ᠡᠷᠢᠶᠡᠨ ᠬᠤᠲᠠ ᠶᠢᠨ ᠡᠯ᠎ᠡ ᠱᠠᠲᠤᠨ ᠤ ᠡᠯ᠎ᠡ ᠡᠲᠡᠭᠡᠳ ᠤᠨ ᠵᠠᠯᠠᠭᠤᠴᠤᠳ ᠳᠤᠮᠳᠠᠳᠤ ᠤᠯᠤᠰ ᠤᠨ ᠡᠪ ᠬᠠᠮᠲᠤ ᠵᠠᠯᠠᠭᠤᠴᠤᠳ ᠤᠨ ᠡᠪᠯᠡᠯ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠶᠡᠭᠡ ᠬᠤᠷᠠᠯ ᠤᠨ ᠠᠬᠤᠢ ᠪᠠᠶᠢᠳᠠᠯ ᠤᠨ ᠰᠢᠭᠤᠳ ᠨᠡᠪᠲᠡᠷᠡᠭᠦᠯᠭᠡ ᠶᠢ ᠬᠦᠯᠢᠶᠡᠨ ᠠᠪᠴᠦ ᠦᠵᠡᠯ᠎ᠡ
ᠨᠡᠶᠢᠲᠡᠯᠡᠭᠰᠡᠨ ᠴᠠᠭ᠄
2022/5/12
    5 ᠰᠠᠷ᠎ᠠ ᠶᠢᠨ 10 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠵᠠᠯᠠᠭᠤᠴᠤᠳ ᠤᠨ ᠡᠪᠯᠡᠯ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠶᠡᠭᠡ ᠬᠤᠷᠠᠯ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠦᠪᠡᠳᠡᠭᠰᠢ ᠶᠡᠭᠡ ᠪᠠᠷ ᠶᠠᠪᠤᠭᠳᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠶᠡᠭᠡ ᠬᠤᠷᠠᠯ ᠳᠤ ᠣᠷᠣᠯᠴᠠᠵᠤ ᠴᠢᠬᠤᠯᠠ ᠶᠠᠷᠢᠶ᠎ᠠ ᠲᠠᠯᠪᠢᠪᠠ᠃ ᠪᠣᠭᠤᠮᠲᠠ ᠶᠢᠨ ᠦᠨᠳᠦᠰᠦᠲᠡᠨ ᠨᠦᠭᠦᠳ ᠤᠨ ᠵᠠᠯᠠᠭᠤ ᠺᠠᠳ᠋ᠷ ᠤᠯᠠᠨ ᠲᠦᠮᠡᠨ ᠤᠯᠠᠨ ᠵᠦᠢᠯ ᠤᠨ ᠠᠷᠭ᠎ᠠ ᠬᠡᠯᠪᠡᠷᠢ ᠪᠠᠷ ᠶᠡᠭᠡ ᠬᠤᠷᠠᠯ ᠤᠨ ᠰᠢᠭᠤᠳ ᠨᠡᠪᠲᠡᠷᠡᠭᠦᠯᠭᠡ ᠶᠢᠨ ᠦᠪᠡᠳᠡᠭᠰᠢ ᠪᠠᠶᠢᠳᠠᠯ ᠢ ᠭᠥᠯᠢᠶᠡᠨ ᠠᠪᠴᠤ ᠦᠵᠡᠭᠰᠡᠨ ᠪᠠᠶᠢᠨ᠎ᠠ᠃
    ᠬᠤᠲᠠ ᠶᠢᠨ ᠨᠠᠮ ᠵᠠᠰᠠᠭ ᠤᠨ ᠶᠡᠭᠡ ᠠᠰᠠᠷ ᠤᠨ ᠮᠡᠳᠡᠭᠦᠯᠦᠯᠲᠡ ᠶᠢᠨ ᠲᠢᠩᠬᠢᠮ ᠳᠤ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ ᠶᠠᠩ ᠶᠢᠨ ᠷᠦᠢ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠾᠧᠦ ᠶᠠᠨ ᠮᠢᠨ ᠪᠣᠭᠤᠮᠲᠠ ᠶᠢᠨ ᠵᠠᠯᠠᠭᠤ ᠺᠠᠳ᠋ᠷ ᠵᠢᠴᠢ ᠬᠥᠬᠢᠭᠦᠯᠦᠯ ᠭᠥᠷᠳᠡᠭᠰᠡᠨ ᠡᠪ ᠬᠠᠮᠲᠤ ᠵᠠᠯᠠᠭᠤᠴᠤᠳ ᠤᠨ ᠡᠪᠯᠡᠯ ᠤᠨ ᠭᠡᠰᠢᠭᠦᠳ ᠲᠠᠢ ᠬᠠᠮᠲᠤ ᠪᠠᠷ ᠪᠡᠯᠭᠡᠯᠡᠬᠦ ᠶᠡᠭᠡ ᠬᠤᠷᠠᠯ ᠤᠨ ᠰᠢᠭᠤᠳ ᠨᠡᠪᠲᠡᠷᠡᠭᠦᠯᠭᠡ ᠶᠢᠨ ᠠᠬᠤᠢ ᠪᠠᠶᠢᠳᠠᠯ ᠢ ᠭᠥᠯᠢᠶᠡᠨ ᠠᠪᠴᠤ ᠦᠵᠡᠪᠡ᠃
  ᠤᠯᠠᠨ ᠢᠶᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠶᠢ ᠰᠡᠳᠬᠢᠯ ᠳᠠᠯᠪᠢᠨ ᠰᠣᠨᠣᠰᠣᠨ᠂ ᠤᠶᠤᠨ ᠰᠠᠨᠠᠭᠠᠨ ᠤ ᠠᠭᠤᠯᠤᠭᠳᠠᠬᠤᠨ ᠢ ᠰᠡᠳᠬᠢᠯ ᠲᠠᠯᠪᠢᠨ ᠣᠶᠢᠯᠠᠭᠠᠵᠤ᠂ ᠴᠠᠭ ᠦᠶ᠎ᠡ ᠶᠢᠨ ᠦᠨ᠎ᠡ ᠦᠷᠳᠡᠭ ᠢ ᠣᠶᠢᠯᠠᠭᠠᠵᠤ᠂ ᠶᠠᠷᠢᠶᠠᠨ ᠤ ᠭᠤᠣᠯᠳᠠᠯᠭ᠎ᠠ ᠪᠠᠨ ᠨᠢᠭᠡᠳ ᠨᠢᠭᠡ ᠪᠠᠷ ᠴᠡᠭᠴᠡᠯᠡᠨ ᠲᠡᠮᠳᠡᠭᠯᠡᠵᠦ᠂ ᠥᠪᠡᠷ ᠢ ᠪᠠᠨ ᠳᠠᠰᠣᠷᠠᠯᠳᠠ ᠦᠭᠡᠢ ᠴᠡᠨᠡᠭᠯᠡᠪᠡ᠃ ᠶᠡᠭᠡ ᠬᠤᠷᠠᠯ ᠤᠨ ᠰᠢᠭᠤᠳ ᠨᠡᠪᠲᠡᠷᠡᠭᠦᠯᠭᠡ ᠳᠠᠭᠤᠰᠤᠭᠰᠠᠨ ᠤ ᠲᠠᠷᠠᠭ᠎ᠠ᠂ ᠤᠯᠠᠨ ᠤ ᠰᠡᠳᠬᠢᠯ ᠳᠣᠭᠳᠣᠯᠤᠭᠰᠠᠨ ᠰᠡᠳᠬᠢᠯᠭᠡ ᠤᠳᠠᠲᠠᠯ᠎ᠠ ᠲᠣᠭᠲᠠᠭᠤᠨ ᠪᠤᠰᠤ ᠪᠠᠶᠢᠵᠤ᠂ ᠵᠠᠯᠠᠭᠤ ᠨᠢᠭᠡ ᠦᠶ᠎ᠡ ᠶᠢᠨ ᠬᠢᠨ ᠤ ᠬᠤᠪᠢ ᠳᠤ ᠴᠠᠭ ᠲᠣᠬᠢᠶᠠᠯᠳᠤᠪᠠᠯ᠂ ᠬᠠᠷᠢᠭᠤᠴᠠᠯᠭ᠎ᠠ ᠨᠢ ᠮᠥᠷᠥᠨ ᠳᠡᠭᠡᠨ ᠪᠠᠶᠢᠨ᠎ᠠ᠂ ᠨᠠᠮ ᠠᠴᠠ ᠤᠷᠢᠶᠠᠯᠠᠭ᠎ᠠ ᠲᠠᠢ᠂ ᠡᠪᠯᠡᠯ ᠠᠴᠠ ᠠᠵᠢᠯᠯᠠᠭ᠎ᠠ ᠲᠠᠢ᠂ ᠡᠷᠡᠮᠡᠬᠡᠶᠢᠯᠡᠨ ᠤᠷᠤᠭᠰᠢᠯᠠᠵᠤ᠂ ᠰᠢᠨ᠎ᠡ ᠴᠠᠭ ᠦᠶ᠎ᠡ ᠶᠢᠨ ᠰᠢᠯᠭᠠᠯᠲᠠ ᠳᠤ ᠣᠷᠤᠯᠴᠠᠬᠤ ᠵᠠᠮ ᠢᠶᠠᠷ ᠰᠠᠶᠢᠲᠤᠷ ᠵᠠᠮᠨᠠᠬᠤ ᠢᠲᠡᠭᠡᠯ ᠵᠣᠷᠢᠭ ᠢᠶᠠᠨ ᠢᠯᠡᠳᠬᠡᠵᠡᠢ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号