【ᠬᠤᠳᠠᠯᠳᠤᠭ᠎ᠠ ᠡᠵᠡᠩᠨᠡᠯᠳᠠ ᠶᠢᠨ ᠣᠷᠴᠢᠨ ᠨᠥᠬᠦᠴᠡᠯ  ᠢ ᠰᠢᠯᠢᠳᠡᠭᠵᠢᠬᠦᠯᠦᠶ᠎ᠡ】 ᠬᠤᠲᠠ ᠶᠢᠨ ᠤᠳᠤᠷᠢᠳᠤᠯᠭ᠎ᠠ ᠳᠠᠭᠠᠭᠠᠴᠢᠯᠠᠨ ᠬᠠᠷᠢᠭᠤᠴᠠᠭᠰᠠᠨ ᠠᠵᠤ ᠠᠬᠤᠶᠢᠯᠠᠯ ᠳᠤ ᠬᠦᠨᠵᠡᠭᠡᠶᠢᠷᠡᠨ ᠪᠠᠶᠢᠴᠠᠭᠠᠨ ᠰᠣᠳᠣᠯᠣᠯᠳᠠ ᠬᠢᠵᠦ᠂ ᠬᠦᠴᠢᠷᠳᠡᠯ ᠢ ᠨᠢ ᠰᠢᠢᠳᠪᠣᠷᠢᠯᠡᠪᠡ
ᠨᠡᠶᠢᠲᠡᠯᠡᠭᠰᠡᠨ ᠴᠠᠭ᠄
2022/5/18
    5 ᠰᠠᠷ᠎ᠠ ᠶᠢᠨ 16 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠸᠠᠩ ᠵᠢᠩ  ᠳᠠᠭᠠᠭᠠᠴᠢᠯᠠᠨ ᠬᠠᠷᠢᠭᠤᠴᠠᠭᠰᠠᠨ ᠢᠦᠢ ᠲᠠᠢ ᠭᠡᠷ ᠪᠠᠶᠢᠰᠢᠩ ᠭᠠᠵᠠᠷ ᠬᠥᠷᠥᠩᠭᠡ ᠶᠢᠨ ᠬᠢᠵᠠᠭᠠᠷᠲᠤ ᠺᠣᠮᠫᠠᠨᠢ ᠳᠤ ᠬᠦᠷᠴᠦ᠂ ᠠᠵᠤ ᠠᠬᠤᠶᠢᠯᠠᠯ ᠤᠨ ᠣᠷᠣᠨ ᠰᠠᠭᠤᠴᠠ ᠶᠢᠨ ᠰᠠᠭᠤᠭᠠᠯᠢ ᠲᠣᠭᠤᠷᠢᠭ ᠤᠨ ᠦᠯᠡᠳᠡᠭᠳᠡᠯ ᠠᠰᠠᠭᠤᠳᠠᠯ᠂ ᠠᠶᠤᠯᠭᠦᠢ ᠦᠢᠯᠡᠳᠪᠦᠷᠢᠯᠡᠯ ᠵᠢᠴᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠯᠪᠣᠭᠳᠠᠯ ᠪᠦᠬᠦᠢ ᠪᠠᠶᠢᠳᠠᠯ ᠢ ᠭᠤᠣᠯᠳᠠᠯᠭ᠎ᠠ ᠲᠠᠢ ᠪᠠᠶᠢᠴᠠᠭᠠᠨ ᠰᠤᠳᠤᠯᠵᠤ᠂ ᠠᠵᠤ ᠠᠬᠤᠶᠢᠯᠠᠯ ᠤᠨ ᠬᠥᠭᠵᠢᠯᠲᠡ ᠶᠢᠨ ᠳᠤᠮᠳᠠ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠪᠡ᠃
  ᠪᠠᠶᠢᠴᠠᠭᠠᠨ ᠰᠤᠳᠤᠯᠤᠯᠲᠠ ᠶᠢᠨ ᠳᠤᠮᠳᠠ᠂ ᠸᠠᠩ ᠵᠢᠩ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠨᠢᠭᠤᠷᠳᠠᠨ ᠶᠠᠷᠢᠯᠴᠠᠵᠤ᠂ ᠠᠵᠤ ᠠᠬᠤᠶᠢᠯᠠᠯ ᠢ ᠬᠠᠪᠰᠤᠷᠤᠨ ᠡᠵᠡᠩᠨᠡᠯᠲᠡ ᠶᠢᠨ ᠶᠠᠪᠤᠴᠠ ᠳᠤ ᠲᠤᠯᠭᠠᠷᠠᠭᠰᠠᠨ ᠪᠣᠳᠠᠲᠠᠢ ᠬᠦᠴᠢᠷᠳᠡᠯ ᠢ ᠨᠢ ᠰᠢᠢᠳᠪᠦᠷᠢᠯᠡᠵᠦ ᠥᠭᠴᠡᠢ᠃
   ᠸᠠᠩ ᠵᠢᠩ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠵᠤ ᠠᠬᠤᠶᠢᠯᠠᠯ ᠯᠤᠭ᠎ᠠ ᠶᠢᠨ ᠣᠶᠢᠯᠠᠭᠠᠯᠴᠠᠭ᠎ᠠ ᠵᠣᠯᠭᠠᠯᠴᠠᠭ᠎ᠠ ᠪᠠᠨ ᠴᠢᠨᠠᠭᠰᠢᠳᠠ ᠴᠢᠩᠭᠠᠳᠬᠠᠵᠤ᠂  ᠪᠠᠶᠢᠩᠭᠤ ᠬᠠᠷᠢᠯᠴᠠᠬᠤ ᠲᠣᠭᠲᠠᠴᠠ ᠶᠢ ᠪᠠᠶᠢᠭᠤᠯᠵᠤ᠂ ᠦᠢᠯᠡᠴᠢᠯᠡᠭᠡᠨ ᠤ ᠵᠠᠭᠪᠤᠷ ᠢᠶᠠᠨ ᠴᠢᠨᠠᠭᠰᠢᠳᠠ ᠰᠢᠯᠢᠳᠡᠭᠵᠢᠭᠦᠯᠵᠦ᠂ ᠦᠢᠯᠡᠴᠢᠯᠡᠭᠡᠨ ᠤ ᠠᠷᠭ᠎ᠠ ᠬᠡᠯᠪᠡᠷᠢ ᠪᠠᠨ ᠴᠢᠷᠮᠠᠶᠢᠨ ᠬᠤᠪᠢᠷᠠᠭᠤᠯᠵᠤ᠂ ᠠᠵᠤ ᠠᠬᠤᠶᠢᠯᠠᠯ ᠤᠨ ᠳᠣᠯᠭᠠᠮ᠎ᠠ ᠪᠠᠶᠢᠳᠠᠯ ᠳᠣᠯᠭᠠᠮ᠎ᠠ ᠬᠡᠷᠡᠭᠴᠡᠭᠡ ᠶᠢ ᠠᠰᠠᠭᠤᠨ ᠯᠠᠪᠯᠠᠵᠦ᠂ ᠪᠣᠭᠤᠮᠲᠠ ᠶᠢᠨ ᠬᠤᠳᠠᠯᠳᠤᠭ᠎ᠠ ᠡᠵᠡᠩᠨᠡᠯᠲᠡ ᠶᠢᠨ ᠣᠷᠴᠢᠨ ᠨᠦᠬᠦᠴᠡᠯ ᠢ ᠰᠢᠯᠢᠳᠡᠭᠵᠢᠬᠦᠯᠦᠨ᠂ ᠪᠣᠭᠤᠮᠲᠠ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠠᠵᠤ ᠠᠬᠤᠶᠢᠯᠠᠯ ᠤᠨ ᠲᠣᠰ ᠪᠡᠶ᠎ᠡ ᠨᠢ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠣᠶ ᠪᠣᠯᠭᠠᠵᠤ᠂ ᠬᠥᠭᠵᠢᠯᠲᠡ ᠶᠢᠨ ᠵᠠᠭᠪᠤᠷ ᠢᠶᠠᠨ ᠭᠦᠨᠵᠡᠭᠡᠶᠢᠷᠡᠭᠦᠯᠦᠨ ᠰᠢᠯᠢᠳᠡᠭᠵᠢᠭᠦᠯᠵᠦ᠂ ᠴᠢᠷᠮᠠᠶᠢᠨ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠬᠡᠷᠡᠭᠲᠡᠢ᠃ ᠨᠡᠶᠢᠭᠡᠮ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠠᠵᠤ ᠠᠬᠤᠶᠢᠯᠠᠯ ᠤᠨ ᠰᠣᠶᠣᠯ ᠤᠨ ᠪᠠᠶᠢᠭᠤᠯᠤᠯᠲᠠ ᠶᠢ ᠲᠠᠰᠤᠷᠠᠯᠳᠡ ᠦᠭᠡᠢ ᠠᠬᠢᠭᠤᠯᠬᠤ ᠬᠡᠷᠡᠭᠲᠡᠢ᠃ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠡᠨᠡᠬᠦ ᠭᠤᠭᠴᠤᠭ᠎ᠠ ᠶᠢ ᠴᠠᠭ ᠢᠮᠠᠭᠲᠠ ᠴᠢᠩᠭᠠᠷᠠᠭᠤᠯᠵᠤ᠂ ᠡᠯ᠎ᠡ ᠲᠦᠷᠦᠯ ᠤᠨ ᠠᠶᠤᠯᠭᠦᠢ ᠦᠢᠯᠡᠳᠪᠦᠷᠢᠯᠡᠯ ᠤᠨ ᠬᠡᠮ ᠰᠣᠭᠤᠭ ᠢ ᠪᠠᠭ᠎ᠠ ᠳᠡᠭᠡᠷ᠎ᠡ ᠨᠢ ᠠᠷᠢᠯᠭᠠᠬᠤ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠡᠷᠦᠩᠬᠡᠢ ᠱᠠᠭᠠᠷᠳᠠᠯᠭ᠎ᠠ ᠶᠣᠰᠣᠭᠠᠷ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠴᠢᠩᠭ᠎ᠠ ᠰᠡᠷᠭᠡᠶᠢᠯᠡᠯᠲᠡ ᠶᠢᠨ ᠱᠤᠭᠤᠮ ᠢ ᠡᠴᠦᠰ ᠲᠤᠨᠢ ᠲᠤᠯᠲᠠᠯ᠎ᠠ ᠬᠢᠴᠢᠶᠡᠨ ᠪᠠᠬᠢᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号