︽ᠪᠢ ᠤᠯᠠᠨ ᠲᠦᠮᠡᠨ ᠳᠤ ᠪᠣᠳᠠᠲᠠᠢ ᠠᠵᠢᠯ ᠬᠢᠨ᠎ᠡ︾︕  ᠪᠥᠬᠦ ᠬᠤᠲᠠ ᠶᠢᠨ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠲᠠᠰ ᠳᠡᠪᠰᠢᠭᠦᠯᠬᠦ ᠠᠵᠢᠯ ᠶᠠᠪᠣᠭᠳᠠᠨ᠎ᠠ
ᠨᠡᠶᠢᠲᠡᠯᠡᠭᠰᠡᠨ ᠴᠠᠭ᠄
2022/5/20
    ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠢᠨᠵᠧᠨᠧᠷᠢᠩ ᠨᠢ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠬᠤ ᠪᠠᠷ ᠪᠠᠷᠠᠬᠤ ᠦᠭᠡᠢ ᠪᠠᠰᠠ ᠠᠷᠠᠳ ᠤᠨ ᠰᠡᠳᠬᠢᠯ ᠤᠨ ᠢᠨᠵᠧᠨᠧᠷᠢᠩ ᠪᠠᠶᠢᠵᠤ᠂ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠳᠡᠭᠡᠳᠦ ᠬᠡᠮᠵᠢᠶᠡᠨ ᠤ ᠠᠩᠬᠠᠷᠤᠯ ᠢ ᠲᠠᠲᠠᠭᠰᠠᠭᠠᠷ ᠢᠷᠡᠵᠠᠢ ᠃ ᠲᠦᠷᠦᠭᠦᠬᠡᠨ᠂ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠰᠠᠭᠤᠳᠠᠯ ᠤᠨ ᠬᠤᠷᠠᠯ ᠬᠤᠷᠠᠯᠳᠤᠭᠤᠯᠵᠤ᠂ ᠨᠡᠶᠢᠭᠡᠮ ᠲᠣᠭᠤᠷᠢᠭ᠂ ᠳᠠᠭᠠᠭᠠᠴᠢᠯᠠᠨ ᠬᠠᠷᠢᠭᠤᠴᠠᠭᠰᠠᠨ ᠨᠢᠭᠡᠴᠡ᠂ ᠰᠠᠭᠤᠭᠠᠯᠢ ᠠᠷᠠᠳ ᠤᠨ ᠲᠥᠯᠥᠭᠡᠯᠡᠭᠴᠢᠳ ᠢ ᠵᠣᠬᠢᠶᠠᠨ ᠪᠠᠶᠢᠭᠤᠯᠵᠤ ᠶᠢᠨ ᠬᠠᠢ ᠰᠠᠭᠤᠭᠠᠯᠢ ᠳᠣᠭᠤᠷᠢᠭ  ᠤᠨ ᠬᠤᠶᠢᠳᠦ  ᠰᠠᠭᠤᠭᠠᠯᠢ ᠲᠣᠭᠤᠷᠢᠭ ᠢ ᠥᠭᠡᠷᠡᠴᠢᠯᠡᠨ ᠪᠠᠶᠢᠭᠤᠯᠬᠤ ᠲᠤᠬᠠᠢ ᠰᠠᠨᠠᠯ ᠰᠠᠨᠠᠭᠤᠯᠭ᠎ᠠ ᠬᠤᠷᠢᠶᠠᠪᠠ᠃
    ᠶᠢᠨ ᠬᠠᠢ ᠰᠠᠭᠤᠭᠠᠯᠢ ᠳᠣᠭᠤᠷᠢᠭ ᠤᠨ ᠬᠤᠶᠢᠳᠦ ᠰᠠᠭᠤᠭᠠᠯᠢ ᠲᠣᠭᠤᠷᠢᠭ ᠢ 2005 ᠣᠨ ᠤ ᠰᠡᠭᠦᠯᠴᠢ ᠪᠠᠷ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠵᠤ᠂ ᠣᠷᠣᠵᠤ ᠰᠠᠭᠤᠭᠰᠠᠨ ᠨᠣᠷᠮ᠎ᠠ ᠨᠢ 97% ᠳᠤ ᠬᠦᠷᠴᠡᠢ᠃ ᠲᠣᠰ  ᠰᠠᠭᠤᠭᠠᠯᠢ ᠲᠣᠭᠤᠷᠢᠭ ᠠᠰᠢᠭᠯᠠᠯᠳᠠ ᠳᠤ ᠣᠷᠣᠭᠠᠳ ᠨᠢᠭᠡᠨᠲᠡ 17 ᠵᠢᠯ ᠪᠣᠯᠵᠦ ᠪᠠᠶᠢᠨ᠎ᠠ᠂ ᠪᠣᠬᠢᠷ ᠤᠰᠤᠨ ᠤ ᠬᠤᠭᠤᠯᠠᠢ ᠪᠥᠭᠯᠡᠷᠡᠬᠦ᠂ ᠢᠯᠴᠢ ᠬᠠᠩᠭᠠᠬᠤ ᠬᠤᠭᠤᠯᠠᠢ ᠶᠢᠨ ᠲᠣᠣᠷ ᠢᠳᠡᠭᠳᠡᠬᠦ᠂ ᠴᠠᠬᠢᠯᠭᠠᠨ ᠬᠦᠴᠦᠨ ᠤ ᠴᠠᠬᠢᠯᠭᠠᠨ  ᠣᠳᠠᠰᠦ ᠬᠠᠭᠤᠴᠢᠷᠠᠬᠤ ᠵᠡᠷᠭᠡ ᠪᠠᠶᠢᠳᠠᠯ ᠣᠷᠣᠰᠢᠵᠤ᠂ ᠰᠠᠭᠤᠭᠠᠯᠢ ᠠᠷᠠᠳ ᠤᠨ ᠠᠮᠢᠳᠤᠷᠠᠯ ᠳᠤ ᠮᠠᠰᠢ ᠣᠯᠠᠨ ᠳᠥᠭᠦᠮ ᠦᠭᠡᠢ ᠪᠠᠶᠢᠳᠠᠯ ᠢ ᠠᠪᠴᠢᠷᠠᠭᠰᠠᠨ ᠪᠠᠶᠢᠨ᠎ᠠ᠃
   ᠣᠳᠣᠬᠠᠨ ᠳᠤ᠂ ᠶᠢᠨ ᠬᠠᠢ ᠰᠠᠭᠤᠭᠠᠯᠢ ᠳᠣᠭᠤᠷᠢᠭ ᠤᠨ ᠬᠤᠶᠢᠳᠦ  ᠰᠠᠭᠤᠭᠠᠯᠢ ᠲᠣᠭᠤᠷᠢᠭ ᠨᠢᠭᠡᠨᠲᠡ ᠵᠢᠩᠬᠢᠨᠢ ᠪᠠᠷ ᠥᠭᠡᠷᠡᠴᠢᠯᠡᠯᠲᠡ ᠶᠢᠨ ᠱᠠᠲᠤᠨ ᠳᠤ ᠣᠷᠣᠵᠠᠢ᠃ ᠰᠤᠷᠪᠤᠯᠵᠢᠯᠠᠭᠴᠢ ᠲᠤᠰ ᠰᠠᠭᠤᠭᠠᠯᠢ ᠠᠷᠠᠳ ᠤᠨ ᠲᠣᠭᠤᠷᠢᠭ ᠲᠤ ᠬᠦᠷᠦᠭᠰᠡᠨ ᠤ ᠳᠠᠷᠠᠭ᠎ᠠ᠂ ᠰᠠᠭᠤᠭᠠᠯᠢ ᠠᠷᠠᠳ ᠤᠨ ᠲᠣᠭᠤᠷᠢᠭ ᠤᠨ ᠡᠭᠦᠳᠡᠨ ᠳᠡᠭᠡᠷ᠎ᠡ 2022 ᠣᠨ ᠤ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠲᠦᠷᠦᠯ ᠵᠦᠢᠯ ᠤᠨ ᠲᠡᠮᠳᠡᠭ ᠢ ᠡᠯᠭᠦᠵᠦ᠂ ᠳᠣᠳᠣᠷ ᠬᠡᠷᠡᠮ ᠳᠡᠭᠡᠷ᠎ᠡ ᠨᠢ ᠪᠠᠷᠢᠯᠭ᠎ᠠ ᠶᠢᠨ ᠠᠵᠢᠯ ᠤᠨ ᠮᠡᠳᠡᠭᠳᠡᠯ ᠵᠢᠴᠢ ᠪᠠᠷᠢᠯᠭ᠎ᠠ ᠶᠢᠨ ᠠᠵᠢᠯ ᠤᠨ ᠠᠭᠤᠯᠭ᠎ᠠ ᠶᠢ ᠨᠠᠭᠠᠭᠠᠭᠰᠠᠨ ᠢ ᠣᠯᠵᠤ ᠬᠠᠷᠠᠵᠠᠢ᠃ 30 ᠭᠠᠷᠤᠢ ᠠᠵᠢᠯᠴᠢᠨ ᠠᠵᠢᠯ ᠤᠨ ᠬᠤᠪᠢᠶᠠᠷᠢ ᠪᠠᠷ ᠢᠶᠠᠨ ᠶᠠᠭᠠᠷᠠᠯᠳᠤᠵᠤ ᠪᠠᠶᠢᠯ᠎ᠠ᠃ ᠲᠡᠳᠡᠨ ᠤ ᠵᠠᠷᠢᠮ ᠨᠢ ᠤᠬᠤᠭᠤᠷ ᠮᠠᠰᠢᠨ ᠤ ᠠᠵᠢᠯᠯᠠᠭᠴᠢ ᠶᠢ ᠬᠠᠪᠰᠤᠷᠤᠨ ᠤᠷᠢᠳᠴᠢᠯᠠᠨ ᠬᠢᠭᠰᠡᠨ ᠪᠣᠬᠢᠷ ᠤᠰᠤᠨ ᠤ ᠬᠤᠳᠳᠤᠭ ᠢ ᠳᠡᠭᠦᠵᠢᠯᠡᠨ ᠤᠭᠰᠠᠷᠠᠵᠤ᠂ ᠵᠠᠷᠢᠮ ᠨᠢ ᠬᠤᠣᠷ ᠠᠴᠠ ᠰᠡᠷᠭᠡᠶᠢᠯᠡᠬᠦ ᠪᠠᠭ ᠢᠶᠠᠨ ᠵᠡᠭᠦᠵᠦ᠂ ᠬᠤᠳᠳᠤᠭ ᠲᠤ ᠣᠷᠣᠵᠤ ᠤᠰᠤ ᠵᠠᠯᠠᠨ᠂ ᠲᠠᠷᠠᠭᠠᠴᠢ ᠶᠢᠨ ᠠᠯᠬᠤᠮ ᠤᠨ ᠬᠤᠭᠤᠯᠠᠢ ᠶᠢ ᠰᠣᠯᠢᠬᠤ ᠳᠤ ᠪᠡᠯᠡᠳᠬᠡᠯ ᠬᠢᠵᠦ ᠪᠠᠶᠢᠨ᠎ᠠ᠃ ᠪᠠᠷᠢᠯᠭ᠎ᠠ ᠪᠠᠷᠢᠬᠤ ᠨᠢᠭᠡᠴᠡ᠂ ᠬᠢᠨᠠᠨ ᠬᠠᠮᠢᠶᠠᠷᠬᠤ ᠨᠢᠭᠡᠴᠡ   ᠶᠢᠨ ᠬᠠᠷᠢᠭᠤᠴᠠᠯᠭᠠᠲᠠᠨ   ᠠᠴᠠ ᠲᠤᠬᠠᠢ   ᠶᠢᠨ ᠲᠠᠯᠠᠪᠠᠶ   ᠶᠢᠨ ᠪᠠᠷᠢᠯᠭ᠎ᠠ   ᠶᠢᠨ ᠠᠵᠢᠯ   ᠢ ᠬᠢᠨᠠᠨ ᠵᠢᠯᠤᠭᠤᠳᠴᠤ᠂ ᠠᠵᠢᠯᠯᠠᠵᠤ ᠪᠠᠶᠢᠭ᠎ᠠ ᠠᠵᠢᠯᠴᠢᠳ ᠤᠨ ᠠᠮᠤᠷ ᠲᠦᠪᠰᠢᠨ   ᠢᠶᠠᠷ ᠵᠢᠷᠤᠮᠵᠢᠭᠤᠯᠤᠨ ᠠᠵᠢᠯᠯᠠᠬᠤ   ᠶᠢ ᠬᠢᠨᠠᠨ ᠵᠢᠯᠣᠭᠤᠳᠣᠨ᠎ᠠ᠃
   ᠪᠠᠷᠢᠯᠭ᠎ᠠ ᠪᠠᠷᠢᠬᠤ ᠨᠢᠭᠡᠴᠡ ᠥᠪᠥᠷ ᠮᠣᠩᠭᠤᠯ ᠤᠨ ᠲᠢᠶᠠᠨ ᠴᠢᠨ ᠪᠠᠷᠢᠯᠭ᠎ᠠ ᠢᠨᠵᠧᠨᠧᠷᠢᠩ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠠᠷᠢᠭᠤᠴᠠᠯᠭᠠᠲᠠᠨ ᠶᠣᠣ ᠵᠢᠶᠠᠨ ᠠᠴᠠ᠂ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠰᠠᠭᠤᠳᠠᠯ ᠤᠨ ᠬᠤᠷᠠᠯ ᠬᠢᠵᠦ ᠲᠥᠰᠥᠯ ᠲᠣᠭᠲᠠᠭᠠᠭᠰᠠᠨ ᠤ ᠳᠠᠷᠠᠭ᠎ᠠ ᠳᠠᠷᠤᠢ ᠥᠭᠡᠷᠡᠴᠢᠯᠡᠬᠦ ᠠᠵᠢᠯ ᠢᠶᠠᠨ ᠡᠬᠢᠯᠡᠭᠦᠯᠦᠨ᠎ᠡ ᠭᠡᠵᠡᠢ᠃ ᠣᠳᠣᠬᠠᠨ ᠳᠤ᠂ ᠰᠠᠭᠤᠭᠠᠯᠢ ᠠᠷᠠᠳ ᠤᠨ ᠲᠣᠭᠤᠷᠢᠭ ᠤᠨ ᠬᠡᠰᠡᠭ ᠬᠠᠭᠤᠴᠢᠨ ᠬᠠᠳᠠᠭᠤᠵᠢᠭᠤᠯᠣᠭᠰᠠᠨ ᠲᠥᠬᠦᠭᠡᠷᠦᠮᠵᠢ ᠶᠢ ᠨᠤᠷᠠᠭᠠᠬᠤ ᠶᠢᠨ ᠬᠠᠮᠲᠤ ᠪᠣᠬᠢᠷ ᠤᠰᠤᠨ ᠤ ᠬᠤᠭᠤᠯᠠᠢ ᠶᠢᠨ ᠲᠣᠣᠷ ᠲᠤ ᠥᠭᠡᠷᠡᠴᠢᠯᠡᠯᠲᠡ ᠬᠢᠵᠦ ᠪᠠᠶᠢᠨ᠎ᠠ᠃ ᠬᠠᠳᠠᠭᠤᠵᠢᠭᠤᠯᠣᠭᠰᠠᠨ ᠳᠦᠬᠦᠭᠡᠷᠦᠮᠵᠢ ᠶᠢ ᠨᠤᠷᠠᠭᠠᠬᠤ ᠠᠵᠢᠯ ᠤᠨ 70% ᠶᠢ ᠨᠢᠭᠡᠨᠲᠡ ᠪᠡᠶᠡᠯᠡᠭᠦᠯᠵᠦ᠂ ᠪᠣᠬᠢᠷ ᠤᠰᠤᠨ ᠤ ᠬᠤᠭᠤᠯᠠᠢ ᠶᠢᠨ ᠲᠣᠣᠷ ᠤᠨ ᠥᠭᠡᠷᠡᠴᠢᠯᠡᠯᠲᠡ ᠶᠢ 5 ᠰᠠᠷ᠎ᠠ ᠶᠢᠨ 16 ᠤ ᠡᠳᠦᠷ ᠠᠴᠠ ᠡᠬᠢᠯᠡᠭᠦᠯᠪᠡ᠃ ᠵᠠᠯᠭᠠᠭᠠᠳ ᠪᠠᠰᠠ ᠲᠠᠪᠤᠨ ᠬᠡᠰᠡᠭ ᠤᠨ ᠥᠭᠡᠷᠡᠴᠢᠯᠡᠬᠦ ᠠᠭᠤᠯᠭ᠎ᠠ ᠶᠢ ᠪᠠᠷᠤᠭ 30 ᠡᠳᠦᠷ ᠤᠨ ᠳᠣᠲᠣᠷ᠎ᠠ ᠪᠥᠬᠦᠳᠡ ᠶᠢ ᠳᠠᠭᠤᠰᠬᠠᠬᠤ ᠪᠠᠷ ᠵᠢᠱᠢᠵᠦ ᠪᠠᠶᠢᠨ᠎ᠠ ᠭᠡᠵᠦ ᠳᠠᠨᠢᠯᠴᠠᠭᠤᠯᠪᠠ᠃
    ᠣᠶᠢᠯᠠᠭᠠᠭᠰᠠᠨ ᠢᠶᠠᠷ᠂ ᠲᠣᠰ ᠰᠠᠭᠤᠭᠠᠯᠢ ᠲᠣᠭᠤᠷᠢᠭ ᠤᠨ ᠥᠭᠡᠷᠡᠴᠢᠯᠡᠨ ᠪᠠᠶᠢᠭᠤᠯᠬᠤ ᠲᠥᠷᠥᠯ ᠵᠦᠢᠯ ᠢ ᠭᠡᠷ ᠤᠨ ᠭᠠᠳᠠᠨᠠᠬᠢ ᠤᠰᠤ ᠵᠠᠯᠠᠬᠤ᠂ ᠭᠡᠷ ᠤᠨ ᠭᠠᠳᠠᠨᠠᠬᠢ ᠳᠤᠯᠠᠭᠠᠯᠠᠬᠤ ᠬᠤᠶᠠᠳᠠᠭᠢ ᠤᠳᠠᠭᠠᠨ ᠤ ᠬᠤᠭᠤᠯᠠᠢ ᠶᠢᠨ ᠲᠣᠣᠷ ᠤᠨ ᠥᠭᠡᠷᠡᠴᠢᠯᠡᠯᠲᠡ᠂ ᠭᠡᠷ ᠤᠨ ᠭᠠᠳᠠᠨᠠᠬᠢ ᠭᠤᠣᠯ ᠤᠰᠤ ᠬᠠᠩᠭᠠᠬᠤ ᠬᠤᠭᠤᠯᠠᠢ ᠶᠢᠨ ᠲᠣᠣᠷ ᠤᠨ ᠥᠭᠡᠷᠡᠴᠢᠯᠡᠯᠲᠡ᠂ ᠪᠠᠭᠤᠷᠠᠢ ᠴᠠᠬᠢᠯᠭᠠᠨ ᠵᠢᠴᠢ ᠬᠢᠨᠠᠨ ᠡᠵᠡᠮᠳᠡᠬᠦ ᠢᠨᠵᠧᠨᠧᠷᠢᠩ᠂ ᠭᠡᠷᠡᠯᠲᠦᠭᠦᠯᠭᠡ ᠶᠢᠨ ᠢᠨᠵᠧᠨᠧᠷᠢᠩ ᠵᠢᠴᠢ ᠴᠢᠩᠭ᠎ᠠ ᠴᠠᠬᠢᠯᠭᠠᠨ ᠤ ᠢᠨᠵᠧᠨᠧᠷᠢᠩ᠂ ᠰᠠᠭᠤᠭᠠᠯᠢ ᠲᠣᠭᠤᠷᠢᠭ ᠤᠨ ᠬᠦᠷᠢᠶᠡᠨ ᠳᠣᠲᠣᠷᠠᠬᠢ ᠬᠠᠲᠠᠭᠤᠷᠠᠭᠤᠯᠤᠨ ᠨᠣᠭᠤᠭᠠᠷᠠᠭᠤᠯᠬᠤ ᠵᠢᠴᠢ ᠬᠦᠷᠢᠶ᠎ᠡ ᠬᠡᠷᠡᠮ ᠤᠨ ᠢᠨᠵᠧᠨᠧᠷᠢᠩ᠂ ᠭᠠᠯ ᠤᠨᠲᠠᠷᠠᠭᠠᠬᠤ ᠵᠢᠴᠢ ᠠᠮᠢᠳᠤᠷᠠᠯ ᠤᠨ ᠬᠤᠭ ᠨᠣᠪᠰᠢ ᠶᠢᠨ ᠠᠩᠭᠢᠯᠠᠯ ᠵᠡᠷᠭᠡ ᠲᠤᠯᠤᠭᠠᠨ ᠬᠡᠰᠡᠭ ᠲᠤ ᠬᠤᠪᠢᠶᠠᠨ᠎ᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号