| | 5 ᠰᠠᠷ᠎ᠠ ᠶᠢᠨ 10 ᠤ ᠡᠳᠦᠷ᠂ ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠰᠢᠯᠢ ᠶᠢᠨ ᠭᠤᠣᠯ ᠠᠶᠢᠮᠠᠭ ᠤᠨ | ᠴᠢᠰᠤᠨ ᠤ ᠥᠷᠲᠡᠭᠡ ᠲᠠᠢ ᠬᠠᠮᠲᠤᠷᠠᠨ ᠨᠠᠮ ᠵᠠᠰᠠᠭ ᠤᠨ ᠶᠡᠭᠡ ᠠᠰᠠᠷ ᠤᠨ ᠵᠠᠬᠢᠳᠠᠯ ᠰᠣᠷᠪᠤᠯᠵᠢᠯᠠᠭ᠎ᠠ ᠶᠢᠨ ᠲᠢᠩᠬᠢᠮ ᠳᠤ | ᠦᠨ᠎ᠡ ᠲᠥᠯᠥᠪᠦᠷᠢ ᠦᠭᠡᠢ ᠪᠠᠷ ᠴᠢᠰᠤ ᠬᠠᠨᠳᠢᠪᠯᠡᠬᠤ ᠵᠢᠴᠢ ᠴᠢᠰᠤ ᠦᠶᠯᠡᠳᠬᠦ ᠭᠤᠣᠯ ᠡᠰ ᠢᠶᠠᠨ ᠬᠠᠨᠳᠢᠪᠯᠠᠬᠤ ᠠᠵᠢᠯᠯᠠᠭ᠎ᠠ | ᠦᠷᠨᠢᠬᠦᠯᠪᠡ᠃ | | | ᠲᠤᠬᠠᠢ ᠶᠢᠨ ᠡᠳᠦᠷ ᠤᠨ ᠥᠷᠯᠥᠭᠡ ᠡᠷᠲᠡ᠂ ᠴᠥᠭᠡᠨ ᠪᠤᠰᠤ ᠰᠠᠶᠢᠨ ᠳᠣᠷᠠᠴᠣᠳ ᠲᠢᠩᠬᠢᠮ ᠳᠤ ᠡᠷᠲᠡ ᠢᠷᠡᠵᠦ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠰᠠᠶᠢᠲᠤᠷ ᠬᠡᠷᠡᠭᠵᠢᠭᠦᠯᠦᠭᠰᠡᠨ ᠤ ᠳᠠᠷᠠᠭ᠎ᠠ᠂ ᠴᠢᠰᠤ | ᠥᠭᠬᠦ ᠪᠠ ᠴᠢᠰᠤᠨ ᠤ ᠥᠯᠢᠭᠡᠷ ᠠᠪᠬᠤ ᠶᠢ ᠬᠦᠯᠢᠶᠡᠨ᠎ᠡ᠃ ᠲᠤᠬᠠᠢ ᠶᠢᠨ ᠲᠠᠯᠠᠪᠠᠢ ᠳᠤ᠂ ᠤᠯᠠᠨ ᠢᠶᠠᠷ ᠢᠶᠠᠨ ᠤᠯᠠᠭᠠᠨ | ᠵᠠᠭᠠᠯᠮᠠᠶᠢᠳᠠᠨ ᠤ ᠨᠡᠶᠢᠭᠡᠮᠯᠢᠭ ᠤᠨ ᠠᠵᠢᠯᠲᠠᠳ ᠤᠨ ᠴᠢᠰᠤ ᠦᠢᠯᠡᠳᠬᠦ ᠭᠤᠣᠯ ᠡᠰ ᠤᠨ ᠬᠠᠨᠳᠢᠪᠯᠡᠯ ᠵᠢᠴᠢ ᠦᠨ᠎ᠡ | ᠲᠥᠯᠥᠪᠦᠷᠢ ᠦᠭᠡᠢ ᠪᠠᠷ ᠴᠢᠰᠤ ᠬᠠᠨᠳᠢᠪᠯᠡᠬᠤ ᠬᠠᠮᠢᠶ᠎ᠠ ᠪᠦᠬᠦᠢ ᠮᠡᠳᠡᠯᠭᠡ ᠶᠢᠨ ᠲᠤᠬᠠᠢ ᠲᠠᠶᠢᠯᠤᠮᠵᠢ ᠶᠢ ᠨᠠᠷᠢᠨ ᠬᠢᠨᠠᠮᠠᠭᠠᠢ | ᠰᠣᠨᠣᠰᠬᠤ ᠶᠢᠨ ᠬᠠᠮᠲᠤ ᠮᠡᠳᠡᠭᠡ ᠵᠠᠩᠭᠢ ᠶᠢᠨ ᠪᠦᠷᠢᠳᠬᠡᠯ ᠤᠨ ᠬᠦᠰᠦᠨᠦᠭᠲᠦ ᠶᠢ ᠨᠠᠷᠢᠨ ᠬᠢᠨᠠᠮᠠᠭᠠᠢ ᠳᠠᠭᠯᠠᠨ᠎ᠠ᠃ | | | ᠬᠤᠲᠠ ᠶᠢᠨ ᠠᠷᠠᠳ ᠸᠠᠩ ᠶᠦᠩ ᠪᠦᠦ᠄ ︽ᠥᠨᠥᠳᠥᠷ ᠴᠢᠰᠤ ᠪᠦᠲᠦᠭᠡᠬᠦ ᠭᠤᠣᠯ ᠡᠰ ᠤᠨ ᠦᠯᠢᠭᠡᠷ ᠠᠪᠬᠤ ᠪᠠᠷ | ᠢᠷᠡᠭᠰᠡᠨ ᠶᠤᠮ᠂ ᠪᠢ ᠤᠤᠯ ᠨᠢ ᠪᠠᠰᠠ ᠴᠢᠰᠤ ᠡᠷᠭᠦᠵᠦ ᠥᠩᠭᠡᠷᠡᠭᠰᠡᠨ ᠶᠤᠮ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ | ᠰᠠᠶᠢᠨ ᠳᠤᠷ᠎ᠠ ᠶᠢᠨ ᠦᠢᠯᠡᠴᠢᠯᠡᠭᠴᠢ ᠶᠢᠨ ᠲᠡᠨᠳᠡ ᠠᠴᠠ ᠣᠶᠢᠯᠠᠭᠠᠵᠤ ᠮᠡᠳᠡᠭᠰᠡᠨ ᠨᠢ᠂ ᠴᠢᠰᠤ ᠪᠦᠲᠦᠭᠡᠬᠦ ᠭᠤᠣᠯ ᠡᠰ | ᠢᠶᠠᠨ ᠬᠠᠨᠳᠢᠪᠯᠡᠪᠠᠯ ᠵᠠᠷᠢᠮ ᠣᠨᠴᠠᠭᠠᠶ ᠡᠪᠡᠳᠴᠢᠨ ᠢ ᠵᠠᠰᠠᠵᠤ ᠪᠣᠯᠣᠨ᠎ᠠ᠂ ᠮᠢᠨᠤ ᠦᠵᠡᠬᠦ ᠪᠠᠷ ᠥᠪᠡᠷ ᠢᠶᠠᠨ ᠦᠯᠢᠭᠡᠷ | ᠠᠪᠬᠤ ᠪᠠᠷᠢᠮᠵᠢᠶ᠎ᠠ ᠳᠤ ᠨᠡᠶᠢᠴᠡᠪᠡᠯ ᠬᠡᠷᠡᠭᠴᠡᠭᠡ ᠲᠠᠢ ᠬᠥᠮᠥᠰ ᠢ ᠬᠠᠪᠰᠤᠷᠴᠤ ᠪᠣᠯᠣᠨ᠎ᠠ᠂ ᠡᠨᠡ ᠪᠣᠯ ᠲᠤᠶᠢᠯ ᠤᠨ ᠤᠳᠬ᠎ᠠ | ᠠᠭᠤᠯᠭ᠎ᠠ ᠲᠠᠢ ᠶᠠᠪᠤᠳᠠᠯ ᠪᠣᠯᠣᠨ᠎ᠠ︾ ᠭᠡᠵᠡᠢ᠃ | | | ᠠᠮᠢ ᠨᠠᠰᠤ ᠬᠤᠪᠢ ᠨᠡᠮᠡᠷᠢ ᠦᠵᠡᠭᠦᠯᠬᠦ ᠠᠴᠠ ᠪᠣᠯᠵᠤ ᠭᠤᠶᠢᠳᠠ ᠰᠠᠶᠢᠬᠠᠨ ᠪᠣᠯᠵᠤ᠂ ᠨᠡᠶᠢᠭᠡᠮ ᠬᠠᠶᠢᠷ᠎ᠠ ᠬᠠᠯᠠᠮᠵᠢ ᠠᠴᠠ | ᠪᠣᠯᠵᠤ ᠳᠤᠯᠠᠭᠠᠬᠠᠨ ᠪᠠᠶᠢᠳᠠᠭ᠃ ᠦᠨ᠎ᠡ ᠲᠥᠯᠥᠪᠦᠷᠢ ᠦᠭᠡᠢ ᠪᠠᠷ ᠴᠢᠰᠤ ᠪᠠᠨ ᠡᠷᠭᠦᠬᠦ ᠳᠤ ᠣᠷᠣᠯᠴᠠᠭᠰᠠᠨ ᠰᠠᠶᠢᠨ | ᠳᠣᠷᠠᠴᠣᠳ ᠪᠡᠶ᠎ᠡ ᠪᠠᠷ ᠢᠶᠠᠨ ᠬᠥᠮᠥᠨ ᠤ ᠶᠢᠷᠲᠢᠨᠴᠦ ᠶᠢᠨ ᠶᠡᠭᠡ ᠬᠠᠶᠢᠷ᠎ᠠ ᠪᠣᠯᠣᠨ ᠨᠡᠶᠢᠭᠡᠮ ᠤᠨ ᠬᠠᠷᠢᠭᠤᠴᠠᠯᠭ᠎ᠠ ᠶᠢ | ᠲᠠᠶᠢᠯᠪᠤᠷᠢᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠰᠢᠨ᠎ᠡ ᠴᠠᠭ ᠦᠶ᠎ᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠷᠢᠭ | ᠰᠠᠨᠠᠭ᠎ᠠ ᠪᠣᠯᠣᠨ ᠬᠠᠷᠠᠮ ᠦᠭᠡᠢ ᠵᠣᠷᠢᠭᠤᠯᠬᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ ᠪᠠᠶᠢᠨ᠎ᠠ᠃ ᠲᠣᠰ ᠤᠳᠠᠭᠠᠨ ᠤ | ᠠᠵᠢᠯᠯᠠᠭ᠎ᠠ ᠳᠤ᠂ ᠦᠨ᠎ᠡ ᠲᠥᠯᠥᠪᠦᠷᠢ ᠦᠭᠡᠢ ᠪᠠᠷ ᠴᠢᠰᠤ ᠬᠠᠨᠳᠢᠪᠯᠡᠬᠤ ᠰᠠᠶᠢᠨ ᠳᠣᠷᠠᠴᠣᠳ ᠨᠡᠶᠢᠲᠡ 262 ᠬᠥᠮᠥᠨ | ᠣᠷᠣᠯᠴᠠᠵᠤ᠂ ᠴᠢᠰᠤ ᠦᠶᠯᠡᠳᠬᠦ ᠭᠤᠣᠯ ᠡᠰ ᠤᠨ ᠴᠢᠰᠤᠨ ᠤ ᠥᠯᠢᠭᠡᠷ ᠬᠠᠨᠳᠢᠪᠯᠠᠭᠰᠠᠨ 49 ᠬᠥᠮᠥᠨ ᠪᠥᠭᠡᠳ ᠴᠢᠰᠤ | ᠦᠶᠯᠡᠳᠬᠦ ᠭᠤᠣᠯ ᠡᠰ ᠤᠨ ᠰᠠᠶᠢᠨ ᠳᠣᠷᠠᠴᠣᠳ ᠲᠤ ᠢᠷᠠᠭᠤ ᠠᠯᠳᠠᠷ ᠤᠨ ᠦᠨᠡᠮᠯᠡᠯ ᠣᠯᠭᠤᠭᠰᠠᠨ ᠪᠠᠶᠢᠨ᠎ᠠ᠃ | |