠢ ᠶᠢᠨ ᠬᠦᠷᠢᠶᠡᠨ ᠳᠤ ᠣᠷᠣᠬᠤ ᠪᠤᠰᠤᠳ ᠡᠳ᠋ ᠪᠣᠳᠠᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠬᠡᠪ ᠤᠨ ᠪᠠᠶᠢᠴᠠᠭᠠᠯᠲᠠ ᠶᠢ ᠰᠠᠶᠢᠲᠤᠷ ᠬᠢᠬᠦ ᠬᠡᠷᠡᠭᠲᠡᠢ᠃ ᠰᠤᠷᠭᠠᠭᠤᠯᠢ ᠵᠢᠨ‌‍ᠬᠦ᠋ᠷᠢᠶᠡᠨ ᠳᠤ ᠣᠷᠣᠬᠤ ᠡᠳ᠋ ᠪᠣᠳᠠᠰ ᠠᠴᠠ ᠭᠠᠳᠠᠨ᠎ᠠ᠂ ᠰᠤᠷᠭᠠᠭᠤᠯᠢ ᠶᠢᠨ ᠬᠦᠷᠢᠶᠡᠨ ᠳᠣᠲᠣᠷᠠᠬᠢ ᠬᠤᠭ ᠨᠣᠪᠰᠢ ᠶᠢ ᠴᠡᠪᠡᠷᠯᠡᠨ ᠲᠡᠭᠡᠭᠡᠪᠦᠷᠢᠯᠡᠬᠦ ᠪᠠ ᠤᠯᠠᠨ‌ᠨᠡᠶᠢᠲᠡ ᠶᠢᠨ ᠲᠠᠯᠠᠪᠤᠷ ᠭᠠᠵᠠᠷ ᠤᠨ ᠬᠠᠮᠢᠶᠠᠷᠤᠯᠲᠠ ᠶᠢ ᠴᠤ ᠦᠨᠡᠨ ᠬᠦ ᠪᠣᠳᠠᠲᠠᠢ ᠪᠠᠷ ᠨᠠᠶᠢᠳᠠᠪᠤᠷᠢᠵᠢᠭᠤᠯᠬᠤ ᠬᠡᠷᠡᠭᠲᠡᠢ᠃  
 
ᠢᠷᠡᠯᠲᠡ᠄ ᠦᠪᠣᠷ ᠮᠣᠩᠭᠤᠯ ᠤᠨ ᠦᠪᠡᠷᠳᠡᠬᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠨᠠᠶᠢᠳᠡᠯᠡᠯ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号