ᠪᠦᠬᠦ ᠬᠤᠳᠠ ᠶᠢᠨ ᠠᠩᠬᠠᠳᠤᠭᠠᠷ ᠬᠤᠭᠤᠴᠠᠭᠠᠨ ᠤ ᠵᠠᠯᠠᠭᠤᠴᠤᠳ ᠤᠨ ︽5 · 4︾  ᠤ ᠱᠠᠩᠨᠠᠯ ᠤᠨ ᠮᠧᠳᠠᠯ ᠢ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠡᠪᠯᠡᠯ ᠤᠨ ᠶᠡᠷᠦᠩᠬᠡᠢ ᠡᠭᠦᠷ ᠬᠦᠷᠳᠡᠪᠡ
ᠨᠡᠶᠢᠲᠡᠯᠡᠭᠰᠡᠨ ᠴᠠᠭ᠄
2022/5/17
    ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ᠂ ᠳᠤᠮᠳᠠᠳᠤ ᠶᠢᠨ ᠬᠦᠰᠡᠯ ᠵᠡᠭᠦᠳᠦ ᠶᠢ ᠲᠡᠷᠭᠡᠯᠰᠢᠭᠦᠯᠬᠦ ᠵᠠᠮ ᠳᠡᠭᠡᠷ᠎ᠡ᠂ ᠰᠢᠨ᠎ᠡ ᠴᠠᠭ ᠦᠶ᠎ᠡ ᠶᠢᠨ ᠵᠠᠯᠠᠭᠤ ᠠᠷᠠᠳ ᠤᠨ ᠴᠠᠭᠳᠠᠭ᠎ᠠ ᠨᠠᠷ ᠨᠠᠮ ᠤᠨ ᠬᠦᠰᠡᠯ ᠡᠷᠡᠮᠡᠯᠵᠡᠯ ᠪᠣᠯᠣᠨ ᠠᠷᠠᠳ ᠲᠦᠮᠡᠨ ᠤ ᠬᠦᠨᠳᠦ ᠨᠠᠶᠢᠳᠠᠯᠭ᠎ᠠ ᠶᠢ ᠬᠥᠰᠡᠷᠳᠡᠭᠦᠯᠦᠯ ᠦᠭᠡᠢ ᠪᠠᠷ ᠦᠨᠡᠨᠴᠢ ᠰᠢᠳᠤᠷᠭᠤ ᠪᠠᠷ ᠬᠤᠪᠢ ᠨᠡᠮᠡᠷᠢ ᠦᠵᠡᠭᠦᠯᠬᠦ ᠪᠠᠷ ᠨᠠᠮ ᠪᠣᠯᠣᠨ ᠠᠷᠠᠳ ᠲᠦᠮᠡᠨ ᠳᠤ ᠦᠯᠦ ᠣᠰᠣᠯᠳᠠᠬᠤ ᠠᠮᠤᠷ ᠠᠮᠤᠭᠤᠯᠠᠩ ᠤᠨ ᠬᠠᠷᠢᠭᠤᠯᠲᠠ ᠶᠢᠨ ᠬᠠᠭᠤᠳᠠᠰᠤ ᠶᠢ ᠪᠢᠴᠢᠭᠯᠡᠵᠦ ᠪᠠᠶᠢᠨ᠎ᠠ︕ ᠰᠠᠶ᠋ᠢᠬᠠᠨ ᠥᠩᠭᠡᠷᠡᠭᠰᠡᠨ ︽5 · 4︾  ᠤ ᠵᠠᠯᠠᠭᠤᠴᠤᠳ ᠤᠨ ᠪᠠᠶᠠᠷ ᠤᠨ ᠡᠳᠦᠷ ᠂ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠡᠪᠯᠡᠯ ᠤᠨ ᠶᠡᠷᠦᠩᠬᠡᠢ ᠡᠭᠦᠷ ᠤᠨ ᠬᠢᠨ ᠪᠦᠬᠦ ᠬᠤᠳᠠ ᠶᠢᠨ ᠠᠩᠬᠠᠳᠤᠭᠠᠷ ᠬᠤᠭᠤᠴᠠᠭᠠᠨ ᠤ ᠵᠠᠯᠠᠭᠤᠴᠤᠳ ᠤᠨ ︽5 · 4︾ ᠤ ᠱᠠᠩᠨᠠᠯ ᠤᠨ ᠲᠡᠮᠳᠡᠭ ᠤᠨ ᠬᠠᠮᠲᠤ ᠶᠢᠨ ᠢᠷᠠᠭᠤ ᠠᠯᠳᠠᠷ ᠤᠨ ᠴᠣᠯᠠ ᠶᠢ ᠬᠦᠷᠳᠡᠪᠡ᠃ ᠡᠨᠡᠬᠦ ᠢᠷᠠᠭᠤ ᠠᠯᠳᠠᠷ ᠪᠣᠯ ᠪᠣᠭᠤᠮᠲᠠ ᠶᠢᠨ ᠵᠠᠯᠠᠭᠤ ᠠᠷᠠᠳ ᠤᠨ ᠲᠤᠰᠠᠯᠠᠬᠤ ᠴᠠᠭᠳᠠᠭ᠎ᠠ ᠶᠢ ᠭᠦᠢᠴᠡᠳ ᠨᠤᠲᠠᠯᠠᠭᠰᠠᠨ ᠶᠠᠪᠤᠳᠠᠯ ᠪᠣᠯᠣᠨ᠎ᠠ᠂ ᠲᠡᠳᠡᠨ ᠪᠣᠳᠠᠲᠤ ᠠᠵᠢᠯᠯᠠᠭ᠎ᠠ ᠪᠠᠷ ᠢᠶᠠᠨ ︽ᠠᠷᠠᠳ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠷᠠᠳ ᠲᠦᠮᠡᠨ ᠤ ᠲᠥᠯᠥᠭᠡ ᠪᠠᠶᠢᠬᠤ︾ ᠶᠢ ᠦᠢᠯᠡᠳᠦᠯᠭᠡᠵᠢᠭᠦᠯᠦᠭᠰᠡᠨ ᠲᠥᠪ ᠴᠢᠩᠭ᠎ᠠ ᠠᠮᠠᠯᠠᠯᠲᠠ ᠪᠣᠯᠣᠨ᠎ᠠ᠂ ᠨᠡᠩ ᠴᠤ ᠲᠡᠳᠡᠨ ᠤ ᠪᠦᠬᠦ ᠬᠤᠳᠠ ᠶᠢᠨ ᠠᠷᠠᠳ ᠲᠦᠮᠡᠨ ᠤ ᠠᠮᠤᠷ ᠠᠮᠤᠭᠤᠯᠠᠩ ᠢ ᠰᠠᠬᠢᠨ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠪᠣᠯᠣᠨ᠎ᠠ᠃
    ᠠᠮᠢ ᠨᠠᠰᠤ ᠪᠠᠷ ᠢᠶᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠬᠠᠯᠠᠭᠤᠨ ᠴᠢᠰᠤ ᠪᠠᠷ ᠢᠶᠠᠨ ᠴᠠᠭᠳᠠᠭ᠎ᠠ ᠶᠢᠨ ᠰᠦᠭ ᠰᠦᠨᠡᠰᠦ ᠶᠢ ᠴᠣᠭᠴᠠᠯᠠᠨ᠎ᠠ᠃ 2021 ᠣᠨ ᠤ 10 ᠰᠠᠷ᠎ᠠ ᠳᠤ᠂ ᠭᠡᠨᠡᠳᠲᠡ ᠡᠭᠦᠰᠦᠭᠰᠡᠨ ᠬᠢᠵᠢᠭ ᠤᠨ ᠪᠠᠶᠢᠳᠠᠯ ᠪᠣᠭᠤᠮᠲᠠ ᠶᠢᠨ ᠬᠢᠯᠢ ᠶᠢᠨ ᠬᠤᠳᠠ ᠶᠢ ᠳᠠᠭᠠᠷᠢᠪᠠ᠃ ᠳᠠᠷᠠᠭ᠎ᠠ ᠨᠢ᠂ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠬᠤᠷᠢᠭᠯᠠᠨ ᠴᠣᠬᠢᠬᠤ ᠳᠠᠶᠢᠯᠠᠯᠳᠤᠭᠠᠨ ᠡᠬᠢᠯᠡᠪᠡ᠃ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠤ ᠪᠠᠲᠤ ᠴᠢᠩᠭ᠎ᠠ ᠳᠠᠭᠠᠭᠤᠯᠭ᠎ᠠ ᠳᠣᠣᠷ᠎ᠠ᠂ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠡᠪᠯᠡᠯ ᠤᠨ ᠶᠡᠷᠦᠩᠬᠡᠢ ᠡᠭᠦᠷ ᠤᠨ 70 ᠭᠠᠷᠤᠢ ᠵᠠᠯᠠᠭᠤ ᠠᠷᠠᠳ ᠤᠨ ᠲᠤᠰᠠᠯᠠᠬᠤ ᠴᠠᠭᠳᠠᠭ᠎ᠠ ᠬᠦᠨᠳᠦ ᠡᠭᠦᠷᠭᠡ ᠶᠢ ᠡᠭᠦᠷᠭᠡᠯᠡᠵᠦ᠂ ᠰᠠᠨᠠᠭᠠᠴᠢᠯᠠᠭ᠎ᠠ ᠠᠴᠠ ᠪᠠᠨ ︽ᠬᠢᠵᠢᠭ︾ ᠤᠨ ᠳᠠᠶᠢᠯᠠᠯᠳᠤᠭᠠᠨ ᠳᠤ ᠣᠷᠤᠯᠴᠠᠬᠤ ᠪᠠᠷ ᠭᠤᠶᠤᠴᠢᠯᠠᠵᠤ᠂ ᠪᠢᠲᠡᠭᠦᠮᠵᠢᠯᠡᠨ ᠡᠵᠡᠮᠳᠡᠬᠦ ᠲᠣᠭᠤᠷᠢᠭ᠂ ᠲᠤᠰᠠᠭᠠᠷᠯᠠᠬᠤ ᠴᠢᠭ ᠤᠨ ᠠᠵᠢᠯ ᠤᠨ ᠪᠠᠶᠢᠷᠢ ᠶᠢ ᠢᠮᠠᠭᠲᠠ ᠪᠠᠲᠤ ᠰᠠᠬᠢᠵᠤ᠂ ᠰᠢᠢᠳᠪᠦᠷᠢᠯᠡᠬᠦ ᠳᠤ ᠬᠠᠮᠤᠭ ᠤᠨ ᠬᠦᠴᠢᠷᠲᠡᠢ ᠠᠰᠠᠭᠤᠳᠠᠯ ᠢ ᠰᠢᠢᠳᠪᠦᠷᠢᠯᠡᠪᠡ᠃ ᠵᠠᠯᠠᠭᠤ ᠠᠷᠠᠳ ᠤᠨ ᠲᠤᠰᠠᠯᠠᠬᠤ ᠴᠡᠷᠢᠭ ᠤᠨ ᠴᠠᠭᠳᠠᠭ᠎ᠠ ᠨᠠᠷ ᠡᠳᠦᠷ ᠰᠥᠨᠢ ᠶᠢᠨ ᠢᠯᠭᠠᠯ ᠦᠭᠡᠢ ᠪᠠᠷ ᠵᠢᠵᠢᠭᠦᠷᠯᠡᠨ ᠰᠠᠬᠢᠬᠤ ᠪᠠ ᠰᠡᠷᠭᠡᠶᠢᠯᠡᠨ ᠡᠵᠡᠮᠳᠡᠵᠦ ᠵᠢᠭᠰᠠᠭᠠᠨ ᠪᠠᠶᠢᠴᠠᠭᠠᠬᠤ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠵᠦ᠂ ᠲᠤᠰᠠᠭᠠᠷᠯᠠᠨ ᠬᠠᠮᠢᠶᠠᠷᠤᠨ ᠡᠵᠡᠮᠳᠡᠬᠦ᠂ ᠤᠭ ᠦᠨᠳᠦᠰᠦ ᠶᠢ ᠨᠢ ᠡᠷᠢᠬᠦ᠂ ᠴᠢᠭ ᠪᠠᠶᠢᠷᠢ ᠪᠠᠷ ᠵᠢᠵᠢᠭᠦᠷᠯᠡᠨ ᠰᠠᠬᠢᠬᠤ᠂ ᠲᠣᠭᠤᠷᠢᠨ ᠴᠠᠭᠳᠠᠵᠤ ᠰᠡᠷᠭᠡᠶᠢᠯᠡᠨ ᠡᠵᠡᠮᠳᠡᠬᠦ ᠵᠡᠷᠭᠡ ᠡᠯ᠎ᠡ ᠠᠵᠢᠯ ᠤᠨ ᠪᠠᠶᠢᠷᠢ ᠳᠤ ᠭᠡᠷᠡᠯ ᠭᠢᠯᠪᠠᠭ᠎ᠠ ᠪᠠᠨ ᠰᠠᠴᠤᠷᠠᠭᠤᠯᠵᠤ ᠪᠠᠶᠢᠨ᠎ᠠ᠃
    ᠴᠠᠭᠳᠠᠭ᠎ᠠ ᠶᠢᠨ ᠰᠡᠳᠬᠢᠯ ᠨᠠᠮ ᠳᠤ ᠬᠠᠨᠳᠤᠵᠤ᠂ ᠴᠠᠭᠳᠠᠭ᠎ᠠ ᠶᠢᠨ ᠰᠦᠯᠳᠡ ᠭᠢᠯᠠᠯᠵᠠᠨ᠎ᠠ᠃ ᠰᠢᠨ᠎ᠡ ᠰᠢᠯᠭᠠᠯᠲᠠ ᠳᠤ ᠣᠷᠤᠯᠴᠠᠬᠤ ᠵᠠᠮ ᠳᠡᠭᠡᠷ᠎ᠡ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠡᠪᠯᠡᠯ ᠤᠨ ᠶᠡᠷᠦᠩᠬᠡᠢ ᠡᠭᠦᠷ ᠤᠨ  ᠬᠢᠨ ᠤᠭ ᠰᠠᠨᠠᠭ᠎ᠠ ᠪᠠᠨ ᠥᠯᠥ ᠬᠠᠯᠠᠰᠢᠷᠠᠯ ᠦᠭᠡᠢ ᠴᠢᠷᠮᠠᠶᠢᠨ ᠲᠡᠮᠡᠴᠡᠵᠦ᠂ ᠰᠣᠷᠣᠯᠴᠠᠯᠭ᠎ᠠ ᠶᠢᠨ ᠡᠪᠯᠡᠯ ᠤᠨ ᠬᠤᠷᠢᠶ᠎ᠠ ᠶᠢ ᠪᠠᠶᠢᠭᠤᠯᠬᠤ ᠪᠠᠷ ᠠᠴᠢᠶᠠᠯᠠᠪᠤᠷᠢ ᠪᠣᠯᠭᠠᠬᠤ ᠶᠢ ᠪᠠᠷᠢᠮᠲᠠᠯᠠᠵᠤ᠂ ᠡᠪᠯᠡᠯ ᠤᠨ ᠭᠡᠰᠢᠭᠦᠨ ᠠᠷᠠᠳ ᠤᠨ ᠴᠠᠭᠳᠠᠭ᠎ᠠ ᠶᠢ ᠵᠣᠬᠢᠶᠠᠨ ᠪᠠᠶᠢᠭᠤᠯᠵᠤ ᠨᠠᠮ ᠤᠨ ᠲᠡᠦᠬᠡ ᠨᠠᠮ ᠤᠨ ᠳᠦᠷᠢᠮ ᠢ ᠰᠤᠷᠤᠯᠴᠠᠬᠤ᠂ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠬᠥᠮᠦᠵᠢᠯ᠂ ᠳᠣᠲᠣᠭᠠᠳᠤ ᠶᠢ ᠬᠠᠮᠠᠭᠠᠯᠠᠬᠤ ᠴᠡᠷᠢᠭ ᠢ ᠶᠡᠭᠡ ᠪᠠᠷ ᠪᠣᠯᠪᠠᠰᠤᠷᠠᠭᠤᠯᠬᠤ ᠵᠡᠷᠭᠡ ᠠᠵᠢᠯᠯᠠᠭ᠎ᠠ ᠶᠢ ᠥᠷᠨᠢᠭᠦᠯᠵᠦ᠂ ᠰᠤᠷᠤᠯᠴᠠᠯᠭ᠎ᠠ ᠬᠥᠮᠦᠵᠢᠯ ᠢ ᠭᠦᠨᠵᠡᠭᠡᠢ ᠥᠷᠨᠢᠭᠦᠯᠬᠦ ᠶᠢᠨ ᠬᠠᠮᠲᠤ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠨ ᠳᠣᠲᠣᠭᠠᠳᠤ ᠶᠢ ᠬᠠᠮᠠᠭᠠᠯᠠᠬᠤ ᠠᠵᠢᠯ ᠢ ᠰᠠᠶᠢᠲᠤᠷ ᠬᠢᠬᠦ ᠶᠢᠨ ᠬᠥᠳᠡᠯᠭᠡᠭᠦ ᠬᠦᠴᠦᠨ ᠪᠣᠯᠭᠠᠨ ᠬᠤᠪᠢᠷᠠᠭᠤᠯᠵᠤ᠂ ᠨᠢᠭᠡᠨ ᠬᠢᠷᠢ ᠲᠡᠩᠴᠡᠭᠰᠡᠨ ᠴᠠᠭᠳᠠᠭ᠎ᠠ ᠶᠢᠨ ᠡᠪᠯᠡᠯ ᠤᠨ ᠭᠡᠰᠢᠭᠦᠨ ᠪᠣᠯᠬᠤ ᠪᠠᠷ ᠴᠢᠷᠮᠠᠶᠢᠵᠤ᠂ ᠪᠣᠭᠤᠮᠲᠠ ᠶᠢᠨ ᠨᠡᠶᠢᠭᠡᠮ ᠤᠨ ᠠᠮᠤᠷ ᠲᠦᠪᠰᠢᠨ ᠢ ᠦᠷᠭᠦᠯᠵᠢᠯᠡᠨ ᠲᠣᠭᠲᠠᠭᠤᠨ᠂ ᠠᠷᠠᠳ ᠲᠦᠮᠡᠨ ᠤ ᠠᠮᠢᠳᠤᠷᠠᠯ ᠢ ᠠᠮᠤᠷ ᠠᠮᠤᠭᠤᠯᠠᠩ ᠵᠣᠯ ᠵᠢᠷᠭᠠᠯ ᠲᠠᠢ ᠪᠠᠶᠢᠯᠭᠠᠬᠤ ᠶᠢᠨ ᠲᠥᠯᠥᠭᠡ ᠲᠠᠰᠤᠷᠠᠯᠲᠠ ᠦᠭᠡᠢ ᠴᠢᠷᠮᠠᠶᠢᠨ ᠲᠡᠮᠡᠴᠡᠰᠦᠭᠡᠢ︕
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号