ᠳᠤᠮᠳᠠᠳᠤ ᠮᠣᠩᠭᠤᠯ ᠤᠨ ᠬᠢᠯᠢ ᠶᠢᠨ ᠵᠠᠭᠠᠭ ᠤᠨ ᠬᠠᠮᠲᠤᠷᠠᠭᠰᠠᠨ ᠵᠥᠪᠯᠡᠯ ᠤᠨ ᠳᠤᠮᠳᠠᠳᠤ ᠤᠯᠤᠰ ᠤᠨ ᠲᠠᠯ᠎ᠠ ᠶᠢᠨ ᠵᠥᠪᠯᠡᠯ ᠠᠴᠠ ᠮᠣᠩᠭᠤᠯ ᠤᠨ ᠲᠠᠯ᠎ᠠ ᠳᠤ ᠬᠢᠵᠢᠭ ᠢ ᠰᠡᠷᠭᠡᠶᠢᠯᠡᠬᠦ ᠡᠳ᠋ ᠪᠣᠳᠠᠰ ᠬᠠᠨᠳᠢᠪᠯᠡᠪᠠ
ᠨᠡᠶᠢᠲᠡᠯᠡᠭᠰᠡᠨ ᠴᠠᠭ᠄
2022/5/12
    5 ᠰᠠᠷ᠎ᠠ ᠶᠢᠨ 11 ᠤ ᠡᠳᠦᠷ᠂ ᠳᠤᠮᠳᠠᠳᠤ ᠮᠣᠩᠭᠤᠯ ᠤᠨ ᠬᠢᠯᠢ ᠶᠢᠨ ᠵᠠᠭᠠᠭ ᠤᠨ ᠬᠤᠯᠪᠣᠭᠠᠲᠤ ᠵᠥᠪᠯᠡᠯ ᠤᠨ ᠳᠤᠮᠳᠠᠳᠤ ᠤᠯᠤᠰ ᠤᠨ ᠲᠠᠯ᠎ᠠ ᠶᠢᠨ ᠵᠥᠪᠯᠡᠯ ᠠᠴᠠ ᠮᠣᠩᠭᠤᠯ ᠤᠯᠤᠰ ᠲᠤ ᠬᠢᠵᠢᠭ ᠰᠡᠷᠭᠡᠶᠢᠯᠡᠬᠦ ᠡᠳ᠋ ᠪᠣᠳᠠᠰ ᠬᠠᠨᠳᠢᠪᠯᠠᠨ ᠲᠤᠰᠢᠶᠠᠬᠤ ᠪᠠ ᠭᠥᠯᠢᠶᠡᠨ ᠠᠪᠬᠤ ᠶᠣᠰᠣᠯᠠᠯ ᠡᠷᠢᠶᠡᠨ ᠬᠤᠲᠠ ᠪᠣᠯᠣᠨ ᠭᠠᠭᠴᠠᠮᠣᠳᠦ  ᠪᠣᠭᠤᠮᠲᠠ ᠳᠤ ᠶᠠᠪᠤᠭᠳᠠᠪᠠ᠃ ᠲᠣᠰ ᠤᠳᠠᠭᠠᠨ ᠤ ᠬᠠᠨᠳᠢᠪᠯᠡᠭ᠌ᠰᠠᠨ ᠡᠳ᠋ ᠪᠣᠳᠠᠰ ᠤᠨ ᠪᠥᠬᠦ ᠥᠷᠲᠡᠭ ᠨᠢ 400 ᠲᠦᠮᠡᠨ ᠲᠥᠭᠦᠷᠢᠭ ᠪᠣᠯᠣᠨ᠎ᠠ᠂ ᠡᠨᠡ ᠪᠣᠯ ᠨᠢᠳᠤᠨᠤᠨ ᠠᠴᠠ ᠨᠠᠰᠢ ᠳᠤᠮᠳᠠᠳᠤ ᠮᠣᠩᠭᠤᠯ ᠤᠨ ᠬᠢᠯᠢ ᠶᠢᠨ ᠵᠠᠭᠠᠭ ᠤᠨ ᠬᠤᠯᠪᠣᠭᠠᠲᠤ ᠵᠥᠪᠯᠡᠯ ᠤᠨ ᠳᠤᠮᠳᠠᠳᠤ ᠤᠯᠤᠰ ᠤᠨ ᠲᠠᠯ᠎ᠠ ᠶᠢᠨ ᠵᠥᠪᠯᠡᠯ ᠠᠴᠠ ᠮᠣᠩᠭᠤᠯ ᠤᠨ ᠲᠠᠯ᠎ᠠ ᠳᠤ ᠬᠠᠨᠳᠢᠪᠯᠡᠭ᠌ᠰᠠᠨ ᠬᠤᠶᠠᠳᠤᠭᠠᠷ ᠪᠦᠯᠦᠭ ᠤᠨ ᠬᠢᠵᠢᠭ ᠢ ᠰᠡᠷᠭᠡᠶᠢᠯᠡᠬᠦ ᠡᠳ᠋ ᠪᠣᠳᠠᠰ ᠪᠣᠯᠣᠨ᠎ᠠ᠃    ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠭᠠᠳᠠᠭᠠᠳᠤ ᠶᠠᠪᠤᠳᠠᠯ ᠤᠨ ᠠᠯᠪᠠᠨ ᠭᠡᠷ ᠤᠨ ᠡᠷᠬᠢᠯᠡᠭᠴᠢ ᠹᠦ᠋ ᠶᠦᠩ ᠴᠦᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠭᠠᠳᠠᠭᠠᠳᠤ ᠶᠠᠪᠤᠳᠠᠯ ᠤᠨ ᠠᠯᠪᠠᠨ ᠭᠡᠷ ᠤᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠵᠠᠩ ᠬᠤᠸᠠᠨ ᠺᠦᠨ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠵᠠᠩ ᠶᠢᠩ ᠵᠢᠶᠧ᠂ ᠬᠥᠬᠡᠬᠤᠲᠠ ᠳᠤ ᠰᠠᠭᠤᠭ᠎ᠠ ᠮᠣᠩᠭᠤᠯ ᠤᠯᠤᠰ ᠤᠨ ᠶᠡᠷᠦᠩᠬᠡᠢ ᠺᠤᠨᠰᠦ᠋ᠯ ᠪᠠᠳᠣᠬᠤᠶᠠᠭ᠂ ᠡᠷᠢᠶᠡᠨ ᠬᠤᠲᠠ ᠳᠤ ᠰᠠᠭᠤᠭ᠎ᠠ ᠮᠣᠩᠭᠤᠯ ᠤᠯᠤᠰ ᠤᠨ ᠺᠤᠨᠰᠦ᠋ᠯ ᠮᠦᠩᠬᠡᠭᠡᠷᠡᠯ ᠶᠣᠰᠣᠯᠠᠯ ᠳᠤ ᠣᠷᠣᠯᠴᠠᠪᠠ᠃   ᠳᠤᠮᠳᠠᠳᠤ ᠮᠣᠩᠭᠤᠯ ᠬᠤᠶᠠᠷ ᠤᠯᠤᠰ ᠤᠨ ᠬᠢᠯᠢ ᠶᠢᠨ ᠵᠠᠭᠠᠭ ᠤᠨ ᠬᠠᠮᠲᠤᠷᠠᠭᠰᠠᠨ ᠵᠥᠪᠯᠡᠯ ᠤᠨ ᠲᠣᠭᠲᠠᠴᠠ ᠶᠢᠨ ᠬᠢᠵᠢᠭ ᠢ ᠰᠡᠷᠭᠡᠶᠢᠯᠡᠬᠦ ᠬᠤᠯᠪᠤᠭᠠᠯᠠᠨ ᠡᠵᠡᠮᠳᠡᠬᠦ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠳᠣᠯᠠᠳᠠ᠂ ᠳᠤᠮᠳᠠᠳᠤ ᠤᠯᠤᠰ ᠤᠨ ᠭᠠᠳᠠᠭᠠᠳᠤ ᠶᠠᠪᠤᠳᠠᠯ ᠤᠨ ᠶᠠᠮᠤᠨ ᠤ ᠳᠡᠮᠵᠢᠯᠭᠡ ᠳᠣᠣᠷ᠎ᠠ᠂ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠶᠠᠪᠤᠳᠠᠯ ᠤᠨ ᠠᠯᠪᠠᠨ ᠭᠡᠷ ᠠᠴᠠ ᠪᠤᠭᠤᠲᠤ ᠬᠤᠲᠠ᠂ ᠬᠥᠯᠥᠨ ᠪᠤᠶᠢᠷ ᠬᠤᠲᠠ᠂ ᠬᠢᠩᠭᠠᠨ ᠠᠶᠢᠮᠠᠭ᠂ ᠰᠢᠯᠢ ᠶᠢᠨ ᠭᠤᠣᠯ ᠠᠶᠢᠮᠠᠭ᠂ ᠪᠠᠶᠠᠨᠨᠠᠭᠤᠷ ᠬᠤᠲᠠ᠂ ᠠᠯᠠᠱᠠ ᠠᠶᠢᠮᠠᠭ᠂ ᠡᠷᠢᠶᠡᠨ ᠬᠤᠲᠠ ᠵᠡᠷᠭᠡ ᠭᠠᠵᠠᠷ ᠣᠷᠣᠨ ᠤ ᠭᠠᠳᠠᠭᠠᠳᠤ ᠶᠠᠪᠤᠳᠠᠯ ᠤᠨ ᠠᠯᠪᠠᠨ ᠭᠡᠷ ᠢ ᠵᠣᠬᠢᠶᠠᠨ ᠪᠠᠶᠢᠭᠤᠯᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠲᠠᠢ ᠬᠥᠷᠰᠢᠯᠡᠵᠦ ᠪᠠᠶᠢᠭ᠎ᠠ ᠮᠣᠩᠭᠤᠯ ᠤᠯᠤᠰ ᠤᠨ ᠡᠮᠦᠨᠡᠲᠦ ᠭᠤᠪᠢ ᠠᠶᠢᠮᠠᠭ᠂  ᠳᠣᠷᠣᠨᠠᠭᠤᠪᠢ ᠠᠶᠢᠮᠠᠭ᠂ ᠰᠦᠬᠡᠪᠠᠭᠠᠲᠤᠷ ᠠᠶᠢᠮᠠᠭ᠂ ᠳᠣᠷᠣᠨᠠᠲᠤ ᠠᠶᠢᠮᠠᠭ᠂ ᠭᠡᠨᠳᠡᠢ ᠠᠶᠢᠮᠠᠭ᠂ ᠵᠠᠮ ᠤᠨ ᠡᠭᠦᠳᠡ ᠬᠤᠲᠠ ᠳᠤ ᠪᠦᠭᠡᠮ ᠬᠦᠴᠢᠯ ᠤᠨ ᠪᠠᠶᠢᠴᠠᠭᠠᠨ ᠰᠢᠯᠭᠠᠬᠤ ᠲᠥᠬᠦᠭᠡᠷᠦᠮᠵᠢ ᠵᠢᠴᠢ ᠤᠷᠪᠠᠯᠵᠢ ᠶᠢᠨ ᠬᠠᠶᠢᠷᠴᠠᠭ᠂ ᠡᠮᠨᠡᠯᠭᠡ ᠳᠤ ᠬᠡᠷᠡᠭᠯᠡᠬᠦ ᠠᠮᠠᠪᠴᠢ᠂ ᠬᠠᠮᠠᠭᠠᠯᠠᠯᠲᠠ ᠶᠢᠨ ᠬᠤᠪᠴᠠᠰᠤ᠂ ᠨᠢᠳᠦ ᠬᠠᠮᠠᠭᠠᠯᠠᠬᠤ ᠪᠦᠷᠬᠦᠪᠴᠢ ᠵᠡᠷᠭᠡ 16 ᠲᠥᠷᠥᠯ ᠤᠨ ᠬᠢᠵᠢᠭ ᠢ ᠡᠰᠡᠷᠭᠦᠴᠡᠬᠦ ᠡᠳ᠋ ᠪᠣᠳᠠᠰ ᠬᠠᠨᠳᠢᠪᠯᠡᠵᠤ᠂ ᠶᠡᠷᠦᠩᠬᠡᠢ ᠥᠷᠲᠡᠭ ᠨᠢ 400 ᠲᠦᠮᠡᠨ ᠲᠥᠭᠦᠷᠢᠭ ᠪᠣᠯᠣᠨ᠎ᠠ᠃
   ᠬᠠᠨᠳᠢᠪᠯᠠᠵᠦ ᠪᠠᠶᠢᠭ᠎ᠠ ᠬᠢᠵᠢᠭ ᠰᠡᠷᠭᠡᠶᠢᠯᠡᠬᠦ ᠡᠳ᠋ ᠪᠣᠳᠠᠰ    ᠣᠶᠢᠯᠠᠭᠠᠭᠰᠠᠨ ᠢᠶᠠᠷ᠂ ᠳᠤᠮᠳᠠᠳᠤ ᠮᠣᠩᠭᠤᠯ ᠤᠨ ᠬᠢᠯᠢ ᠶᠢᠨ ᠵᠠᠭᠠᠭ ᠤᠨ ᠬᠠᠮᠲᠤᠷᠠᠭᠰᠠᠨ ᠵᠥᠪᠯᠡᠯ ᠤᠨ ᠳᠤᠮᠳᠠᠳᠤ ᠶᠢᠨ ᠲᠠᠯ᠎ᠠ ᠶᠢᠨ ᠵᠥᠪᠯᠡᠯ ᠠᠴᠠ ᠮᠣᠩᠭᠤᠯ ᠤᠨ ᠲᠠᠯ᠎ᠠ ᠳᠤ ᠬᠢᠵᠢᠭ ᠰᠡᠷᠭᠡᠶᠢᠯᠡᠬᠦ ᠡᠳ᠋ ᠪᠣᠳᠠᠰ ᠬᠠᠨᠳᠢᠪᠯᠡᠬᠤ ᠶᠣᠰᠣᠯᠠᠯ ᠳᠠᠭᠤᠰᠤᠭᠰᠠᠨ ᠤ ᠳᠠᠷᠠᠭ᠎ᠠ᠂ ᠬᠠᠨᠳᠢᠪᠯᠡᠨ ᠬᠦᠷᠭᠡᠭᠰᠡᠨ ᠬᠢᠵᠢᠭ ᠰᠡᠷᠭᠡᠶᠢᠯᠡᠬᠦ ᠡᠳ᠋ ᠪᠣᠳᠠᠰ ᠢ ᠡᠷᠢᠶᠡᠨ ᠬᠤᠲᠠ ᠶᠢᠨ ᠪᠣᠭᠤᠮᠲᠠ᠂ ᠭᠠᠭᠴᠠᠮᠣᠳᠤ ᠪᠣᠭᠤᠮᠲᠠ ᠶᠢᠨ ᠰᠠᠭᠠᠳ ᠦᠭᠡᠢ ᠨᠡᠪᠲᠡᠷᠡᠬᠦ ᠵᠠᠮ ᠢᠶᠠᠷ ᠪᠣᠭᠤᠮᠲᠠ ᠠᠴᠠ ᠭᠠᠷᠭᠠᠵᠤ᠂ ᠬᠠᠮᠤᠭ ᠤᠨ ᠲᠦᠷᠭᠡᠨ ᠬᠤᠷᠳᠤᠴᠠ ᠪᠠᠷ ᠮᠣᠩᠭᠤᠯ ᠤᠯᠤᠰ ᠤᠨ ᠬᠤᠯᠪᠣᠭᠳᠠᠯ ᠪᠦᠬᠦᠢ ᠭᠠᠵᠠᠷ ᠣᠷᠣᠨ ᠳᠤ ᠬᠦᠷᠭᠡᠬᠦ ᠪᠣᠯᠣᠨ᠎ᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号