| | ᠪᠠᠭᠠᠴᠤᠳ ᠤᠨ ᠬᠤᠰᠢᠭᠤᠴᠢ ᠠᠩᠭᠢ ᠶᠢᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ | ᠴᠣᠭᠴᠠᠯᠠᠯᠲᠠ ᠶᠢ ᠴᠢᠩᠭᠠᠳᠬᠠᠵᠤ᠂ ᠪᠠᠭᠠᠴᠤᠳ ᠤᠨ ᠬᠤᠰᠢᠭᠤᠴᠢ ᠠᠩᠭᠢ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠶᠢ ᠦᠷᠭᠦᠯᠵᠢᠯᠡᠨ ᠠᠬᠢᠭᠤᠯᠵᠤ᠂ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠤᠨ | ᠡᠷᠡᠭᠦᠯ ᠢᠶᠠᠷ ᠦᠰᠦᠨ ᠪᠣᠶᠢᠵᠢᠬᠤ ᠶᠢ ᠨᠠᠩ ᠰᠠᠶᠢᠲᠤᠷ ᠬᠥᠲᠥᠯᠥᠨ ᠳᠠᠭᠠᠭᠤᠯᠬᠤ ᠶᠢᠨ ᠲᠥᠯᠥᠭᠡ᠂ 5 ᠰᠠᠷ᠎ᠠ ᠶᠢᠨ | 18 ᠤ ᠡᠳᠦᠷ᠂ ᠳᠤᠮᠳᠠᠳᠤ ᠤᠯᠤᠰ ᠤᠨ ᠪᠠᠭᠠᠴᠤᠳ ᠤᠨ ᠬᠤᠰᠢᠭᠤᠴᠢ ᠠᠩᠭᠢ ᠶᠢᠨ ᠡᠷᠢᠶᠡᠨ ᠬᠤᠲᠠ ᠶᠢᠨ | ᠵᠠᠯᠠᠭᠤᠴᠤᠳ ᠪᠠᠭᠠᠴᠤᠳ ᠤᠨ ᠠᠵᠢᠯᠯᠠᠭᠠᠨ ᠤ ᠲᠥᠪ ᠤᠨ ᠠᠵᠢᠯ ᠤᠨ ᠵᠥᠪᠯᠡᠯ ᠵᠢᠩᠬᠢᠨᠢ ᠪᠠᠷ ᠪᠠᠶᠢᠭᠤᠯᠤᠭᠳᠠᠭᠰᠠᠨ | ᠪᠥᠭᠡᠳ ᠫᠠᠶᠢᠰᠠ ᠰᠡᠬᠦᠬᠦ ᠶᠣᠰᠣᠯᠠᠯ ᠶᠠᠪᠤᠭᠤᠯᠪᠠ᠃ | | | ᠶᠣᠰᠣᠯᠠᠯ ᠳᠡᠭᠡᠷ᠎ᠡ᠂ ︽ᠡᠷᠢᠶᠡᠨ ᠬᠤᠳᠠ ᠶᠢᠨ ᠪᠠᠭᠠᠴᠤᠳ ᠤᠨ ᠠᠵᠢᠯᠯᠠᠭ᠎ᠠ ᠶᠢᠨ ᠲᠥᠪ ᠤᠨ ᠪᠠᠭᠠᠴᠤᠳ ᠤᠨ | ᠠᠵᠢᠯᠯᠠᠭ᠎ᠠ ᠶᠢᠨ ᠵᠥᠪᠯᠡᠯ ᠪᠠᠶᠢᠭᠤᠯᠬᠤ ᠶᠢ ᠵᠥᠪᠰᠢᠶᠡᠷᠡᠬᠦ ᠲᠤᠬᠠᠢ ᠡᠷᠢᠶᠡᠨ ᠬᠤᠳᠠ ᠶᠢᠨ ᠪᠠᠭᠠᠴᠤᠳ ᠤᠨ ᠠᠵᠢᠯ ᠤᠨ | ᠵᠥᠪᠯᠡᠯ ᠤᠨ ᠲᠣᠭᠲᠠᠭᠠᠯ︾ ᠢ ᠤᠩᠰᠢᠨ ᠨᠡᠶᠢᠲᠡᠯᠡᠪᠡ᠃ ᠳᠠᠷᠠᠭ᠎ᠠ ᠨᠢ᠂ ᠬᠤᠳᠠ ᠶᠢᠨ ᠪᠠᠭᠠᠴᠤᠳ ᠤᠨ ᠬᠤᠰᠢᠭᠤᠴᠢ | ᠠᠩᠭᠢ ᠶᠢᠨ ᠶᠡᠭᠡ ᠠᠩᠭᠢ᠂ ᠳᠤᠮᠳᠠ ᠠᠩᠭᠢ ᠶᠢᠨ ᠬᠠᠪᠰᠤᠷᠤᠨ ᠵᠢᠯᠣᠭᠤᠳᠤᠭᠴᠢ ᠳᠤ ᠤᠷᠢᠯᠭ᠎ᠠ ᠶᠢᠨ ᠪᠢᠴᠢᠭ | ᠭᠠᠷᠳᠠᠭᠤᠯᠬᠤ ᠶᠢᠨ ᠬᠠᠮᠲᠤ ᠲᠤᠭ ᠭᠠᠷᠳᠠᠭᠤᠯᠵᠠᠢ᠃ ᠪᠠᠭᠰᠢ ᠨᠠᠷ ᠤᠨ ᠠᠵᠢᠯᠯᠠᠭ᠎ᠠ ᠶᠢᠨ ᠲᠥᠪ ᠤᠨ ᠪᠠᠭᠠᠴᠤᠳ ᠤᠨ | ᠬᠤᠰᠢᠭᠤᠴᠢ ᠠᠩᠭᠢ ᠶᠢᠨ ᠶᠡᠭᠡ ᠠᠩᠭᠢ᠂ ᠳᠤᠮᠳᠠ ᠠᠩᠭᠢ ᠶᠢᠨ ᠬᠠᠪᠰᠤᠷᠤᠨ ᠵᠢᠯᠣᠭᠤᠳᠤᠭᠴᠢ ᠳᠤ ᠤᠷᠢᠯᠭ᠎ᠠ ᠶᠢᠨ | ᠪᠢᠴᠢᠭ ᠭᠠᠷᠳᠠᠭᠤᠯᠬᠤ ᠶᠢᠨ ᠬᠠᠮᠲᠤ ᠲᠤᠭ ᠭᠠᠷᠳᠠᠭᠤᠯᠵᠠᠢ᠃ | | | ᠲᠤᠬᠠᠢ ᠶᠢᠨ ᠲᠠᠯᠠᠪᠠᠢ ᠳᠤ ᠪᠠᠰᠠ ᠬᠤᠳᠠ ᠶᠢᠨ ᠵᠠᠯᠠᠭᠤᠴᠤᠳ ᠪᠠᠭᠠᠴᠤᠳ ᠤᠨ ᠬᠥᠳᠡᠯᠭᠡᠭᠡᠨ ᠤ ᠲᠥᠪ ᠤᠨ | ᠠᠩᠬᠠᠳᠤᠭᠠᠷ ᠬᠤᠭᠤᠴᠠᠭᠠᠨ ᠤ ᠪᠠᠭᠠᠴᠤᠳ ᠤᠨ ᠬᠤᠰᠢᠭᠤᠴᠢ ᠠᠩᠭᠢ ᠶᠢᠨ ᠠᠵᠢᠯ ᠤᠨ ᠵᠥᠪᠯᠡᠯ ᠤᠨ ᠭᠡᠰᠢᠭᠦᠨ᠂ | ᠡᠷᠬᠢᠯᠡᠭᠴᠢ᠂ ᠳᠡᠳ᠋ ᠡᠷᠬᠢᠯᠡᠭᠴᠢ ᠶᠢ ᠰᠣᠩᠭᠤᠨ ᠭᠠᠷᠭᠠᠪᠠ᠃ | | ᠰᠢᠨ᠎ᠡ ᠪᠠᠷ ᠰᠣᠩᠭᠤᠭᠳᠠᠭᠰᠠᠨ ᠵᠠᠯᠠᠭᠤᠴᠤᠳ ᠪᠠᠭᠠᠴᠤᠳ ᠤᠨ ᠬᠥᠳᠡᠯᠭᠡᠭᠡᠨ ᠤ ᠲᠥᠪ ᠤᠨ ᠪᠠᠭᠠᠴᠤᠳ ᠤᠨ | ᠠᠵᠢᠯ ᠤᠨ ᠵᠥᠪᠯᠡᠯ ᠤᠨ ᠡᠷᠬᠢᠯᠡᠭᠴᠢ ᠢᠯᠡᠷᠬᠡᠶᠢᠯᠡᠬᠦ ᠳᠡᠭᠡᠨ᠂ ᠬᠤᠲᠠ ᠶᠢᠨ ᠵᠠᠯᠠᠭᠤᠴᠤᠳ ᠪᠠᠭᠠᠴᠤᠳ ᠤᠨ | ᠠᠵᠢᠯᠯᠠᠭᠠᠨ ᠤ ᠲᠥᠪ ᠤᠨ ᠪᠠᠭᠠᠴᠤᠳ ᠤᠨ ᠠᠵᠢᠯ ᠤᠨ ᠵᠥᠪᠯᠡᠯ ᠪᠠᠶᠢᠭᠤᠯᠤᠭᠳᠠᠭᠰᠠᠨ ᠨᠢ ᠰᠤᠷᠭᠠᠭᠤᠯᠢ ᠶᠢᠨ | ᠭᠠᠳᠠᠨᠠᠬᠢ ᠪᠠᠭᠠᠴᠤᠳ ᠤᠨ ᠠᠵᠢᠯ ᠤᠨ ᠵᠥᠪᠯᠡᠯ ᠤᠨ ᠦᠨᠳᠦᠰᠦᠨ ᠡᠭᠦᠷᠭᠡ ᠪᠠ ᠲᠤᠰᠢᠶᠠᠯ ᠬᠠᠷᠢᠭᠤᠴᠠᠯᠭ᠎ᠠ ᠶᠢ | ᠲᠣᠳᠣᠷᠬᠠᠶᠢᠯᠠᠵᠤ᠂ ᠵᠠᠯᠠᠭᠤᠴᠤᠳ ᠪᠠᠭᠠᠴᠤᠳ ᠤᠨ ᠠᠵᠢᠯᠯᠠᠭᠠᠨ ᠤ ᠲᠥᠪ ᠤᠨ ᠪᠠᠭᠠᠴᠤᠳ ᠤᠨ ᠬᠤᠰᠢᠭᠤᠴᠢ | ᠠᠩᠭᠢ ᠶᠢᠨ ᠵᠣᠬᠢᠶᠠᠨ ᠪᠠᠶᠢᠭᠤᠯᠤᠯᠲᠠ ᠶᠢᠨ ᠰᠠᠭᠤᠷᠢ ᠶᠢ ᠪᠠᠬᠢᠵᠢᠭᠦᠯᠦᠨ ᠥᠷᠭᠡᠳᠬᠡᠵᠦ᠂ ᠪᠠᠭᠠᠴᠤᠳ ᠤᠨ | ᠬᠤᠰᠢᠭᠤᠴᠢ ᠠᠩᠭᠢ ᠶᠢᠨ ᠰᠤᠷᠭᠠᠭᠤᠯᠢ ᠶᠢᠨ ᠭᠠᠳᠠᠨᠠᠬᠢ ᠦᠢᠯᠡᠳᠦᠯᠭᠡ ᠶᠢᠨ ᠠᠵᠢᠯᠯᠠᠭᠠᠨ ᠤ ᠲᠠᠯᠠᠪᠤᠷ ᠢ ᠰᠠᠶᠢᠲᠤᠷ | ᠬᠡᠷᠡᠭᠯᠡᠨ᠂ ᠪᠠᠭᠠᠴᠤᠳ ᠬᠡᠦᠬᠡᠳ ᠤᠨ ᠡᠷᠡᠭᠦᠯ ᠢᠶᠠᠷ ᠦᠰᠦᠨ ᠪᠣᠶᠢᠵᠢᠬᠤ ᠳᠤ ᠦᠢᠯᠡᠴᠢᠯᠡᠬᠦ ᠴᠢᠳᠠᠪᠤᠷᠢ ᠶᠢ | ᠳᠡᠭᠡᠭᠰᠢᠯᠡᠭᠦᠯᠵᠦ᠂ ᠵᠠᠯᠠᠭᠤᠴᠤᠳ ᠪᠠᠭᠠᠴᠤᠳ ᠢ ᠭᠠᠯ ᠪᠠᠮᠪᠠᠷ ᠤᠨ ᠵᠢᠯᠣᠭᠤᠳᠤᠯᠭ᠎ᠠ ᠳᠣᠣᠷ᠎ᠠ ᠢᠳᠡᠷᠡᠭᠦᠨ ᠢᠶᠠᠷ | ᠥᠰᠬᠡᠨ ᠪᠣᠶᠢᠵᠢᠭᠤᠯᠬᠤ ᠪᠣᠯᠣᠨ᠎ᠠ᠃ | | |